ᠰᠢ ᠶᠢᠨ ᠫᠢᠩ ᠵᠢᠶᠠᠩᠰᠦ ᠮᠤᠵᠢ ᠶᠢᠨ ᠬᠤᠸᠠᠢ ᠠᠨ ᠬᠤᠲᠠ ᠶᠢᠨ ᠰᠢᠨ ᠠᠨ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠬᠠᠷᠢᠭᠤ ᠵᠠᠬᠢᠲᠠᠯ ᠢᠯᠡᠭᠡᠵᠤ ᠲᠣᠰ ᠪᠡᠶ᠎ᠡ ᠶᠢᠨ ᠦᠰᠦᠨ ᠪᠤᠶᠢᠵᠢᠯᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠡᠦᠬᠡ ᠶᠢ ᠰᠠᠶᠢᠲᠤᠷ ᠰᠤᠷᠤᠯᠴᠠᠵᠤ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠡᠷᠴᠢ ᠵᠣᠷᠢᠭ ᠢᠶᠠᠨ ᠪᠠᠲᠤᠳᠬᠠᠭᠠᠷᠠᠢ ᠭᠡᠵᠦ ᠵᠤᠷᠢᠡᠡᠵᠢᠭᠤᠯᠪᠠ ᠪᠥᠬᠦ ᠤᠯᠤᠰ ᠤᠨ ᠪᠠᠭᠠᠴᠤᠳ ᠬᠡᠦᠬᠡᠳ ᠲᠤ ︽6 · 1︾ ᠤ ᠳᠡᠯᠡᠬᠡᠶ ᠶᠢᠨ ᠬᠡᠦᠬᠡᠳ ᠤᠨ ᠪᠠᠶᠠᠷ ᠤᠨ ᠡᠳᠦᠷ ᠤᠨ ᠵᠦᠩᠨᠡᠯ ᠳᠡᠪᠰᠢᠭᠦᠯᠪᠡ
ᠨᠡᠶᠢᠲᠡᠯᠡᠭᠰᠡᠨ ᠴᠠᠭ᠄
2021/6/2
     ᠰᠢᠨᠬᠤᠸᠠ ᠬᠤᠷᠢᠶᠠᠠ ᠤ ᠪᠡᠭᠡᠵᠢᠩ ᠤᠨ 5 ᠰᠠᠷ᠎ᠠ ᠶᠢᠨ 31 ᠤ ᠴᠠᠬᠢᠯᠭᠠᠠ ᠮᠡᠲᠡᠭᠡ ︽6 · 1︾ ᠤ ᠲᠡᠯᠡᠭᠡᠢ ᠶᠢᠨ ᠬᠡᠤᠬᠡᠳ ᠤᠨ ᠪᠠᠶᠠᠷ ᠬᠦᠷᠴᠤ ᠢᠷᠡᠬᠦ ᠲᠠᠰᠢᠷᠠᠮ ᠢᠶᠠᠷ᠂ ᠨᠠᠮ ᠤᠨ ᠲᠦᠪ ᠬᠤᠷᠢᠶᠠᠠ ᠤ ᠶᠡᠷᠦᠩᠭᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 30 ᠤ ᠡᠲᠦᠷ ᠵᠢᠶᠠᠩᠰᠦ ᠮᠤᠵᠢ ᠶᠢᠨ ᠬᠤᠸᠠᠢ ᠠᠨ ᠬᠤᠲᠠ ᠶᠢᠨ ᠰᠢᠨ ᠠᠨ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠬᠠᠷᠢᠭᠤ ᠵᠠᠬᠢᠲᠠᠯ ᠢᠯᠡᠭᠡᠵᠦ᠂ ᠲᠡᠲᠡᠡ ᠢ ᠲᠤᠲᠤᠨᠤ ᠪᠠᠷ ᠵᠤᠷᠢᠠᠠᠵᠢᠭᠤᠯᠤᠭᠰᠠᠠ ᠪᠦᠭᠡᠳ ᠲᠡᠲᠡ ᠪᠤᠯᠤᠨ ᠪᠦᠬᠦ ᠤᠯᠤᠰ ᠤᠨ ᠪᠠᠭᠠᠴᠤᠳ ᠬᠡᠦᠬᠡᠳ ᠲᠤ ᠪᠠᠶᠠᠷ ᠤᠨ ᠡᠲᠦᠷ ᠤᠨ ᠵᠦᠩᠨᠡᠯ ᠳᠡᠪᠰᠢᠭᠦᠯᠪᠡ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠᠨ ᠤ ᠰᠤᠷᠭᠠᠭᠤᠯᠢ ᠪᠣᠯ ︽ᠰᠢᠨ ᠠᠨ ᠤ ᠠᠶᠠᠯᠠᠯ ᠤᠨ ᠪᠦᠯᠬᠦᠮ︾ ᠤᠨ ᠡᠬᠡ ᠰᠤᠷᠭᠠᠭᠤᠯᠢ ᠮᠥᠨ᠂ ᠲᠠ ᠨᠠᠷ ᠵᠠᠬᠢᠳᠠᠯ ᠳᠠᠭᠠᠨ ᠰᠤᠷᠭᠠᠭᠤᠯᠢ ᠶᠢᠨ ᠬᠤᠪᠢᠰᠬᠠᠯᠳᠤ ᠲᠡᠦᠬᠡ ᠶᠢᠨ ᠲᠦᠯᠤᠭᠡ ᠣᠮᠣᠭᠰᠢᠵᠤ ᠪᠠᠶᠢᠬᠤ ᠪᠠᠨ ᠢᠯᠡᠳᠬᠡᠭᠰᠡᠨ ᠪᠥᠭᠡᠳ ᠨᠠᠮ ᠤᠨ ᠲᠡᠦᠬᠡ ᠶᠢ ᠰᠤᠷᠤᠯᠴᠠᠭᠰᠠᠨ ᠣᠯᠤᠯᠲᠠ ᠪᠠᠨ ᠴᠤ ᠶᠠᠷᠢᠭᠰᠠᠨ ᠪᠠᠶᠢᠨ᠎ᠠ ᠭᠡᠵᠦ ᠬᠡᠯᠡᠪᠡ᠃      ᠰᠢ ᠶᠢᠨ ᠫᠢᠩ᠂ ᠲᠤᠬᠠᠢ ᠶᠢᠨ ᠵᠢᠯ ᠳᠤ᠂ ᠨᠠᠮ ᠤᠨ ᠬᠠᠯᠠᠮᠵᠢᠯᠠᠯ ᠪᠠ ᠤᠳᠤᠷᠢᠳᠤᠯᠭ᠎ᠠ ᠳᠣᠣᠷ᠎ᠠ᠂ ︽ᠰᠢᠨ ᠠᠨ ᠤ ᠠᠶᠠᠯᠠᠯ ᠤᠨ ᠪᠦᠯᠬᠦᠮ︾ ᠤᠨ  ᠬᠢᠨ ᠬᠦᠴᠢᠷ ᠪᠡᠷᠬᠡᠰᠢᠶᠡᠯ ᠠᠴᠠ ᠡᠮᠢᠶᠡᠯ ᠦᠭᠡᠢ ᠪᠠᠷ ᠳᠤᠮᠳᠠᠳᠤ ᠤᠯᠤᠰ ᠤᠨ ᠶᠡᠭᠡᠩᠭᠢ ᠭᠡᠰᠡᠭ ᠭᠠᠵᠠᠷ ᠤᠷᠤᠨ ᠢᠶᠠᠷ ᠬᠦᠷᠴᠤ᠂ ᠤᠳᠬ᠎ᠠ ᠤᠷᠠᠯᠢᠭ ᠢᠶᠠᠷ ᠵᠡᠪᠰᠡᠭ ᠪᠣᠯᠭᠠᠨ᠂ ᠠᠷᠠᠳ ᠤᠯᠠᠨ ᠤ ᠶᠠᠫᠣᠨ ᠢ ᠡᠰᠡᠷᠭᠦᠴᠡᠵᠦ ᠮᠥᠬᠦᠯ ᠠᠴᠠ ᠠᠪᠤᠷᠠᠬᠤ ᠶᠢ ᠤᠷᠢᠶᠠᠯᠠᠵᠤ᠂ ᠨᠠᠮ ᠤᠨ ᠵᠣᠷᠢᠯᠲᠠ ᠶᠢ ᠤᠬᠠᠭᠤᠯᠤᠨ᠂ ᠤᠯᠤᠰ ᠢᠶᠠᠨ ᠬᠠᠶᠢᠷᠠᠯᠠᠵᠤ ᠡᠷᠡᠯᠬᠡᠭᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠲᠠ ᠨᠠᠷ ᠥᠪᠡᠷ ᠤᠨ ᠦᠰᠦᠨ ᠪᠤᠶᠢᠵᠢᠯᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠡᠦᠬᠡ ᠶᠢ ᠰᠠᠶᠢᠲᠤᠷ ᠰᠤᠷᠤᠯᠴᠠᠵᠤ᠂ ᠪᠠᠭᠠᠲᠤᠷ ᠵᠢᠱᠢᠶᠡᠴᠢ ᠬᠥᠮᠦᠰ ᠢᠶᠠᠷ ᠦᠯᠢᠭᠡᠷ ᠳᠠᠭᠤᠷᠢᠶᠠᠯ ᠪᠣᠯᠭᠠᠨ᠂ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠡᠷᠴᠢ ᠵᠣᠷᠢᠭ ᠢᠶᠠᠨ ᠪᠠᠲᠤᠳᠬᠠᠵᠤ᠂ ᠰᠢᠷᠭᠠᠭᠤ ᠬᠠᠳᠠᠭᠤᠵᠢᠯᠳᠠᠢ ᠰᠤᠷᠤᠯᠴᠠᠨ᠂ ᠬᠦᠰᠡᠯᠡᠩ ᠢᠶᠠᠨ ᠪᠤᠢ ᠪᠣᠯᠭᠠᠵᠤ᠂ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠴᠢᠳᠠᠪᠤᠷᠢ ᠪᠠᠨ ᠨᠡᠮᠡᠭᠳᠡᠭᠦᠯᠤᠨ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠠ᠃      ᠰᠢᠨ ᠠᠨ ᠪᠠᠭ᠎ᠠ ᠰᠤᠷᠭᠠᠭᠤᠯᠢ ᠶᠢ ᠠᠷᠠᠳ ᠤᠨ ᠰᠤᠷᠭᠠᠨ ᠬᠦᠮᠦᠵᠢᠯᠳᠡᠨ ᠲᠤᠤ ᠰᠢᠩ ᡁᠢ 1929 ᠣᠨ ᠳᠤ ᠡᠭᠦᠰᠭᠡᠨ ᠪᠠᠶᠢᠭᠤᠯᠵᠠᠢ᠃ 1935 ᠣᠨ ᠤ 10 ᠰᠠᠷ᠎ᠠ ᠳᠤ᠂ ᠲᠤᠰ ᠰᠤᠷᠭᠠᠭᠤᠯᠢ  ᠶᠢᠨ 14 ᠰᠤᠷᠤᠭᠴᠢ ︽ᠰᠢᠨ ᠠᠨ ᠤ ᠠᠶᠠᠯᠠᠯ ᠤᠨ ᠪᠦᠯᠬᠦᠮ︾ ᠢ ᠪᠠᠶᠢᠭᠤᠯᠵᠤ᠂ ᠤᠳᠬ᠎ᠠ ᠤᠷᠠᠯᠢᠭ ᠢᠶᠠᠷ ᠵᠡᠪᠰᠡᠭ ᠪᠣᠯᠭᠠᠵᠤ᠂ ᠶᠠᠫᠣᠨ ᠢ ᠡᠰᠡᠷᠭᠦᠴᠡᠵᠦ ᠮᠥᠬᠦᠯ ᠠᠴᠠ ᠠᠪᠤᠷᠠᠬᠤ ᠶᠢ ᠤᠬᠠᠭᠤᠯᠪᠠ᠃ ᠮᠠᠤ ᠽᠧ ᠳ᠋ᠦᠩ᠂ ᠵᠧᠦ ᠡᠸᠠ ᠯᠠᠶ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠠᠯᠠᠮᠵᠢᠯᠠᠯ ᠵᠢᠯᠤᠭᠤᠳᠤᠯᠭ᠎ᠠ ᠳᠣᠣᠷ᠎ᠠ᠂ ︽ᠰᠢᠨ ᠠᠨ ᠤ ᠠᠶᠠᠯᠠᠯ ᠤᠨ ᠪᠦᠯᠬᠦᠮ︾ ᠨᠠᠮ ᠤᠨ ᠵᠣᠷᠢᠯᠲᠠ ᠶᠢ ᠢᠳᠡᠪᠬᠢᠲᠡᠶ ᠤᠬᠠᠭᠤᠯᠵᠤ᠂ 17 ᠵᠢᠯ ᠤᠨ ᠲᠤᠳᠤᠷ᠎ᠠ 5 ᠲᠦᠮᠡ ᠭᠠᠷᠤᠶ ᠭᠠᠵᠠᠷ ᠠᠶᠠᠯᠠᠵᠤ᠂ ᠪᠦᠬᠦ ᠤᠯᠤᠰ ᠤᠨ 22 ᠮᠤᠵᠢ ᠳᠤ ᠤᠯᠠ ᠮᠥᠷ ᠢᠶᠠᠨ ᠦᠯᠡᠳᠡᠭᠡᠨ᠂ ᠶᠠᠫᠣᠨ ᠢ ᠡᠰᠡᠷᠭᠦᠴᠡᠬᠦ ᠳᠠᠶᠢᠨ ᠤ ᠢᠯᠠᠯᠲᠠ ᠶᠢ ᠲᠡᠮᠡᠴᠡᠨ ᠤᠯᠬᠤ᠂ ᠪᠦᠬᠦ ᠤᠯᠤᠰ ᠤᠨ ᠴᠢᠯᠥᠭᠡᠯᠡᠯᠲᠡ ᠶᠢ ᠲᠡᠮᠡᠴᠡᠨ ᠤᠯᠬᠤ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠪᠠ᠃ ᠣᠶᠢᠷ᠎ᠠ ᠳᠤ᠂ ᠰᠢᠨ ᠠᠨ ᠪᠠᠭ᠎ᠠ ᠰᠤᠷᠭᠠᠭᠤᠯᠢ ᠶᠢᠨ ᠲᠠᠪᠤᠳᠤᠭᠠᠷ ︵8︶ ᠳᠤᠮᠳᠠ ᠠᠩᠭᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠢᠯᠡᠭᠡᠵᠦ᠂ ᠰᠤᠷᠭᠠᠭᠤᠯᠢ ᠶᠢᠨ ᠲᠡᠦᠬᠡ ᠪᠣᠯᠤᠨ ᠨᠠᠮ ᠤᠨ ᠲᠡᠦᠬᠡ ᠶᠢ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠬᠠᠷᠢᠭᠤ ᠮᠡᠳᠡᠭᠦᠯᠤᠨ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ ᠵᠣᠷᠢᠭ ᠢᠶᠠᠨ ᠢᠯᠡᠳᠬᠡᠭᠰᠡᠡ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号