︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽ᠲᠡᠦᠬᠡ ᠪᠠᠷ ᠲᠣᠯᠢ ᠪᠣᠯᠭᠠᠵᠤ ᠲᠡᠦᠬᠡ ᠪᠠᠷ ᠵᠤᠷᠢᠭ ᠢᠶᠠᠨ ᠬᠦᠪᠴᠢᠯᠠᠵᠤ ᠲᠡᠦᠬᠡ ᠶᠢ ᠤᠢᠢᠯᠠᠭᠠᠨ ᠨᠠᠮ ᠢᠶᠠᠨ ᠬᠠᠶᠢᠷᠠᠯᠠᠵᠤ ᠲᠡᠦᠬᠡ ᠶᠢ ᠤᠢᠢᠯᠠᠭᠠᠨ ᠤᠯᠤᠰ ᠢᠶᠠᠨ ᠬᠠᠶᠢᠷᠠᠯᠠᠶ᠎ᠡ︾ ᠭᠡᠬᠦ ᠴᠢᠬᠤᠯᠠ ᠵᠤᠬᠢᠶᠠᠯ ᠢ ᠨᠡᠶᠢᠳᠡᠯᠡᠪᠡ
ᠨᠡᠶᠢᠲᠡᠯᠡᠭᠰᠡᠨ ᠴᠠᠭ᠄
2021/6/16
     ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 15 ᠤ ᠴᠠᠬᠢᠯᠭᠠᠨ ᠮᠡᠳᠡᠭᠡ 6 ᠰᠠᠷ᠎ᠠ ᠶᠢᠨ 16 ᠤ ᠡᠳᠦᠷ ᠬᠡᠪᠯᠡᠭᠳᠡᠭᠰᠡᠨ 12 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ       ︽ᠲᠡᠦᠬᠡ ᠪᠠᠷ ᠲᠤᠯᠢ ᠪᠣᠯᠭᠠᠵᠤ᠂ ᠲᠡᠦᠬᠡ ᠪᠠᠷ ᠵᠤᠷᠢᠭ ᠢᠶᠠᠨ ᠬᠦᠪᠴᠢᠯᠠᠵᠤ᠂ ᠲᠡᠦᠬᠡ ᠶᠢ ᠤᠢᠢᠯᠠᠭᠠᠨ ᠨᠠᠮ ᠢᠶᠠᠨ ᠬᠠᠶᠢᠷᠠᠯᠠᠵᠤ᠂ ᠲᠡᠦᠬᠡ ᠶᠢ ᠤᠢᠢᠯᠠᠭᠠᠨ ᠤᠯᠤᠰ ᠢᠶᠠᠨ ᠬᠠᠶᠢᠷᠠᠯᠠᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃      ᠵᠣᠬᠢᠶᠠᠯ ᠳᠤ᠂ ᠲᠡᠦᠬᠡ ᠪᠣᠯ ᠬᠠᠮᠤᠭ ᠤᠨ ᠰᠠᠶᠢᠨ ᠰᠤᠷᠬᠤ ᠪᠢᠴᠢᠭ ᠮᠥᠨ᠃ ᠮᠠᠨ ᠤ ᠨᠠᠮ ᠪᠠ ᠤᠯᠤᠰ ᠤᠨ ᠠᠵᠢᠯ ᠦᠢᠯᠡᠰ ᠤᠨ ᠦᠩᠭᠡᠷᠡᠭᠰᠡᠨ ᠤᠳᠤ ᠢᠷᠡᠭᠡᠳᠦᠢ ᠶᠢ ᠣᠶᠢᠯᠠᠭᠠᠵᠤ᠂ ᠮᠠᠨ ᠤ ᠨᠠᠮ ᠪᠠ ᠤᠯᠤᠰ ᠤᠨ ᠲᠡᠦᠬᠡᠨ ᠲᠤᠷᠰᠢᠯᠭ᠎ᠠ ᠶᠢ ᠰᠢᠩᠭᠡᠭᠡᠨ ᠠᠪᠴᠤ᠂ ᠨᠠᠮ ᠪᠠ ᠤᠯᠤᠰ ᠤᠨ ᠲᠡᠦᠬᠡᠨ ᠳᠡᠭᠡᠷᠡᠬᠢ ᠴᠢᠬᠤᠯᠠ ᠶᠡᠭᠡ ᠬᠡᠷᠡᠭ ᠶᠠᠪᠤᠳᠠᠯ ᠪᠠ ᠴᠢᠬᠤᠯᠠ ᠬᠥᠮᠦᠰ ᠢ ᠵᠥᠪ ᠣᠶᠢᠯᠠᠭᠠᠬᠤ ᠬᠡᠷᠡᠭᠲᠡᠢ᠃ ᠡᠨᠡ ᠨᠢ ᠨᠠᠮ ᠤᠨ ᠪᠠᠶᠢᠳᠠᠯ᠂ ᠤᠯᠤᠰ ᠤᠨ ᠪᠠᠶᠢᠳᠠᠯ ᠢ ᠵᠥᠪ ᠢᠶᠠᠷ ᠲᠠᠨᠢᠬᠤ ᠳᠤ ᠲᠦᠢᠯ ᠤᠨ ᠴᠢᠬᠤᠯᠨ ᠪᠥᠭᠡᠳ ᠢᠷᠡᠭᠡᠳᠦᠢ ᠶᠢ ᠴᠤᠬᠴᠠᠯᠠᠬᠤ ᠳᠤ ᠴᠦ ᠲᠦᠢᠯ ᠤᠨ ᠴᠢᠬᠤᠯᠠ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠶᠠᠭᠤᠨ ᠤ ᠤᠴᠢᠷ ᠠᠴᠠ ︽ᠲᠠᠶᠢᠯᠬᠦ︾᠂ ᠮᠠᠷᠺᠰ ᠤᠨ ᠦᠵᠡᠯ ᠶᠠᠭᠤᠨ ᠤ ᠤᠴᠢᠷ ᠠᠴᠠ ︽ᠪᠣᠯᠬᠤ︾᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠤᠨ ᠤ ᠤᠴᠢᠷ ᠠᠴᠠ ︽ᠰᠠᠶᠢᠨ︾ ᠪᠠᠶᠢᠬᠤ ᠵᠡᠷᠭᠡ ᠴᠢᠬᠤᠯᠠ ᠶᠡᠭᠡ ᠠᠰᠠᠭᠤᠳᠠᠯ ᠤᠨ ᠲᠤᠭᠤᠷᠢᠨ ᠳᠤ᠂ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠴᠢᠩᠭᠠᠳᠬᠠᠨ᠂ ᠥᠷᠭᠡᠨ ᠤᠯᠠᠨ ᠺᠠᠳ᠋ᠷ ᠤᠯᠠᠨ ᠲᠦᠮᠡᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠨᠢ ᠪᠠᠲᠤᠳᠬᠠᠵᠤ᠂ ᠪᠦᠬᠦ ᠠᠷᠠᠳ ᠲᠦᠮᠡᠨ ᠤ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠯᠤᠲᠤ ᠶᠡᠭᠡ ᠬᠠᠯᠠᠭᠤᠨ ᠰᠡᠳᠬᠢᠯᠭᠡ ᠶᠢ ᠤᠯᠠᠮ ᠴᠢᠨᠠᠬᠰᠢᠳᠠ ᠬᠥᠭᠵᠢᠭᠡᠬᠦ ᠬᠡᠷᠡᠭᠲᠡᠢ ᠭᠡᠵᠤ ᠴᠢᠬᠤᠯᠠᠴᠢᠯᠠᠪᠠ᠃      ᠵᠣᠬᠢᠶᠠᠯ ᠳᠤ᠂ ᠳᠤᠮᠳᠠᠳᠤ ᠤᠯᠤᠰ ᠲᠤ ᠳᠤᠮᠳᠠᠳᠤ ᠤᠯᠤᠰ ᠤᠨ ᠡᠪ ᠬᠠᠮᠲᠤ ᠨᠠᠮ ᠲᠦᠷᠦ ᠪᠠᠷᠢᠭᠰᠠᠨ ᠨᠢ ᠳᠤᠮᠳᠠᠳᠤ ᠤᠯᠤᠰ᠂ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ ᠤ ᠨᠢᠭᠡᠨ ᠠᠵᠠ ᠲᠠᠢ ᠶᠠᠪᠤᠳᠠᠯ ᠪᠣᠯᠤᠨ᠎ᠠ᠃ ᠪᠢᠳᠠ ᠳᠤᠮᠳᠠᠳᠤ ᠤᠯᠤᠰ ᠤᠨ ᠣᠷᠴᠢᠨ ᠦᠶ᠎ᠡ ᠶᠢᠨ ᠲᠡᠦᠬᠡ᠂ ᠳᠤᠮᠳᠠᠳᠤ ᠤᠯᠤᠰ ᠤᠨ ᠤᠳᠦ ᠦᠶ᠎ᠡ ᠶᠢᠨ ᠲᠡᠦᠬᠡ᠂ ᠳᠤᠮᠳᠠᠳᠤ ᠤᠯᠤᠰ ᠤᠨ ᠬᠤᠪᠢᠰᠬᠠᠯ ᠤᠨ ᠲᠡᠦᠬᠡ ᠶᠢ ᠭᠦᠨᠵᠡᠭᠡᠢ ᠣᠶᠢᠯᠠᠭᠠᠳᠠᠭ ᠯᠠ ᠶᠤᠮ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠᠶᠢᠭᠰᠠᠨ ᠤᠢᠭᠡᠢ ᠪᠣᠯ ᠮᠠᠨ ᠤ ᠤᠯᠤᠰ᠂ ᠮᠠᠨ ᠤ ᠦᠨᠳᠦᠰᠦᠲᠡᠨ ᠥᠨᠥᠳᠦᠷ ᠤᠨ ᠰᠢᠭ ᠡᠶᠢᠮᠦ ᠠᠮᠵᠢᠯᠲᠠ ᠪᠦᠲᠦᠮᠵᠢ ᠣᠯᠵᠤ ᠴᠢᠳᠠᠬᠤ ᠤᠢᠭᠡᠢ᠂ ᠥᠨᠥᠳᠦᠷ ᠤᠨ ᠰᠢᠭ ᠡᠶᠢᠮᠦ ᠳᠡᠯᠡᠬᠡᠢ ᠶᠢᠨ ᠪᠠᠶᠢᠷᠢ ᠰᠠᠭᠤᠷᠢ ᠲᠠᠢ ᠪᠠᠶᠢᠵᠤ ᠴᠤ ᠴᠢᠳᠠᠬᠤ ᠤᠢᠭᠡᠢ ᠭᠡᠳᠡᠭ ᠢ ᠠᠮᠠᠷᠬᠠᠨ ᠮᠡᠳᠡᠵᠦ ᠪᠣᠯᠤᠨ᠎ᠠ᠃ ᠨᠠᠮ ᠤᠨ ᠶᠠᠪᠤᠵᠤ ᠥᠩᠭᠡᠷᠡᠭᠰᠡᠨ ᠤᠷᠪᠠᠭᠠᠨ ᠬᠥᠷᠪᠡᠭᠡᠨ ᠲᠠᠢ ᠲᠡᠦᠬᠡ ᠶᠢᠨ ᠳᠤᠮᠳᠠ ᠠᠴᠠ᠂ ᠨᠠᠮ ᠤᠨ ᠡᠭᠦᠳᠦᠨ ᠨᠡᠭᠡᠭᠡᠭᠰᠡᠨ ᠪᠠ ᠲᠡᠰᠦᠷᠡᠯᠳᠠ ᠤᠢᠭᠡᠢ ᠠᠬᠢᠭᠤᠯᠤᠭᠰᠠᠨ ᠠᠭᠤᠤ ᠶᠡᠭᠡ ᠦᠢᠯᠡᠰ ᠤᠨ ᠳᠤᠮᠳᠠ ᠠᠴᠠ᠂ ᠨᠠᠮ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠪᠣᠯᠤᠨ ᠤᠷᠳᠦ ᠬᠤᠭᠤᠴᠠᠭᠠᠨ ᠤ ᠦᠢᠯᠡᠳᠦᠯᠭᠡ ᠶᠢᠨ ᠳᠤᠮᠳᠠ ᠠᠴᠠ ᠨᠠᠮ ᠤᠨ ᠲᠤᠬᠠᠢ ᠢᠲᠡᠭᠡᠯ ᠨᠠᠶᠢᠳᠠᠪᠤᠷᠢ ᠪᠠᠨ ᠭᠦᠨᠵᠡᠭᠡᠶᠢᠷᠡᠭᠦᠯᠵᠦ᠂ ᠨᠠᠮ ᠤᠨ ᠤᠳᠤᠷᠢᠳᠤᠯᠭ᠎ᠠ ᠶᠢᠨ ᠲᠤᠬᠠᠢ ᠢᠲᠡᠭᠡᠯ ᠵᠣᠷᠢᠭ ᠢᠶᠠᠨ ᠪᠠᠲᠤᠳᠬᠠᠬᠤ ᠪᠠᠷ ᠴᠢᠷᠮᠠᠶᠢᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠡᠨᠡᠬᠦ ᠴᠢᠬᠤᠯᠠ ᠶᠡᠭᠡ ᠵᠠᠷᠴᠢᠮ ᠤᠨ ᠠᠰᠠᠭᠤᠳᠠᠯ ᠳᠡᠭᠡᠷ᠎ᠡ᠂ ᠪᠢᠳᠡ ᠲᠠᠷᠢᠬᠢ ᠲᠣᠯᠣᠭᠠᠢ ᠪᠠᠨ ᠳᠣᠶᠢᠯ ᠤᠨ ᠰᠡᠷᠭᠡᠭ ᠪᠠᠶᠢᠯᠭᠠᠵᠤ᠂ ᠨᠢᠳᠦ ᠪᠠᠨ ᠣᠨᠴᠠ ᠬᠢᠷᠠᠬᠠᠢ ᠪᠠᠶᠢᠯᠭᠠᠵᠤ᠂ ᠵᠣᠭᠰᠣᠯᠲᠠ ᠪᠠᠨ ᠣᠨᠴᠠ ᠡᠷᠡᠰ ᠪᠠᠲᠤ ᠪᠠᠶᠢᠯᠭᠠᠬᠤ ᠬᠡᠷᠡᠭᠲᠡᠢ᠂ ᠶᠠᠭᠠᠬᠢᠭᠰᠠᠨ ᠴᠤ ᠬᠠᠰᠢ ᠶᠠᠰᠢ ᠪᠠᠶᠢᠵᠤ ᠪᠣᠯᠬᠤ ᠦᠭᠡᠢ ᠪᠥᠭᠡᠳ ᠭᠤᠶᠢᠪᠢᠯᠵᠠᠵᠤ ᠪᠣᠯᠬᠤ ᠦᠭᠡᠢ ᠭᠡᠪᠠ᠃      ᠵᠣᠬᠢᠶᠠᠯ ᠳᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠲᠡᠦᠬᠡ ᠪᠠ ᠠᠷᠠᠳ ᠲᠦᠮᠡᠨ ᠶᠠᠭᠤᠨ ᠤ ᠤᠴᠢᠷ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠢ ᠰᠣᠩᠭᠤᠭᠰᠠᠨ᠂ ᠶᠠᠭᠤᠨ ᠳᠤ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢ ᠬᠥᠮᠦᠰ ᠲᠤ ᠭᠦᠨᠵᠡᠭᠡᠢ ᠤᠢᠢᠯᠠᠭᠠᠭᠤᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠪᠣᠯᠤᠨ ᠠᠷᠠᠳ ᠤᠯᠠᠨ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ ᠶᠢ ᠰᠠᠶᠢᠲᠤᠷ ᠰᠤᠷᠤᠯᠴᠠᠨ ᠣᠶᠢᠯᠠᠭᠠᠵᠤ᠂ ᠨᠠᠮ ᠠᠴᠠ ᠠᠷᠠᠳ ᠲᠦᠮᠡᠨ ᠢ ᠤᠳᠤᠷᠢᠳᠤᠨ ᠡᠭᠦᠳᠦᠨ ᠪᠠᠶᠢᠭᠤᠯᠤᠭᠰᠠᠨ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠰᠠᠬᠢᠨ ᠬᠠᠮᠠᠭᠠᠯᠠᠵᠤ᠂ ᠦᠶ᠎ᠡ ᠶᠢᠨ ᠦᠶ᠎ᠡ ᠳᠡᠭᠡᠨ ᠤᠯᠠᠮᠵᠢᠯᠠᠨ ᠵᠠᠯᠭᠠᠮᠵᠢᠯᠠᠬᠤ ᠬᠡᠷᠡᠭᠲᠡᠢ ᠭᠡᠪᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号