︽ᠠᠯᠠᠱᠠ ᠠᠶᠢᠮᠠᠭ ᠤᠨ ᠴᠠᠬᠢᠯᠭᠠᠨ ᠬᠦᠴᠦᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠣᠬᠠᠢ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/6/21
      ᠨᠢᠭᠡ᠂ ︽ᠲᠥᠰᠦᠯ︾ ᠢ ᠳᠣᠭᠳᠠᠭᠠᠭᠰᠠᠨ ᠦᠨᠳᠦᠰᠦᠯᠡᠯ       ︽ᠥᠪᠡᠷᠲᠡᠭᠡᠨ ᠵᠠᠰᠠᠬᠤ ᠣᠷᠣᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ〔2020〕9 ᠳ᠋ᠣᠭᠡᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠴᠠᠬᠢᠯᠭᠠᠨ ᠬᠦᠴᠦᠨ ᠤᠯᠬᠤ﹀ ᠦᠢᠯᠡᠴᠢᠯᠡᠬᠡᠨ ᠤ ᠬᠢᠷᠢ ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠡᠨᠧᠷᠭᠢ ᠴᠠᠬᠢᠯᠭᠠᠨ ᠥᠰᠥᠭ 〔2020〕662 ᠳ᠋ᠤᠭᠠᠷ ᠲᠣᠭᠠᠲᠤ︶᠃       ᠬᠤᠶᠠᠷ᠂ ︽ᠲᠥᠰᠦᠯ︾ ᠤᠨ ᠠᠭᠤᠯᠭ᠎ᠠ       ᠨᠢᠭᠡ ᠳᠤ᠂ ᠴᠠᠬᠢᠯᠭᠠᠨ ᠣᠷᠣᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠤᠭᠰᠠᠷᠠᠬᠤ ᠪᠠᠷ ᠭᠤᠶᠤᠴᠢᠯᠠᠨ ᠮᠡᠳᠡᠬᠦᠯᠦᠭᠰᠡᠨ ᠮᠠᠲ᠋ᠧᠷᠢᠶᠠᠯ ᠢ ᠴᠣᠮᠬᠠᠳᠬᠠᠬᠤ᠂ ︽ᠨᠢᠭᠡ ᠴᠣᠩᠬᠤᠪᠴᠢ ᠪᠠᠷ ᠭᠠᠳᠠᠭᠰᠢ ᠦᠢᠯᠡᠴᠢᠯᠡᠬᠦ᠂ ᠠᠩᠬᠠᠨ ᠤ ᠠᠰᠠᠭᠤᠯᠳᠠ ᠶᠢ ᠬᠠᠷᠢᠭᠤᠯᠬᠤ᠂ ᠲᠦᠷᠭᠡᠨ ᠳᠣᠰᠬᠠᠯ ᠲᠠᠢ ᠪᠠᠶᠢᠬᠤ᠂ ᠴᠠᠭ ᠬᠢᠵᠠᠭᠠᠷᠯᠠᠨ  ᠬᠦᠢᠴᠡᠳᠬᠡᠵᠦ ᠳᠠᠭᠤᠰᠬᠠᠬᠤ︾ ᠵᠠᠷᠴᠢᠮ ᠢ ᠪᠠᠷᠢᠮᠲᠠᠯᠠᠵᠤ᠂ ︽ᠣᠷᠢᠳᠡᠪᠡᠷ ᠵᠠᠯᠭᠠᠨ ᠣᠷᠣᠭᠤᠯᠵᠤ᠂ ᠳᠠᠷᠠᠭ᠎ᠠ ᠨᠢ ᠬᠦᠶᠦᠳᠡᠯ ᠢ ᠬᠤᠪᠢᠶᠠᠷᠢᠯᠠᠬᠤ᠂ ᠳᠠᠬᠢᠨ ᠥᠭᠡᠷᠡᠴᠢᠯᠡᠬᠦ︾ ᠵᠠᠷᠴᠢᠮ ᠪᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠲᠠᠯ᠎ᠠ ᠪᠠᠷ ᠴᠠᠬᠢᠯᠭᠠᠨ ᠣᠷᠣᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃      ᠬᠤᠶᠠᠷ ᠲᠤ᠂ ᠢᠨᠵᠧᠨᠧᠷᠢᠩ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠲᠦᠷᠭᠡᠳᠬᠡᠵᠦ᠂ ᠬᠦᠢᠴᠡᠳᠬᠡᠬᠦ ᠴᠢᠬᠤᠯᠠ ᠮᠠᠲ᠋ᠧᠷᠢᠶᠠᠯ ᠨᠢ ᠪᠦᠷᠢᠨ ᠬᠦᠢᠴᠡᠳ ᠮᠥᠷᠲᠡᠭᠡᠨ ᠱᠠᠭᠠᠷᠳᠠᠯᠭ᠎ᠠ ᠳᠤ ᠨᠡᠶᠢᠴᠡᠭᠰᠡᠨ 10 ᠺᠢᠯᠣᠸᠠᠲ ᠵᠢᠴᠢ ᠲᠡᠭᠦᠨ ᠠᠴᠠ ᠳᠣᠷᠣᠭᠰᠢᠬᠢ ᠥᠨᠳᠥᠷ᠂ ᠳᠤᠤᠷ᠎ᠠ ᠬᠦᠴᠦᠳᠡᠯᠲᠦ ᠴᠠᠬᠢᠯᠭᠠᠨ ᠬᠦᠴᠦᠨ ᠤ ᠵᠠᠯᠭᠠᠯᠳᠠ ᠶᠢᠨ ᠢᠨᠵᠧᠨᠧᠷᠢᠩ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠭᠠᠳ 5 ᠠᠵᠢᠯᠯᠠᠬᠤ ᠡᠳᠦᠷ ᠪᠣᠯᠭᠠᠪᠠ᠃ ᠴᠠᠬᠢᠯᠭᠠᠨ ᠬᠠᠩᠭᠠᠬᠤ ᠠᠵᠤ ᠠᠬᠤᠶᠢᠯᠠᠯ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠴᠠᠬᠢᠯᠭᠠᠨ ᠬᠦᠴᠦᠨ ᠤ ᠵᠠᠯᠭᠠᠯᠳᠠ ᠶᠢᠨ ᠢᠨᠵᠧᠨᠧᠷᠢᠩ ᠵᠢᠴᠢ ᠴᠠᠬᠢᠯᠭᠠᠨ ᠲᠦᠭᠡᠭᠡᠬᠦ ᠲᠤᠤᠷ ᠤᠨ ᠢᠨᠵᠧᠨᠧᠷᠢᠩ ᠨᠢ ᠬᠤᠲᠠ ᠶᠢᠨ ᠶᠠᠪᠤᠳᠠᠯ ᠤᠨ ᠵᠠᠮ ᠤᠨ ᠭᠡᠰᠡᠭ ᠤᠨ ᠲᠥᠯᠥᠪᠵᠢᠭᠦᠯᠭᠡ ᠶᠢᠨ ᠳᠣᠲᠣᠷᠠᠬᠢ ᠬᠤᠲᠠ ᠶᠢᠨ ᠶᠠᠪᠤᠳᠠᠯ ᠤᠨ ᠬᠤᠭᠤᠯᠠᠶ ᠱᠤᠭᠤᠮ ᠤᠨ ᠢᠨᠵᠧᠨᠧᠷᠢᠩ ᠤᠨ ᠴᠠᠬᠢᠯᠭᠠᠨ ᠬᠠᠩᠭᠠᠬᠤ ᠵᠢᠷᠤᠭ ᠲᠥᠯᠥᠪᠯᠡᠭᠡ ᠶᠢᠨ ᠲᠥᠰᠦᠯ ᠳᠤ ᠬᠤᠯᠪᠣᠭᠳᠠᠪᠠᠯ ᠬᠢᠨᠠᠨ ᠪᠠᠶᠢᠴᠠᠭᠠᠬᠤ ᠪᠠᠨ ᠳᠠᠩᠰᠠᠯᠠᠭᠤᠯᠬᠤ ᠳᠦᠷᠢᠮ ᠪᠣᠯᠭᠠᠨ ᠥᠭᠡᠷᠡᠴᠢᠯᠡᠨ᠎ᠡ᠃      ᠭᠤᠷᠪᠠ ᠳᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ ᠶᠢ ᠪᠣᠭᠤᠨᠢᠰᠬᠠᠵᠤ᠂ ᠭᠤᠤᠯᠳᠠᠭᠤ ᠴᠠᠬᠢᠯᠭᠠᠨ ᠵᠠᠯᠭᠠᠬᠤ ᠢᠨᠵᠧᠨᠧᠷᠢᠩ ᠤᠨ ︽ᠬᠤᠤᠰ ᠳᠠᠭᠠᠭᠠᠮᠠᠯ︾ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ᠂ ᠴᠠᠬᠢᠯᠭᠠᠨ ᠬᠠᠩᠭᠠᠬᠤ ᠨᠡᠶᠢᠲᠡᠯᠢᠭ ᠲᠥᠰᠦᠯ ᠤᠨ ᠵᠢᠷᠤᠭ ᠲᠥᠯᠥᠪᠯᠡᠭᠡ ᠶᠢ ᠳᠡᠯᠭᠡᠷᠡᠭᠦᠯᠦᠨ ᠬᠡᠷᠡᠭᠯᠡᠬᠦ᠂ ᠴᠠᠬᠢᠯᠭᠠᠨ ᠵᠣᠭᠰᠣᠭᠠᠬᠤ ᠥᠬᠡᠶ ᠪᠠᠷ ᠠᠵᠢᠯᠯᠠᠬᠤ ᠶᠢ ᠳᠡᠯᠭᠡᠷᠡᠬᠦᠯᠬᠦ ᠪᠠ ᠡᠳ᠋ ᠪᠣᠳᠠᠰ ᠤᠨ ᠬᠠᠩᠭᠠᠯᠭ᠎ᠠ ᠪᠠᠲᠤᠯᠠᠭ᠎ᠠ ᠶᠢ ᠴᠢᠩᠭᠠᠳᠬᠠᠬᠤ ᠳᠤ ᠬᠤᠯᠪᠣᠭᠳᠠᠨ᠎ᠠ᠃      ᠭᠤᠷᠪᠠ᠂ ︽ᠲᠥᠰᠦᠯ︾ ᠤᠨ ᠬᠤᠯᠪᠣᠭᠳᠠᠬᠤ ᠬᠡᠪᠴᠢᠶ᠎ᠡ      ᠠᠯᠠᠱᠠ ᠠᠶᠢᠮᠠᠭ ᠤᠨ ᠬᠡᠪᠴᠢᠶᠡᠨ ᠳᠠᠬᠢ 10 ᠺᠢᠯᠣᠸᠠᠲ ᠵᠢᠴᠢ ᠲᠡᠭᠦᠨ ᠠᠴᠠ ᠳᠣᠷᠣᠭᠰᠢᠬᠢ ᠵᠣᠴᠢᠨ ᠤ ᠡᠷᠦᠬᠡ ᠶᠢᠨ ᠰᠢᠨ᠎ᠡ ᠪᠠᠷ ᠤᠭᠰᠠᠷᠠᠬᠤ᠂ ᠪᠠᠭᠲᠠᠭᠠᠮᠵᠢ ᠶᠢ ᠨᠢ ᠨᠡᠮᠡᠭᠳᠡᠭᠦᠯᠬᠦ ᠴᠠᠬᠢᠯᠭᠠᠨ ᠬᠦᠴᠦᠨ ᠤ ᠵᠠᠯᠭᠠᠯᠳᠠ ᠶᠢᠨ ᠢᠨᠵᠧᠨᠧᠷᠢᠩ ᠵᠢᠴᠢ ᠴᠠᠬᠢᠯᠭᠠᠨ ᠲᠦᠭᠡᠭᠡᠬᠦ ᠲᠤᠤᠷ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ ᠢᠨᠵᠧᠨᠧᠷᠢᠩ᠃ 20  ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠬᠦᠴᠦᠨ ᠤ ᠵᠠᠯᠭᠠᠯᠳᠠ ᠶᠢᠨ ᠢᠨᠵᠧᠨᠧᠷᠢᠩ ᠨᠢ ᠳᠡᠭᠡᠷᠡᠭᠢ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ︽ᠲᠥᠰᠦᠯ︾ ᠳᠤ ᠬᠤᠯᠪᠣᠭᠳᠠᠭᠰᠠᠨ ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠠᠯᠠᠱᠠ ᠶᠢᠨ ᠴᠠᠬᠢᠯᠭᠠᠨ ᠦᠢᠯᠡᠰ ᠤᠨ ᠲᠣᠪᠴᠢᠶ᠎ᠠ᠃      ᠳᠥᠷᠪᠡ᠂ ᠦᠭᠡᠰ ᠤᠨ ᠲᠠᠶᠢᠯᠪᠤᠷᠢ      ︵ᠨᠢᠭᠡ︶ ᠭᠤᠷᠪᠠ ᠶᠢ ᠭᠡᠯᠳᠦᠷᠢᠬᠦᠯᠬᠦ᠄ ᠬᠦᠷᠴᠦ ᠦᠢᠯᠡᠴᠢᠯᠡᠬᠦ ᠶᠢ ᠬᠡᠯᠳᠦᠷᠢᠬᠦᠯᠬᠦ᠂ ᠬᠢᠨᠠᠨ ᠵᠥᠪᠰᠢᠶᠡᠷᠡᠬᠦ ᠶᠢ ᠬᠡᠯᠳᠦᠷᠢᠬᠦᠯᠬᠦ᠂ ᠪᠡᠯᠡ ᠣᠷᠣᠭᠤᠯᠬᠤ ᠶᠢ ᠭᠡᠯᠳᠦᠷᠢᠬᠦᠯᠬᠦ᠃      ︵ᠬᠤᠶᠠᠷ︶ ᠭᠤᠷᠪᠠ ᠶᠢ ᠠᠷᠪᠢᠯᠠᠬᠤ᠄ ᠬᠦᠴᠦ ᠶᠢ ᠠᠷᠪᠢᠯᠠᠬᠤ᠂ ᠴᠠᠭ ᠢ ᠠᠷᠪᠢᠯᠠᠬᠤ᠂ ᠮᠦᠩᠬᠦ ᠶᠢ ᠠᠷᠪᠢᠯᠠᠬᠤ᠃      ︵ᠭᠤᠷᠪᠠ︶ ᠨᠢᠭᠡ ᠦᠨᠡᠮᠯᠡᠯ ᠢ ᠬᠦᠯᠢᠶᠡᠨ ᠠᠪᠴᠤ ᠬᠦᠢᠴᠡᠳᠬᠡᠬᠦ᠄ ᠭᠤᠶᠤᠴᠢᠯᠠᠯ ᠤᠨ ᠮᠠᠲ᠋ᠧᠷᠢᠶᠠᠯ ᠨᠢ ᠲᠦᠷ ᠬᠦᠢᠴᠡᠳ ᠪᠤᠰᠤ ᠬᠡᠷᠡᠭᠯᠡᠭᠴᠢ ᠳᠤ ᠪᠣᠯ᠂ ᠲᠡᠭᠦᠨ ᠤ ᠴᠠᠬᠢᠯᠭᠠᠨ ᠬᠡᠷᠡᠭᠯᠡᠬᠦ ᠭᠤᠤᠯ ᠴᠣᠭᠴᠠ ᠶᠢᠨ ᠬᠦᠴᠦᠨ ᠪᠦᠬᠦᠢ ᠪᠡᠶ᠎ᠡ ᠶᠢᠨ ᠦᠨᠡᠮᠯᠡᠯ ᠢ ᠣᠯᠬᠤ ᠶᠢᠨ ᠬᠠᠮᠲᠤ ︽ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠴᠠᠬᠢᠯᠭᠠᠨ ᠬᠡᠷᠡᠭᠯᠡᠬᠦ ᠭᠤᠶᠤᠴᠢᠯᠠᠯ ᠢ ᠬᠦᠯᠢᠶᠡᠨ ᠠᠪᠴᠤ ᠬᠦᠢᠴᠡᠳᠬᠡᠬᠦ ᠶᠢᠨ ᠬᠠᠮᠲᠤ ᠬᠤᠶᠢᠨᠠᠬᠢ ᠴᠤᠪᠤᠷᠠᠯ ᠢᠶᠠᠨ ᠡᠬᠢᠯᠡᠭᠦᠯᠵᠦ᠂ ︽ᠠᠮᠠᠯᠠᠯᠲᠠ ᠶᠢᠨ ᠪᠢᠴᠢᠭ︾ ᠲᠤ ᠪᠣᠯᠵᠣᠨ ᠲᠣᠭᠲᠠᠭᠰᠠᠨ ᠴᠠᠭ ᠬᠤᠭᠤᠴᠠᠭ᠎ᠠ ᠶᠢ ᠦᠨᠳᠦᠰᠦᠯᠡᠨ ᠪᠤᠰᠤᠳ ᠮᠠᠲ᠋ᠧᠷᠢᠶᠠᠯ ᠢ ᠬᠤᠷᠢᠶᠠᠨ ᠠᠪᠤᠨ᠎ᠠ᠃      ᠲᠠᠪᠤ᠂ ︽ᠲᠥᠰᠦᠯ︾ ᠤᠨ ᠠᠴᠢ ᠬᠤᠯᠪᠣᠭᠳᠠᠯ      ᠤᠭᠰᠠᠷᠠᠬᠤ ᠪᠠᠷ ᠮᠡᠳᠡᠭᠦᠯᠦᠭᠰᠡᠨ ᠮᠠᠲ᠋ᠧᠷᠢᠶᠠᠯ ᠢ ᠴᠣᠮᠬᠠᠳᠬᠠᠬᠤ᠂ ᠰᠦᠯᠵᠢᠶᠡᠨ ᠳᠤ ᠪᠠ ᠰᠦᠯᠵᠢᠶᠡᠨ ᠤ ᠭᠠᠳᠠᠨ᠎ᠠ ᠤᠭᠰᠠᠷᠠᠬᠤ ᠪᠠᠷ ᠮᠡᠳᠡᠬᠦᠯᠬᠦ ᠠᠷᠭ᠎ᠠ ᠵᠠᠮ ᠢ ᠬᠠᠩᠭᠠᠬᠤ ᠪᠠᠷ ᠳᠠᠮᠵᠢᠭᠤᠯᠤᠨ᠂ ᠵᠠᠰᠠᠭ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠤᠷᠳᠤᠴᠠ ᠶᠢ  ᠳᠡᠭᠡᠭᠰᠢᠯᠡᠬᠦᠯᠬᠦ ᠶᠢ ᠴᠢᠩᠭᠠᠳᠬᠠᠵᠤ᠂ ᠵᠣᠴᠢᠨ ᠡᠷᠦᠬᠡ ᠶᠢᠨ ᠴᠠᠬᠢᠯᠭᠠᠨ ᠣᠷᠣᠭᠤᠯᠬᠤ ᠭᠤᠭᠴᠤᠭ᠎ᠠ ᠪᠠ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠠᠭᠠᠰᠬᠠᠵᠤ᠂ ᠵᠣᠴᠢᠨ ᠡᠷᠦᠬᠡ ᠳᠤ ᠴᠠᠬᠢᠯᠭᠠᠨ ᠣᠷᠣᠭᠤᠯᠬᠤ ᠳᠥᠭᠦᠮ ᠳᠥᠲᠡ ᠠᠷᠭ᠎ᠠ ᠵᠠᠮ᠂ ᠵᠣᠴᠢᠨ ᠡᠷᠦᠬᠡ ᠳᠤ ᠰᠢᠯᠢᠳᠡᠭ ᠰᠠᠶᠢᠨ ᠦᠢᠯᠡᠴᠢᠯᠡᠭᠡ ᠬᠠᠩᠭᠠᠬᠤ ᠪᠠ ᠲᠠᠰᠤᠷᠠᠯᠲᠠ ᠥᠬᠡᠶ ᠳᠡᠭᠡᠭᠰᠢᠯᠡᠭᠰᠡᠨ ︽ᠴᠠᠬᠢᠯᠭᠠᠨ ᠬᠦᠴᠦᠨ ᠣᠯᠬᠤ︾ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠬᠦᠯᠦᠨ᠎ᠡ᠃      ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号