ᠶᠡᠷᠦᠩᠬᠡᠢ ᠱᠦᠵᠢ ᠰᠢ ᠶᠢᠨ ᠫᠢᠩ ᠬᠥᠬᠡᠨᠠᠭᠤᠷ ᠲᠤ ᠰᠢᠨᠵᠢᠯᠡᠨ ᠪᠠᠶᠢᠴᠠᠭᠠᠭᠰᠠᠨ ᠲᠤᠬᠠᠶ ᠪᠣᠳᠠᠲᠤ ᠲᠡᠮᠳᠡᠭᠯᠡᠯ᠄ ᠥᠨᠳᠥᠷ ᠲᠩᠷᠢ ᠵᠤᠵᠠᠭᠠᠨ ᠬᠥᠷᠥᠰᠥᠨ ᠳᠤ ᠦᠵᠡᠰᠬᠦᠯᠡᠩᠲᠦ ᠰᠠᠶᠢᠬᠠᠨ ᠵᠢᠷᠤᠭ ᠢ ᠳᠡᠯᠭᠡᠪᠡ
ᠨᠡᠶᠢᠲᠡᠯᠡᠭᠰᠡᠨ ᠴᠠᠭ᠄
2021/6/22
     ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠠᠩ ᠰᠢᠶᠤᠤ ᠰᠦᠩ᠂ ᠵᠦ ᠵᠢᠢ ᠴᠠᠢ  ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠳ᠋ᠦ᠋ ᠱᠠᠩ ᠽᠧ᠂ ᠶᠤᠸᠠᠢ ᠰᠢᠶᠤᠤ ᠴᠢᠶᠣᠤ      ᠬᠥᠬᠡᠨᠠᠭᠤᠷ᠂ ᠳᠡᠯᠡᠬᠡᠢ ᠶᠢᠨ ᠨᠢᠷᠤᠭᠤᠨ ᠳᠤ ᠰᠡᠬᠦ᠋ᠢᠨ᠂ ᠤᠮᠠᠷᠠᠰᠢ ᠪᠠᠨ ᠥᠨᠳᠥᠷ ᠰᠦᠷᠯᠢᠭ ᠴᠢ ᠯᠢᠶᠠᠨ ᠱᠠᠨ ᠠᠭᠤᠯᠠ ᠶᠢ ᠲᠦᠰᠢᠨ᠂ ᠳᠤᠮᠳᠠᠭᠤᠷ ᠢᠶᠠᠨ ᠨᠡᠯᠦᠭᠡᠷ ᠶᠡᠭᠡ ᠺᠦᠨᠯᠦ᠋ᠨ ᠠᠭᠤᠯᠠ ᠲᠠᠢ ᠬᠤᠯᠪᠣᠯᠳᠤᠵᠤ᠂ ᠡᠮᠦᠨ᠎ᠡ ᠨᠢ ᠲᠠᠩᠭᠤᠯᠠ ᠠᠭᠤᠯᠠ ᠰᠦᠨᠳᠡᠷᠯᠡᠵᠦ᠂ ︽ᠳᠤᠮᠳᠠᠳᠤ ᠶᠢᠨ ᠤᠰᠤᠨ ᠰᠤᠪᠤᠷᠭ᠎ᠠ︾ ᠪᠠ ᠭᠤᠷᠪᠠᠨ ᠮᠥᠷᠡᠨ ᠤ ᠡᠬᠢ ᠶᠢ ᠬᠠᠮᠠᠭᠠᠯᠠᠬᠤ ᠴᠢᠬᠤᠯᠠ ᠶᠡᠭᠡ ᠡᠭᠦᠷᠭᠡ ᠶᠢ ᠡᠭᠦᠷᠭᠡᠯᠡᠵᠦ᠂ ᠳᠤᠮᠳᠠᠳᠤ ᠤᠯᠤᠰ ᠴᠢᠨᠠᠭᠰᠢᠯᠠᠪᠠᠯ ᠵᠡᠭᠦᠨ ᠠᠽᠢᠶ᠎ᠠ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠵᠤ ᠪᠠᠶᠢᠨ᠎ᠠ᠃      ᠬᠥᠬᠡᠨᠠᠭᠤᠷ ᠪᠠᠰᠠ ᠴᠤ ᠨᠢᠭᠡᠨ ᠬᠡᠰᠡᠭ ᠪᠦᠯᠬᠦᠮᠳᠡᠯ ᠨᠢᠭᠲᠠᠷᠠᠯ ᠤᠨ ᠬᠠᠯᠠᠭᠤᠨ ᠥᠯᠥᠭᠡᠢ ᠮᠥᠨ᠃ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠶᠢᠨ ᠬᠠᠷᠢᠴᠠᠯ ᠨᠡᠯᠢᠶᠡᠳ ᠥᠨᠳᠥᠷ ᠪᠠᠶᠢᠭ᠎ᠠ ᠡᠨᠡ ᠬᠦ ᠮᠤᠵᠢ ᠳᠤ᠂ ᠦᠨᠳᠦᠰᠦᠲᠡᠨ ᠨᠦᠭᠦᠳ ᠬᠠᠷᠢᠯᠴᠠᠨ ᠳᠣᠲᠣᠨᠣᠴᠢᠯᠠᠨ᠂ ᠰᠣᠯᠢᠯᠴᠠᠨ ᠠᠭᠤᠰᠤᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠮᠤᠵᠢ ᠶᠢ ᠬᠠᠮᠤᠭ ᠤᠨ ᠣᠷᠢᠳᠠᠪᠡᠷ ᠡᠭᠦᠳᠦᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠠᠮᠢᠨ ᠰᠤᠳᠠᠰᠤ ᠶᠢ ᠲᠠᠰᠤᠷᠠᠯᠲᠠ ᠦᠭᠡᠢ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠪᠠ᠃      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠠᠰᠢᠷᠠᠮ ᠢᠶᠠᠷ᠂ 6 ᠳ᠋ᠤᠭᠠᠷ ᠰᠠᠷ᠎ᠠ ᠶᠢᠨ 7 ᠠᠴᠠ 9 ᠤ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠶᠢᠨ ᠫᠢᠩ ᠥᠨᠳᠦᠷᠯᠢᠭ ᠲᠤ ᠭᠠᠷᠴᠤ᠂ ᠠᠵᠤ ᠠᠬᠤᠶᠢᠯᠠᠯ ᠢ ᠦᠵᠡᠬᠦ᠂ ᠨᠡᠶᠢᠭᠡᠮ ᠲᠣᠭᠤᠷᠢᠭ ᠢᠶᠠᠷ ᠰᠤᠷᠪᠤᠯᠵᠢᠯᠠᠬᠤ᠂ ᠬᠥᠳᠡᠭᠡ ᠲᠣᠰᠬᠤᠨ ᠳᠤ ᠬᠦᠷᠬᠦ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠰᠢᠨᠵᠢᠯᠡᠨ ᠪᠠᠶᠢᠴᠠᠭᠠᠵᠤ᠂ ᠴᠢᠬᠤᠯᠠ ᠶᠠᠷᠢᠶ᠎ᠠ ᠲᠠᠯᠪᠢᠨ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠲᠣᠳᠣᠷᠬᠠᠢ ᠴᠢᠭᠯᠡᠯ ᠢ ᠵᠢᠭᠠᠵᠠᠢ᠃      ᠥᠨᠳᠥᠷ ᠲᠩᠷᠢ ᠵᠤᠵᠠᠭᠠᠨ ᠬᠥᠷᠥᠰᠥᠨ ᠳᠤ᠂ ᠨᠢᠭᠡᠨ ᠦᠵᠡᠰᠬᠦᠯᠡᠩᠲᠦ ᠰᠠᠶᠢᠬᠠᠨ ᠵᠢᠷᠤᠭ ᠳᠡᠯᠭᠡᠭᠳᠡᠪᠡ᠃      ︽ᠬᠠᠮᠤᠭ ᠤᠨ ᠥᠪᠡᠷᠮᠢᠴᠡ ᠣᠨᠴᠠᠯᠢᠭ ᠲᠠᠢ ᠠᠵᠤ ᠦᠢᠯᠡᠰ᠂ ᠬᠠᠮᠤᠭ ᠤᠨ ᠠᠮᠢᠵᠢᠷᠠᠯ ᠤᠨ ᠬᠦᠴᠦᠨ ᠲᠠᠢ ᠠᠵᠤ ᠠᠬᠤᠶᠢᠯᠠᠯ ᠢ ᠠᠳᠬᠤᠬᠤ ᠳᠠᠭᠠᠨ ᠴᠢᠳᠠᠮᠠᠭᠠᠢ ᠪᠠᠶᠢᠬᠤ ᠬᠡᠷᠡᠭᠲᠡᠢ︾      7 ᠤ ᠡᠳᠦᠷ ᠤᠨ ᠦᠳᠡ ᠶᠢᠨ ᠬᠤᠶᠢᠨ᠎ᠠ᠂ ᠬᠥᠬᠡᠨᠠᠭᠤᠷ ᠤᠨ ᠱᠧᠩ ᠶᠤᠸᠠᠨ ᠬᠡᠪᠢᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠮᠠᠰᠢᠨ ᠲᠦᠷᠴᠢᠭᠢᠨᠡᠵᠦ᠂ ᠠᠵᠢᠯᠴᠢᠳ ᠶᠠᠭᠠᠷᠠᠯᠲᠠᠢ ᠠᠵᠢᠯᠯᠠᠵᠤ ᠪᠠᠶᠢᠭ᠎ᠠ ᠪᠠᠶᠢᠳᠠᠯ ᠬᠠᠷᠠᠭᠳᠠᠨ᠎ᠠ᠃      ᠠᠳᠠᠯᠢ ᠪᠤᠰᠤ ᠬᠡᠮᠵᠢᠶ᠎ᠡ ᠲᠠᠢ᠂ ᠠᠳᠠᠯᠢ ᠪᠤᠰᠤ ᠥᠩᠭᠡ ᠶᠢᠨ ᠬᠡᠰᠡᠭ ᠬᠡᠰᠡᠭ ᠲᠥᠪᠡᠳ ᠬᠡᠪᠢᠰ ᠢ ᠬᠡᠷᠡᠮ ᠳᠦᠭᠦᠷᠡᠩ ᠡᠯᠭᠦᠵᠦ᠂ ᠳᠡᠭᠡᠷ᠎ᠡ ᠨᠢ ᠦᠰᠦᠭ᠂ ᠴᠡᠴᠡᠭ ᠰᠢᠪᠠᠭᠤ᠂ ᠥᠩᠭᠡ ᠦᠵᠡᠮᠵᠢ ᠵᠡᠷᠭᠡ ᠡᠯᠳᠡᠪ ᠶᠠᠩᠵᠤ ᠶᠢᠨ ᠬᠡ ᠤᠭᠠᠯᠵᠠ ᠶᠢ ᠨᠡᠬᠡᠵᠦ᠂ ᠪᠣᠳᠠᠲᠤ᠂ ᠬᠡᠶᠢᠰᠪᠦᠷᠢ᠂ ᠤᠯᠠᠮᠵᠢᠯᠠᠯᠲᠤ᠂ ᠣᠳᠣ ᠦᠶ᠎ᠡ ᠶᠢᠨ᠂ ᠤᠷᠠᠯᠢᠭ ᠰᠠᠶᠢᠬᠠᠨ ᠤᠭᠠᠯᠵᠠ ᠬᠡ ᠪᠠᠷ ᠢᠶᠠᠨ ᠤᠯᠤᠰ ᠣᠯᠠᠨ ᠤ ᠪᠠᠬ᠎ᠠ ᠶᠢ ᠲᠠᠲᠠᠨ᠎ᠠ᠃      ︽ᠦᠨᠡᠬᠡᠷ ᠨᠢᠳᠦ ᠳᠦᠭᠦᠷᠡᠩ ᠨᠠᠯ ᠡᠷᠳᠡᠨᠢ ᠪᠠᠶᠢᠨ᠎ᠠ︾ ᠭᠡᠵᠦ ᠶᠡᠷᠦᠩᠬᠡᠢ ᠱᠦᠵᠢ ᠰᠢ ᠶᠢᠨ ᠫᠢᠩ ᠰᠣᠨᠢᠷᠬᠠᠯ ᠲᠥᠷᠥᠵᠦ ᠣᠶᠢᠷᠠᠲᠤᠨ ᠦᠵᠡᠵᠦ᠂ ᠲᠥᠪᠡᠳ ᠬᠡᠪᠢᠰ ᠤᠨ ᠴᠢᠨᠠᠷ ᠴᠢᠨᠰᠠᠭ᠎ᠠ ᠶᠢ ᠪᠠᠶᠢᠨ ᠪᠠᠶᠢᠨ ᠲᠡᠮᠲᠡᠷᠢᠨ ᠦᠵᠡᠨ᠎ᠡ᠃      ᠤᠢᠢᠷ᠎ᠠ ᠶᠢᠨ ᠵᠢᠯ ᠤᠳ ᠲᠤ᠂ ᠰᠢᠯᠢᠳᠡᠭ ᠲᠦᠭᠦᠬᠡᠢ ᠮᠠᠲ᠋ᠧᠷᠢᠶᠠᠯ᠂ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠬᠡᠪ ᠨᠠᠮᠪᠠ ᠪᠣᠯᠤᠨ ᠨᠠᠷᠢᠯᠢᠭ ᠬᠢᠴᠡ ᠲᠠᠢ ᠭᠠᠷ ᠤᠷᠠᠯᠠᠯ ᠳᠠᠭᠠᠨ ᠲᠦᠰᠢᠭᠯᠡᠨ ᠲᠥᠪᠡᠳ ᠬᠡᠪᠢᠰ ᠨᠢ ᠥᠨᠳᠦᠷᠯᠢᠭ ᠠᠴᠠ ᠪᠠᠭᠤᠵᠤ᠂ ᠳᠡᠯᠡᠬᠡᠢ ᠳ᠋ᠠᠬᠢᠨ ᠢ ᠵᠣᠷᠢᠪᠠ᠃      ︽ᠲᠠᠨ ᠤ ᠠᠵᠤ ᠠᠬᠤᠶᠢᠯᠠᠯ ᠶᠠᠮᠠᠷ ᠣᠨᠴᠠᠯᠢᠭ ᠪᠠ ᠳᠠᠪᠠᠭᠤᠯᠢᠭ ᠲᠠᠢ ᠪᠤᠶ︖︾ ᠭᠡᠵᠦ ᠶᠡᠷᠦᠩᠬᠡᠢ ᠱᠦᠵᠢ ᠠᠰᠠᠭᠤᠭᠰᠠᠨ ᠳᠤ᠂      ︽ᠮᠠᠨ ᠤ ᠺᠣᠮᠫᠠᠨᠢ ᠶᠢᠨ ᠬᠠᠮᠤᠭ ᠤᠨ ᠶᠡᠭᠡ ᠣᠨᠴᠠᠯᠢᠭ ᠪᠣᠯ ᠲᠦᠭᠦᠬᠡᠶ ᠮᠠᠲ᠋ᠧᠷᠢᠶᠠᠯ ᠤᠨ 90% ᠠᠴᠠ ᠳᠡᠭᠡᠭᠰᠢᠬᠢ ᠨᠢ ᠴᠣᠯᠣ ᠪᠠᠶᠢᠭᠠᠯᠢᠯᠢᠭ ᠶᠤᠮ︾ ᠭᠡᠵᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠲᠡᠳᠡᠨ ᠤ ᠬᠡᠷᠡᠭᠯᠡᠳᠡᠭ ᠨᠢ ᠴᠥᠮ ᠬᠥᠬᠡᠨᠠᠭᠤᠷ ᠠᠴᠠ ᠭᠠᠷᠤᠯᠲᠠ ᠲᠠᠢ ᠪᠠᠶᠢᠭᠠᠯᠢᠯᠢᠭ ᠬᠤᠨᠢᠨ ᠤ ᠨᠣᠤᠰᠣ ᠪᠠᠶᠢᠵᠤ᠂ ᠡᠩ ᠤᠨ ᠶᠠᠷᠢᠶᠠᠨ ᠳᠤ ︽ᠰᠢᠨᠢᠩ ᠤᠨ ᠴᠠᠭᠠᠨ ᠨᠣᠣᠰᠣ︾ ᠭᠡᠳᠡᠭ᠃ ᠪᠠᠰᠠ ᠴᠢᠨᠠᠷᠯᠢᠭ ᠰᠠᠷᠯᠤᠭ ᠤᠨ ᠨᠣᠯᠣᠣᠷ ᠪᠠᠶᠢᠵᠤ᠂ ᠨᠡᠬᠡᠵᠦ ᠭᠠᠷᠭᠠᠭᠰᠠᠨ ᠲᠥᠪᠡᠳ ᠬᠡᠪᠢᠰ ᠨᠢ ᠳᠠᠭᠠᠭᠠᠮᠠᠭᠠᠶ ᠮᠥᠷᠲᠡᠭᠡᠨ ᠪᠣᠬᠢᠷᠲᠤᠯ ᠥᠬᠡᠶ ᠪᠠᠶᠢᠳᠠᠭ ᠭᠡᠵᠡᠢ᠃      ᠲᠦᠭᠦᠬᠡᠢ ᠮᠠᠲ᠋ᠧᠷᠢᠶᠠᠯ ᠤᠨ ᠳᠡᠯᠭᠡᠨ ᠦᠵᠡᠭᠦᠯᠬᠦ ᠬᠤᠷᠭᠤ ᠶᠢᠨ ᠡᠮᠦᠨ᠎ᠡ᠂ ᠶᠡᠷᠦᠩᠬᠡᠢ ᠱᠦᠵᠢ ᠬᠠᠷ᠎ᠠ ᠰᠠᠷᠯᠤᠭ ᠤᠨ ᠨᠣᠯᠣᠣᠷ᠂ ᠴᠠᠭᠠᠨ ᠬᠤᠨᠢᠨ ᠤ ᠨᠣᠣᠰᠣ ᠶᠢ ᠬᠤᠷᠤᠭᠤ ᠪᠠᠷ ᠢᠶᠠᠨ ᠬᠥᠩᠭᠡᠬᠡᠨ ᠢᠮᠡᠷᠦᠭᠡᠳ᠂ ︽ᠦᠨᠡᠬᠡᠷ ᠰᠠᠶᠢᠬᠠᠨ ᠪᠠᠶᠢᠨ᠎ᠠ︾ ᠭᠡᠯ᠎ᠡ᠃      ︽ᠣᠳᠣ ᠲᠥᠪᠡᠳ ᠬᠡᠪᠢᠰ ᠤᠨ ᠵᠠᠬ᠎ᠠ ᠳᠡᠯᠭᠡᠭᠦᠷ ᠤᠨ ᠬᠡᠷᠡᠭᠴᠡᠭᠡ ᠬᠢᠷᠢ ᠵᠡᠷᠭᠡ︖ ᠲᠠ ᠨᠠᠷ ᠭᠤᠣᠯᠳᠠᠭᠤ ᠤᠯᠤᠰ ᠤᠨ ᠳᠣᠲᠣᠭᠠᠳᠤ ᠳᠤ ᠪᠣᠷᠣᠯᠠᠭᠤᠯᠵᠤ ᠪᠠᠶᠢᠬᠤ ᠶᠤᠮ ᠦᠦ᠂ ᠤᠯᠤᠰ ᠤᠨ ᠭᠠᠳᠠᠭᠠᠳᠤ ᠳᠤ ᠪᠣᠷᠣᠯᠠᠭᠤᠯᠵᠤ ᠪᠠᠶᠢᠬᠤ ᠶᠤᠮ ᠦᠦ︖︾ ᠭᠡᠵᠦ ᠶᠡᠷᠦᠩᠬᠡᠢ ᠱᠦᠵᠢ ᠵᠠᠯᠭᠠᠭᠠᠳ ᠠᠰᠠᠭᠤᠪᠠ᠃      ︽ᠣᠳᠣᠬᠠᠨ ᠳᠤ ᠮᠠᠰᠢ ᠣᠯᠠᠨ ᠬᠥᠮᠦᠰ ᠭᠡᠷ ᠲᠡᠭᠡᠨ ᠬᠡᠪᠢᠰ ᠡᠯᠭᠦᠵᠦ᠂ ᠤᠷᠠᠯᠢᠭ ᠤᠨ ᠠᠭᠤᠷ ᠠᠮᠢᠰᠬᠤᠯ ᠲᠠᠢ ᠪᠣᠯᠭᠠᠬᠤ ᠳᠤᠷᠠᠲᠠᠢ ᠪᠣᠯᠪᠠ᠃ ᠡᠳᠡᠭᠡᠷ ᠵᠢᠯ ᠤᠳ ᠲᠤ ᠵᠠᠬ᠎ᠠ ᠳᠡᠯᠭᠡᠭᠦᠷ ᠤᠯᠠᠮ ᠠᠴᠠ ᠤᠯᠠᠮ ᠰᠠᠶᠢᠵᠢᠷᠠᠵᠤ᠂ ᠤᠯᠤᠰ  ᠤᠨ ᠳᠣᠲᠣᠭᠠᠳᠤ ᠭᠠᠳᠠᠭᠠᠳᠤ  ᠶᠢᠨ ᠬᠡᠷᠡᠭᠴᠡᠭᠡ ᠮᠠᠰᠢ ᠶᠡᠭᠡ ᠪᠣᠯᠵᠤ ᠪᠠᠶᠢᠨ᠎ᠠ︾᠃ ᠡᠨᠡ ᠬᠦ ᠠᠵᠤ ᠠᠬᠤᠶᠢᠯᠠᠯ  ᠤᠨ ᠦᠢᠯᠡᠳᠬᠦᠨ  ᠨᠢ ᠠᠯᠤᠰ ᠬᠤᠯᠠ ᠧᠦ᠋ᠷᠣᠫᠠ ᠠᠮᠧᠷᠢᠺᠠ᠂ ᠳᠤᠮᠳᠠᠳᠤ ᠳᠣᠷᠣᠨᠠᠲᠤ ᠵᠡᠷᠭᠡ 40 ᠭᠠᠷᠤᠢ ᠤᠯᠤᠰ  ᠪᠠ ᠭᠠᠵᠠᠷ ᠣᠷᠣᠨ  ᠳᠤ ᠪᠣᠷᠣᠯᠠᠭᠤᠯᠤᠭᠳᠠᠵᠤ᠂ ᠨᠢᠳᠤᠨᠤᠨ 4200 ᠲᠦᠮᠡᠨ ᠲᠥᠭᠦᠷᠢᠭ  ᠤᠨ ᠦᠢᠯᠡᠳᠬᠦᠨ  ᠤ ᠦᠷᠳᠡᠭ ᠢ ᠪᠡᠶᠡᠯᠡᠭᠦᠯᠵᠡᠢ᠃      ᠬᠥᠬᠡᠨᠠᠭᠤᠷ ᠲᠥᠪᠡᠳ ᠤᠨ ᠥᠨᠳᠦᠷᠯᠢᠭ ᠲᠤ᠂ ᠲᠥᠪᠡᠳ ᠬᠡᠪᠢᠰ ᠨᠡᠬᠡᠭᠡᠳ ᠨᠢᠭᠡᠨᠲᠡ ᠮᠢᠩᠭᠠᠨ ᠵᠢᠯ ᠤᠨ ᠲᠡᠤᠬᠡ ᠲᠠᠢ ᠪᠣᠯᠵᠠᠶ᠃ ᠦᠶ᠎ᠡ ᠶᠢᠨ ᠦᠶ᠎ᠡ ᠳᠤ ᠤᠯᠠᠮᠵᠢᠯᠠᠭᠳᠠᠵᠤ᠂ ᠥᠭᠡᠷᠡᠴᠢᠯᠡᠨ ᠰᠠᠶᠢᠵᠢᠷᠠᠭᠤᠯᠵᠤ ᠰᠢᠨ᠎ᠡ ᠶᠢ ᠡᠭᠦᠳᠬᠦ ᠪᠠᠷ ᠳᠡᠮᠵᠢᠨ᠂ ᠤᠯᠠᠮᠵᠢᠯᠠᠯᠲᠤ ᠤᠷ᠎ᠠ ᠮᠡᠷᠭᠡᠵᠢᠯ ᠢᠶᠠᠨ ᠬᠠᠳᠠᠭᠠᠯᠠᠭᠰᠠᠨ ᠢᠶᠠᠷ ᠪᠠᠷᠠᠬᠤ ᠥᠬᠡᠶ᠂ ᠰᠢᠨ᠎ᠡ ᠴᠤᠭ ᠵᠢᠪᠬᠤᠭ᠎ᠠ ᠪᠠᠨ ᠪᠠᠳᠠᠷᠠᠭᠤᠯᠪᠠ᠃ 2006 ᠣᠨ ᠳᠤ᠂ ︽ᠬᠢᠶᠠᠶᠠ ᠲᠥᠪᠡᠳ ᠦᠨᠳᠦᠰᠦᠲᠡᠨ ᠤ ᠬᠡᠪᠢᠰ ᠨᠡᠬᠡᠬᠦ ᠤᠷᠠᠯᠠᠯ︾ ᠨᠢ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠲᠤ ᠵᠢᠭᠰᠠᠭᠠᠭᠳᠠᠵᠠᠶ᠃      ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠲᠤ᠂ ᠬᠢᠶᠠᠶᠠ ᠲᠥᠪᠡᠳ ᠬᠡᠪᠢᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠠᠩ ᠶᠦᠩ ᠯᠢᠶᠠᠩ ᠶᠠᠭ ᠰᠠᠶ᠋ᠢᠬᠠᠨ ᠳᠡᠷᠭᠡᠳᠡᠬᠢ ᠱᠠᠪᠢ ᠨᠠᠷ ᠲᠤ ᠵᠢᠭᠠᠨ ᠤᠯᠠᠮᠵᠢᠯᠠᠵᠤ ᠪᠠᠶᠢᠯ᠎ᠠ᠃      ︽ᠲᠠᠨ ᠤ ᠡᠨᠡ ᠭᠠᠷ ᠤᠷᠠᠯᠠᠯ ᠴᠢᠨᠢ ᠳᠡᠭᠡᠳᠦᠰ ᠠᠴᠠ ᠪᠠᠨ ᠤᠯᠠᠮᠵᠢᠯᠠᠭᠰᠠᠨ ᠪᠢᠵᠡ︖ ᠬᠡᠳᠦᠳᠦᠭᠡᠷ ᠦᠶ᠎ᠡ ᠪᠣᠯᠵᠤ ᠪᠠᠶᠢᠨ᠎ᠠ︖︾ ᠭᠡᠵᠦ ᠶᠡᠷᠦᠩᠬᠡᠢ ᠱᠦᠵᠢ ᠵᠣᠭᠰᠣᠰᠬᠢᠨ᠂ ᠶᠠᠩ ᠪᠠᠭᠰᠢ ᠲᠠᠢ ᠰᠠᠨᠠᠯ ᠢᠶᠠᠨ ᠰᠣᠯᠢᠯᠴᠠᠨ᠎ᠠ᠃      ︽ᠮᠢᠨᠦ ᠠᠳᠡ ᠬᠦᠷᠦᠭᠡᠳ ᠳᠣᠯᠣᠳᠤᠭᠠᠷ ᠦᠶ᠎ᠡ ᠪᠣᠯᠵᠤ ᠪᠠᠶᠢᠨ᠎ᠠ᠃ ᠪᠢ ᠨᠠᠢᠮᠠᠨ ᠨᠠᠰᠤᠨ ᠠᠴᠠ ᠪᠠᠨ ᠡᠬᠢᠯᠡᠵᠦ ᠠᠪᠤ ᠪᠠᠨ ᠳᠠᠭᠠᠵᠤ ᠨᠣᠣᠰᠣ ᠤᠬᠢᠶᠠᠬᠤ᠂ ᠤᠲᠠᠰᠤ ᠲᠠᠮᠤᠬᠤ ᠶᠢ ᠰᠤᠷᠴᠠᠶ᠃︾      ︽ᠡᠶᠢᠮᠦ ᠨᠢᠭᠡᠨ ᠲᠥᠪᠡᠳ ᠬᠡᠪᠢᠰ ᠢ ᠨᠡᠬᠡᠬᠦ ᠳᠤ ᠬᠡᠳᠦᠶ ᠴᠠᠭ ᠬᠡᠷᠡᠭᠰᠡᠬᠦ ᠪᠤᠶ︖︾      ︽ᠨᠢᠭᠡ ᠬᠥᠮᠦᠨ ᠪᠠᠷᠤᠭ ᠨᠢᠭᠡ ᠰᠠᠷ᠎ᠠ ᠶᠢᠨ ᠴᠠᠭ ᠵᠠᠷᠤᠴᠠᠭᠤᠯᠤᠨ᠎ᠠ᠃︾      ᠶᠡᠷᠦᠩᠬᠡᠶ ᠱᠦᠵᠢ ᠲᠡᠭᠦᠨ ᠢ᠄ ︽ᠲᠠᠨ ᠤ ᠡᠨᠡ ᠬᠦ ᠭᠠᠷ ᠤᠷᠠᠯᠠᠯ ᠮᠠᠰᠢ ᠨᠠᠨᠳᠢᠨ᠂ ᠮᠠᠰᠢ ᠤᠳᠬ᠎ᠠ ᠠᠭᠤᠯᠭ᠎ᠠ ᠲᠠᠢ᠂ ᠵᠠᠪᠠᠯ ᠰᠠᠶᠢᠲᠤᠷ ᠤᠯᠠᠮᠵᠢᠯᠠᠨ ᠪᠠᠳᠠᠷᠠᠭᠤᠯᠬᠤ ᠬᠡᠷᠡᠭᠲᠡᠶ︾ ᠭᠡᠵᠦ ᠵᠣᠷᠢᠭᠵᠢᠭᠤᠯᠵᠠᠶ᠃      ᠬᠡᠰᠡᠭ ᠬᠡᠰᠡᠭ ᠲᠥᠪᠡᠳ ᠬᠡᠪᠢᠰ ᠨᠢ ᠠᠵᠢᠯ ᠣᠯᠭᠤᠯᠲᠠ ᠶᠢᠨ ᠬᠡᠯᠬᠢᠶ᠎ᠡ ᠶᠢ ᠳᠠᠶᠢᠴᠢᠯᠠᠪᠠ᠃      ᠠᠵᠤ ᠠᠬᠤᠶᠢᠯᠠᠯ ᠤᠨ ᠬᠠᠷᠢᠭᠤᠴᠠᠯᠭᠠᠲᠠᠨ ᠶᠡᠷᠦᠩᠬᠡᠶ ᠱᠦᠵᠢ ᠳᠤ ᠬᠡᠯᠡᠬᠦ ᠳᠡᠭᠡᠨ᠂ ᠲᠡᠳᠡᠨᠦᠰ ᠤᠨ ᠺᠣᠮᠫᠠᠨᠢ ᠶᠢᠨ ᠵᠣᠩᠬᠢᠯᠠᠬᠤ ᠣᠯᠠᠨ ᠲᠣᠭᠠᠨ ᠤ ᠠᠵᠢᠯᠲᠠᠨ ᠠᠵᠢᠯᠴᠢᠨ ᠨᠢ ᠴᠥᠮ ᠲᠣᠰ ᠭᠠᠵᠠᠷ ᠤᠨ ᠬᠥᠮᠥᠨ ᠮᠥᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠣᠷᠣᠭᠰᠢᠬᠢ ᠰᠤᠷᠤᠯᠭ᠎ᠠ ᠶᠢᠨ ᠨᠠᠮᠲᠠᠷ ᠲᠠᠢ ᠨᠢ 80% ᠠᠴᠠ ᠳᠡᠭᠡᠭᠰᠢᠬᠢ ᠶᠢ ᠡᠵᠡᠯᠡᠵᠦ ᠪᠤᠢ᠃ ︽ᠣᠶᠢᠷ᠎ᠠ ᠬᠠᠪᠢ ᠳᠤ ᠰᠠᠭᠤᠭ᠎ᠠ ᠮᠠᠰᠢ ᠣᠯᠠᠨ ᠭᠡᠷ ᠤᠨ ᠡᠵᠡᠭᠲᠡᠶ ᠠᠵᠤ ᠠᠬᠤᠶᠢᠯᠠᠯ ᠳᠤ ᠢᠷᠡᠵᠦ ᠪᠣᠯᠪᠠᠰᠤᠷᠠᠯ ᠬᠦᠷᠲᠡᠭᠰᠡᠨ ᠠᠴᠠ ᠲᠠᠪᠤ ᠭᠤᠷᠪᠠᠨ ᠵᠢᠯ ᠤᠨ ᠳᠠᠷᠠᠭ᠎ᠠ ᠴᠠᠭᠠᠷᠠᠭᠰᠠᠨ ᠠᠵᠢᠯᠴᠢᠨ ᠪᠣᠯᠵᠤ᠂ ᠰᠠᠷ᠎ᠠ ᠶᠢᠨ ᠳᠤᠮᠳᠠᠴᠢ ᠴᠠᠯᠢᠩ ᠨᠢ ᠳᠥᠷᠪᠡ ᠲᠠᠪᠤᠨ ᠮᠢᠩᠭᠠᠨ ᠲᠥᠭᠦᠷᠢᠭ ᠲᠤ ᠬᠦᠷᠴᠦ ᠪᠠᠶᠢᠨ᠎ᠠ︾ ᠭᠡᠵᠡᠢ᠃      ︽ᠠᠵᠤ ᠦᠢᠯᠡᠰ ᠢ ᠬᠥᠭᠵᠢᠭᠦᠯᠬᠦ ᠨᠢ ᠳᠠᠷᠤᠶ ᠠᠵᠢᠯ ᠣᠯᠭᠤᠯᠲᠠ ᠶᠢ ᠳᠠᠶᠢᠴᠢᠯᠠᠬᠤ ᠶᠠᠪᠤᠳᠠᠯ ᠮᠥᠨ︾᠃ ᠶᠡᠷᠦᠩᠬᠡᠶ ᠱᠦᠵᠢ ᠲᠣᠯᠣᠭᠠᠶ ᠳᠣᠬᠢᠨ᠄ ︽ᠡᠨᠡ ᠲᠠᠯ᠎ᠠ ᠠᠴᠠ ᠦᠵᠡᠪᠡᠯ᠂ ᠲᠥᠪᠡᠳ ᠬᠡᠪᠢᠰ ᠤᠨ ᠠᠵᠤ ᠦᠢᠯᠡᠰ ᠨᠢ ᠶᠠᠳᠠᠭᠤ ᠶᠢ ᠲᠡᠳᠬᠦᠵᠦ ᠴᠢᠨᠡᠭᠡᠯᠢᠭᠵᠢᠬᠦ ᠵᠠᠮ ᠢᠶᠠᠷ ᠵᠠᠮᠨᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠦᠢᠯᠡᠳᠦᠯ ᠲᠠᠢ ᠮᠥᠷᠲᠡᠭᠡᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠦᠢᠯᠡᠳᠦᠯ ᠲᠠᠢ ᠪᠠᠶᠢᠨ᠎ᠠ︾ ᠭᠡᠵᠦ ᠨᠤᠲᠠᠯᠠᠯᠲᠠ ᠥᠭᠴᠦ ᠪᠠᠶᠢᠯ᠎ᠠ᠃      ᠦᠢᠯᠡᠳᠪᠦᠷᠢᠯᠡᠯ ᠤᠨ ᠲᠠᠰᠤᠭ ᠠᠴᠠ ᠴᠢᠳᠠᠮᠵᠢ ᠶᠢᠨ ᠴᠢᠨᠠᠷᠲᠠᠢ ᠰᠢᠯᠭᠠᠨ ᠪᠠᠶᠢᠴᠠᠭᠠᠬᠤ ᠲᠠᠰᠤᠭ ᠬᠦᠷᠲᠡᠯ᠎ᠡ᠂ ᠲᠠᠬᠢᠨ ᠵᠢᠷᠤᠭ ᠲᠥᠯᠥᠪᠯᠡᠭᠡ ᠶᠢᠨ ᠰᠠᠯᠠᠭ᠎ᠠ ᠮᠥᠴᠢᠷ ᠬᠦᠷᠲᠡᠯ᠎ᠡ᠂ ᠶᠡᠷᠦᠩᠬᠡᠢ ᠱᠦᠵᠢ ᠵᠠᠮ ᠲᠤᠵᠢ ᠲᠣᠭᠤᠷᠢᠨ ᠦᠵᠡᠪᠡ᠃      ︽ᠵᠠᠭᠤᠨᠲᠠ ᠰᠣᠨᠣᠰᠤᠭᠰᠠᠨ ᠠᠴᠠ ᠨᠢᠭᠡ ᠦᠵᠡᠭᠰᠡᠨ ᠨᠢ ᠳᠡᠭᠡᠷ᠎ᠡ ᠡ︾ ᠭᠡᠵᠦ ᠺᠣᠮᠫᠠᠨᠢ ᠠᠴᠠ ᠰᠠᠯᠬᠤ ᠵᠠᠭᠤᠷ᠎ᠠ᠂ ᠬᠦᠷᠢᠶᠡᠯᠡᠨ ᠢᠷᠡᠭᠰᠡᠨ ᠠᠵᠤ ᠠᠬᠤᠶᠢᠯᠠᠯ ᠤᠨ ᠠᠵᠢᠯᠳᠠᠨ ᠠᠵᠢᠯᠴᠢᠨ ᠳᠤ ᠬᠠᠨᠳᠤᠵᠤ᠂ ᠶᠡᠷᠦᠩᠬᠡᠢ ᠱᠦᠵᠢ ᠰᠢ ᠶᠢᠨ ᠫᠢᠩ  ︽ᠲᠥᠪᠡᠳ ᠬᠡᠪᠢᠰ ᠪᠣᠯ ᠮᠠᠨ ᠤ ᠲᠥᠪᠡᠳ ᠦᠨᠳᠦᠰᠦᠲᠡᠨ  ᠤ ᠨᠢᠭᠡᠨ ᠮᠠᠰᠢ ᠥᠪᠡᠷᠮᠢᠴᠡ ᠣᠨᠴᠠᠯᠢᠭ ᠲᠠᠢ ᠠᠵᠤ ᠦᠢᠯᠡᠰ ᠪᠣᠯᠤᠨ᠎ᠠ᠂ ᠲᠠᠨ  ᠤ ᠠᠵᠤ ᠠᠬᠤᠶᠢᠯᠠᠯ ᠡᠨᠡ ᠬᠦ ᠬᠦᠷᠢᠶᠡᠨ ᠳᠤ ᠨᠡᠷᠡᠳᠦ ᠳᠡᠮᠳᠡᠭ  ᠢᠶᠠᠨ ᠡᠭᠦᠳᠴᠦ᠂ ᠤᠯᠠᠮᠵᠢᠯᠠᠯᠲᠤ ᠭᠠᠷ ᠤᠷᠠᠯᠠᠯ  ᠪᠣᠯᠤᠨ ᠤᠳᠤ ᠦᠶ᠎ᠡ  ᠶᠢᠨ ᠭᠠᠷ ᠤᠷᠠᠯᠠᠯ  ᠢ ᠮᠠᠰᠢ ᠰᠠᠶᠢᠲᠤᠷ ᠤᠶᠠᠯᠳᠤᠭᠤᠯᠵᠤ᠂ ᠥᠪᠡᠷᠮᠢᠴᠡ ᠣᠨᠴᠠᠯᠢᠭ ᠲᠠᠢ᠂ ᠤᠯᠠᠨ ᠶᠠᠩᠵᠤ  ᠶᠢᠨ ᠵᠠᠬ᠎ᠠ ᠳᠡᠯᠭᠡᠭᠦᠷ  ᠤᠨ ᠬᠡᠷᠡᠭᠴᠡᠭᠡ  ᠳᠤ ᠵᠣᠬᠢᠴᠠᠭᠤᠯᠤᠭᠰᠠᠨ ᠪᠠᠶᠢᠨ᠎ᠠ︾ ᠭᠡᠵᠦ ᠲᠥᠷᠥᠭᠳᠡᠯ ᠢᠶᠠᠨ ᠶᠠᠷᠢᠪᠠ᠃      ᠶᠡᠷᠦᠩᠬᠡᠢ ᠱᠦᠵᠢ ᠤᠯᠠᠮ ᠨᠢᠭᠡ ᠠᠯᠬᠤᠮ ᠴᠢᠬᠤᠯᠠᠴᠢᠯᠠᠬᠤ ᠳᠠᠭᠠᠨ᠂ ᠴᠢᠨᠠᠷᠯᠢᠭ ᠬᠥᠭᠵᠢᠯᠲᠡ ᠶᠢ ᠠᠬᠢᠭᠤᠯᠬᠤ ᠳᠤ᠂ ᠬᠠᠮᠤᠭ ᠤᠨ ᠥᠪᠡᠷᠮᠢᠴᠡ ᠣᠨᠴᠠᠯᠢᠭ ᠲᠠᠢ ᠠᠵᠤ ᠦᠢᠯᠡᠰ᠂ ᠬᠠᠮᠤᠭ ᠤᠨ ᠠᠮᠢᠵᠢᠷᠠᠯ ᠤᠨ ᠬᠦᠴᠦᠨ ᠲᠠᠢ ᠠᠵᠤ ᠠᠬᠤᠶᠢᠯᠠᠯ ᠢ ᠴᠢᠳᠠᠮᠠᠭᠠᠢ ᠠᠳᠬᠤᠵᠤ᠂ ᠤᠨᠴᠠᠯᠢᠬᠳᠤ ᠠᠵᠤ ᠦᠢᠯᠡᠰ ᠢᠶᠠᠷ ᠰᠢᠯᠢᠳᠡᠭ ᠠᠵᠤ ᠠᠬᠤᠶᠢᠯᠠᠯ ᠢ ᠪᠤᠶᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠪᠠᠷ ᠠᠵᠤ ᠦᠢᠯᠡᠰ ᠤᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠢ᠃ ᠬᠥᠬᠡᠨᠠᠭᠤᠷ ᠤᠨ ᠬᠢᠨ ᠡᠶᠢᠮᠦᠷᠬᠦ ᠣᠷᠣᠨ ᠨᠤᠲᠤᠭ ᠤᠨ ᠪᠣᠳᠠᠲᠤ ᠪᠠᠶᠢᠳᠠᠯ ᠳᠠᠭᠠᠨ ᠨᠡᠶᠢᠴᠡᠭᠦᠯᠦᠭᠰᠡᠨ ᠤᠨᠴᠠᠯᠢᠭᠳᠤ ᠠᠵᠤ ᠦᠢᠯᠡᠰ ᠢ ᠨᠡᠩ ᠤᠯᠠᠨ ᠬᠥᠭᠵᠢᠭᠦᠯᠵᠦ᠂ ᠰᠢᠨ᠎ᠡ ᠶᠢ ᠡᠭᠦᠳᠬᠦ ᠳᠤ ᠲᠦᠰᠢᠭᠯᠡᠨ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃      ︽ᠠᠷᠠᠳ ᠲᠦᠮᠡᠨ ᠢ ᠨᠠᠩ ᠵᠣᠯ ᠵᠢᠷᠭᠠᠯ ᠲᠠᠢ ᠠᠮᠢᠳᠤᠷᠠᠭᠤᠯᠬᠤ ᠶᠢᠨ ᠲᠥᠯᠥᠭᠡ ᠪᠢᠳᠡ ᠪᠦᠬᠦ ᠬᠦᠴᠦᠨ ᠢᠶᠠᠷ ᠢᠶᠠᠨ ᠴᠢᠷᠮᠠᠶᠢᠨ᠎ᠠ︾      ︽ᠪᠢ ᠣᠷᠣᠨ ᠨᠤᠲᠤᠭ ᠲᠤ ᠬᠦᠷᠴᠦ ᠠᠵᠢᠯ ᠪᠠᠶᠢᠴᠠᠭᠠᠬᠤ ᠳᠠᠭᠠᠨ ᠶᠡᠷᠦ ᠨᠢ ᠬᠥᠳᠡᠭᠡ ᠲᠣᠰᠬᠤᠨ ᠪᠠ ᠬᠤᠲᠠ ᠶᠢᠨ ᠨᠡᠶᠢᠭᠡᠮ ᠲᠣᠭᠤᠷᠢᠭ ᠲᠤ ᠬᠦᠷᠴᠦ᠂ ᠠᠷᠠᠳ ᠣᠯᠠᠨ ᠬᠢᠷᠢ ᠵᠡᠷᠭᠡ ᠠᠮᠢᠳᠤᠷᠠᠵᠤ ᠪᠠᠶᠢᠬᠤ᠂ ᠶᠠᠮᠠᠷ ᠰᠠᠶᠢᠨ ᠲᠤᠷᠰᠢᠯᠭ᠎ᠠ ᠶᠢ ᠰᠣᠯᠢᠯᠴᠠᠨ ᠳᠡᠯᠭᠡᠷᠡᠭᠦᠯᠵᠦ ᠪᠣᠯᠬᠤ᠂ ᠣᠯᠠᠨ ᠲᠦᠮᠡᠨ ᠤ ᠰᠡᠳᠬᠢᠯ ᠢ ᠴᠢᠯᠡᠭᠡᠭᠰᠡᠨ ᠶᠠᠪᠤᠳᠠᠯ᠂ ᠶᠠᠮᠠᠷ ᠶᠠᠮᠠᠷ ᠰᠢᠢᠳᠪᠦᠷᠢᠯᠡᠬᠦ ᠴᠢᠬᠤᠯᠠᠲᠠᠢ ᠶᠠᠪᠤᠳᠠᠯ ᠪᠠᠶᠢᠬᠤ ᠶᠢ ᠦᠵᠡᠳᠡᠭ︾᠃      7 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠰᠢᠨᠢᠩ ᠬᠤᠳᠠ ᠶᠢᠨ ᠸᠧᠨ ᠬᠤᠢ ᠵᠠᠮ ᠤᠨ ᠵᠡᠭᠡᠯᠢ ᠭᠤᠳᠤᠮᠵᠢ ᠶᠢᠨ ᠸᠧᠨ ᠲᠢᠩ ᠭᠤᠳᠤᠮᠵᠢ ᠶᠢᠨ ᠨᠡᠶᠢᠭᠡᠮ ᠲᠣᠭᠤᠷᠢᠭ ᠲᠤ ᠬᠦᠷᠪᠡ᠃      ᠡᠨᠡ ᠪᠣᠯ ᠬᠥᠮᠦᠨ ᠠᠮᠠ ᠨᠢᠭᠲᠠᠷᠠᠭᠰᠠᠨ ᠲᠤᠮᠤ ᠨᠡᠶᠢᠭᠡᠮ ᠲᠣᠭᠤᠷᠢᠭ ᠪᠠᠶᠢᠵᠤ᠂ 13 ᠣᠷᠣᠨ ᠰᠠᠭᠤᠴᠠ ᠶᠢᠨ ᠲᠣᠭᠤᠷᠢᠭ ᠲᠠᠢ᠂ 2.2 ᠲᠦᠮᠡ ᠭᠠᠷᠤᠢ ᠰᠠᠭᠤᠭᠠᠯᠢ ᠠᠷᠠᠳ ᠲᠠᠢ︔ ᠡᠨᠡ ᠨᠢ ᠮᠥᠨ ᠴᠦ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠨᠡᠶᠢᠭᠡᠮ ᠲᠣᠭᠤᠷᠢᠭ ᠪᠠᠶᠢᠵᠤ᠂ ᠲᠥᠪᠡᠳ᠂ ᠬᠤᠲᠣᠩ᠂ ᠮᠣᠩᠭᠤᠯ᠂ ᠰᠠᠯᠠᠷ ᠵᠡᠷᠭᠡ ᠴᠥᠭᠡᠨ ᠲᠣᠭᠠᠲᠤ ᠦᠨᠳᠦᠰᠦᠲᠡᠨ ᠤ ᠰᠠᠭᠤᠭᠠᠯᠢ ᠠᠷᠠᠳ ᠪᠠᠷᠤᠭ 1000 ᠭᠠᠷᠤᠶ ᠪᠠᠶᠢᠨ᠎ᠠ᠃      ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠼᠦᠢ ᠴᠢᠩ ᠶᠡᠷᠦᠩᠬᠡᠢ ᠱᠦᠵᠢ ᠳᠤ ᠬᠠᠷᠢᠭᠤ ᠮᠡᠳᠡᠭᠦᠯᠬᠦ ᠳᠡᠭᠡᠨ᠂ ᠤᠢᠢᠷ᠎ᠠ ᠶᠢᠨ ᠵᠢᠯ ᠤᠳ ᠠᠴᠠ᠂ ᠨᠡᠶᠢᠭᠡᠮ ᠲᠣᠭᠤᠷᠢᠭ ︽ᠡᠶ᠎ᠡ ᠨᠠᠶᠢᠷᠲᠠᠢ︾ ᠭᠡᠬᠦ ᠬᠤᠶᠠᠷ ᠦᠰᠦᠭ ᠢ ᠴᠢᠩᠭ᠎ᠠ ᠣᠨᠢᠯᠠᠵᠤ᠂ ︽ᠲᠠᠪᠤ ᠶᠢ ᠠᠭᠤᠰᠤᠯᠴᠠᠭᠤᠯᠤᠨ ᠲᠠᠪᠤ ᠶᠢ ᠴᠣᠭᠴᠠᠯᠠᠭᠰᠠᠨ ᠡᠶ᠎ᠡ ᠨᠠᠶᠢᠷᠲᠠᠢ ᠭᠡᠷ ᠪᠦᠯᠢ︾ ᠭᠡᠬᠦ ᠨᠡᠷ᠎ᠡ ᠲᠡᠮᠳᠡᠭᠲᠦ ᠶᠢᠨ ᠪᠠᠶᠢᠭᠤᠯᠤᠯᠲᠠ ᠪᠠᠷ ᠭᠤᠣᠯ ᠱᠤᠭᠤᠮ ᠪᠣᠯᠭᠠᠵᠤ᠂ ᠬᠠᠷᠢᠶ᠎ᠠ ᠣᠷᠣᠨ ᠳᠣᠲᠣᠷᠠᠬᠢ ᠮᠤᠵᠢ᠂ ᠬᠤᠳᠠ᠂ ᠲᠣᠭᠤᠷᠢᠭ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠵᠡᠷᠭᠡ ᠲᠠᠪᠤᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠤᠯᠪᠣᠯᠳᠤᠭᠤᠯᠵᠤ᠂ ᠬᠡᠷᠡᠭ ᠶᠠᠪᠤᠳᠠᠯ ᠢ ᠬᠠᠮᠲᠤ ᠪᠠᠷ ᠵᠥᠪᠯᠡᠬᠦ᠂ ᠠᠵᠢᠯᠯᠠᠭ᠎ᠠ ᠶᠢ ᠬᠠᠮᠲᠤ ᠪᠠᠷ ᠡᠷᠬᠢᠯᠡᠬᠦ᠂ ᠦᠢᠯᠡᠴᠢᠯᠡᠭᠡ ᠶᠢ ᠬᠠᠮᠲᠤ ᠪᠠᠷ ᠬᠢᠬᠦ᠂ ᠨᠠᠮ ᠤᠨ ᠭᠡᠰᠢᠭᠦᠨ ᠢ ᠬᠠᠮᠲᠤ ᠪᠠᠷ ᠬᠥᠮᠦᠵᠢᠭᠦᠯᠬᠦ᠂ ᠵᠢᠭᠰᠠᠭᠠᠯ ᠤᠨ ᠭᠠᠵᠠᠷ ᠢ ᠬᠠᠮᠲᠤ ᠪᠠᠷ ᠬᠡᠷᠡᠭᠯᠡᠬᠦ ᠬᠤᠯᠪᠣᠭᠠᠯᠠᠨ ᠬᠥᠳᠡᠯᠦᠯᠴᠡᠬᠦ ᠨᠠᠮ ᠤᠨ ᠪᠠᠶᠢᠭᠤᠯᠤᠯᠲᠠ ᠶᠢᠨ ᠶᠡᠭᠡ ᠪᠠᠶᠢᠷᠢᠰᠢᠯ ᠢ ᠪᠦᠷᠢᠯᠳᠦᠭᠦᠯᠵᠡᠢ ᠭᠡᠪᠡ᠃      ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠬᠦᠷᠬᠦ ᠳᠤ᠂ ᠤᠷᠠᠨ ᠪᠢᠴᠢᠯᠭᠡ ᠤᠷᠠᠨ ᠵᠢᠷᠤᠭ ᠤᠨ ᠦᠷᠦᠭᠡ᠂ ᠪᠥᠵᠢᠭ ᠤᠨ ᠦᠷᠦᠭᠡ᠂ ᠤᠩᠰᠢᠯᠭ᠎ᠠ ᠶᠢᠨ ᠦᠷᠦᠭᠡ᠂ ᠡᠷᠡᠭᠦᠯᠵᠢᠯ ᠤᠨ ᠦᠷᠦᠭᠡ ᠵᠡᠷᠭᠡ ᠨᠢ ᠪᠦᠷᠢᠨ ᠲᠥᠬᠦᠷ ᠪᠠᠶᠢᠵᠤ᠂ ᠠᠶᠠᠯᠭᠤ ᠰᠠᠶᠢᠬᠠᠨ ᠳᠠᠭᠤᠤ ᠡᠭᠡᠰᠢᠭᠯᠡᠵᠦ᠂ ᠪᠡᠭᠡ ᠪᠤᠳᠤᠭ ᠤᠨ ᠦᠨᠦᠷ ᠬᠠᠩᠬᠤᠯᠤᠨ᠎ᠠ᠃      ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠴᠣᠩᠬᠤᠪᠴᠢ ᠶᠢᠨ ᠡᠮᠦᠨ᠎ᠡ᠂ ᠶᠡᠷᠦᠩᠬᠡᠢ ᠱᠦᠵᠢ 65 ᠨᠠᠰᠤᠲᠠᠢ ᠲᠥᠪᠡᠳ ᠡᠵᠢ ᠳᠣᠷᠵᠢᠷᠣᠯᠮ᠎ᠠ ᠲᠠᠢ ᠠᠭᠤᠯᠵᠠᠵᠠᠢ᠃      ᠲᠡᠷᠡ ᠶᠡᠷᠦᠩᠬᠡᠢ ᠱᠦᠵᠢ ᠳᠤ᠂ ᠨᠡᠶᠢᠭᠡᠮ ᠲᠣᠭᠤᠷᠢᠭ ᠲᠤ ︽ᠨᠠᠰᠤᠲᠠᠨ ᠢᠶᠠᠨ ᠬᠠᠶᠢᠷᠠᠯᠠᠬᠤ ᠵᠢᠷᠭᠠᠯᠠᠩᠲᠤ ᠬᠤᠭᠤᠯᠠᠨ ᠭᠡᠷ︾ ᠪᠤᠢ᠂ ᠥᠨᠥᠳᠦᠷ ᠲᠤᠰᠬᠠᠶᠢᠯᠠᠨ ᠬᠤᠭᠤᠯᠠ ᠢᠳᠡᠬᠦ ᠺᠠᠷᠲ ᠠᠪᠬᠤ ᠪᠠᠷ ᠢᠷᠡᠵᠠᠢ ᠭᠡᠵᠦ ᠶᠠᠷᠢᠵᠤ ᠪᠠᠶᠢᠯ᠎ᠠ᠃      ︽ᠶᠠᠮᠠᠷ ᠬᠥᠮᠦᠨ ᠬᠤᠭᠤᠯᠠ ᠢᠳᠡᠵᠦ ᠪᠣᠯᠬᠤ ᠪᠤᠶ︖︾ ᠭᠡᠵᠦ ᠶᠡᠷᠦᠩᠬᠡᠢ ᠱᠦᠵᠢ ᠠᠰᠠᠭᠤᠭᠰᠠᠨ ᠳᠤ      ︽ᠣᠳᠣᠬᠠᠨ ᠳᠤ ᠭᠤᠣᠯᠳᠠᠭᠤ ᠡᠷᠦᠬᠡ ᠠᠮᠠ ᠶᠢᠨ ᠳᠠᠩᠰᠠ ᠨᠢ ᠨᠡᠶᠢᠭᠡᠮ ᠲᠣᠭᠤᠷᠢᠭ ᠲᠤ ᠪᠠᠶᠢᠭ᠎ᠠ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠬᠠᠨᠳᠤᠭᠤᠯᠵᠤ ᠪᠠᠶᠢᠨ᠎ᠠ︾ ᠭᠡᠵᠦ ᠠᠵᠢᠯᠲᠠᠳ ᠬᠠᠷᠢᠭᠤᠯᠪᠠ᠃      ᠶᠡᠷᠦᠩᠬᠡᠢ ᠱᠦᠵᠢ ᠰᠢ ᠶᠢᠨ ᠫᠢᠩ ᠲᠤᠰᠬᠠᠶᠢᠯᠠᠨ ᠨᠡᠶᠢᠭᠡᠮ ᠲᠣᠭᠤᠷᠢᠭ  ᠤᠨ ᠶᠡᠷᠦᠩᠬᠡᠶᠢᠯᠡᠭᠰᠡᠨ ᠦᠢᠯᠡᠴᠢᠯᠡᠭᠡᠨ  ᠤ ᠲᠥᠪ  ᠤᠨ ᠬᠤᠶᠠᠳᠤᠭᠠᠷ ᠳᠠᠪᠬᠤᠷᠯᠢᠭ  ᠤᠨ ︽ᠨᠠᠰᠤᠲᠠᠨ  ᠢᠶᠠᠨ ᠬᠠᠶᠢᠷᠠᠯᠠᠬᠤ ᠵᠢᠷᠭᠠᠯᠠᠩᠲᠤ ᠬᠤᠭᠤᠯᠠᠨ ᠬᠡᠷ︾   ᠲᠤ ᠬᠦᠷᠪᠡ᠃      ︽ᠬᠤᠭᠤᠯᠠᠨ ᠤ ᠰᠦᠢᠳᠬᠡᠯ ᠥᠨᠳᠥᠷ ᠦᠦ ᠦᠭᠡᠶ ᠦᠦ︖︾ ᠭᠡᠵᠦ ᠶᠡᠷᠦᠩᠬᠡᠢ ᠱᠦᠵᠢ ᠠᠰᠠᠭᠤᠪᠠ᠃      ︽ᠠᠳᠠᠯᠢ ᠪᠤᠰᠤ ᠡᠲᠡᠭᠡᠳ ᠲᠤ ᠠᠳᠠᠯᠢ ᠪᠤᠰᠤ ᠬᠠᠷᠠᠭᠠᠯᠵᠠᠯ ᠲᠠᠢ᠂ ᠨᠢᠭᠡ ᠮᠢᠬ᠎ᠠ ᠬᠤᠶᠠᠷ ᠬᠠᠷᠠᠰᠤ ᠶᠢᠨ ᠵᠠᠭᠤᠰᠢ  ᠨᠢ ᠵᠠᠬ᠎ᠠ ᠳᠡᠯᠭᠡᠭᠦᠷ ᠲᠤ 18 ᠲᠥᠭᠦᠷᠢᠭ ᠪᠠᠶᠢᠳᠠᠭ᠃ 60 ᠨᠠᠰᠤᠨ ᠠᠴᠠ ᠳᠡᠭᠡᠭᠰᠢᠬᠢ ᠨᠠᠰᠤᠲᠠᠨ 6 ᠲᠥᠭᠦᠷᠢᠭ ᠤᠨ ᠵᠣᠯ ᠵᠢᠷᠭᠠᠯᠲᠤ ᠦᠨ᠎ᠡ ᠶᠢᠨ ᠬᠠᠷᠠᠭᠠᠯᠵᠠᠯ ᠬᠦᠷᠲᠡᠵᠦ᠂ 80 ᠨᠠᠰᠤᠨ ᠠᠴᠠ ᠳᠡᠭᠡᠭᠰᠢᠬᠢ ᠨᠠᠰᠤᠲᠠᠨ 3 ᠲᠥᠭᠦᠷᠢᠭ ᠤᠨ ᠥᠨᠳᠥᠷ ᠨᠠᠰᠤᠨ ᠤ ᠦᠨ᠎ᠡ ᠶᠢᠨ ᠬᠠᠷᠠᠭᠠᠯᠵᠠᠯ ᠬᠦᠷᠲᠡᠵᠦ ᠪᠣᠯᠣᠨ᠎ᠠ᠃ ᠡᠭᠦᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠵᠡᠷᠭᠡ ᠳᠥᠷᠪᠡᠨ ᠲᠥᠷᠥᠯ ᠤᠨ ᠨᠠᠰᠤᠲᠠᠨ ᠠᠴᠠ 1 ᠲᠥᠭᠦᠷᠢᠭ ᠯᠡ ᠬᠤᠷᠢᠶᠠᠳᠠᠭ︾ ᠭᠡᠵᠦ ᠯᠢᠦ ᠼᠦᠢ ᠴᠢᠩ ᠨᠢᠭᠡᠳ ᠨᠢᠭᠡ ᠪᠠᠷ ᠲᠠᠨᠢᠯᠴᠠᠭᠤᠯᠪᠠ᠃      ︽ᠲᠤᠩ ᠨᠠᠷᠢᠨ ᠬᠤᠪᠢᠶᠠᠭᠰᠠᠨ ᠪᠠᠶᠢᠨ᠎ᠠ᠃ ᠠᠵᠢᠯ ᠢᠶᠠᠨ ᠢᠩᠭᠢᠵᠦ ᠰᠠᠶᠢᠨ ᠬᠢᠬᠦ ᠬᠡᠷᠡᠭᠲᠡᠶ︾ ᠭᠡᠵᠦ ᠶᠡᠷᠦᠩᠬᠡᠢ ᠱᠦᠵᠢ ᠲᠠᠭᠠᠰᠢᠶᠠᠨ ᠶᠠᠷᠢᠯ᠎ᠠ᠃      ︽ᠮᠠᠨ ᠤ ᠠᠳᠡ ᠳᠥᠭᠦᠮ ᠮᠥᠷᠲᠡᠭᠡᠨ ᠴᠡᠪᠡᠷ ᠪᠠᠶᠢᠳᠠᠭ᠂ ᠲᠥᠪ ᠲᠣᠭᠤᠭᠠᠨ ᠭᠡᠷ ᠨᠢᠭᠡᠳᠦᠯᠲᠡᠶ ᠲᠣᠬᠢᠷᠠᠭᠤᠯᠤᠨ ᠬᠦᠷᠭᠡᠵᠦ᠂ ᠬᠤᠭᠤᠯᠠ ᠨᠣᠭᠤᠭ᠎ᠠ ᠪᠠᠨ ᠴᠥᠮ ᠦᠯᠢᠭᠡᠷ ᠦᠯᠡᠳᠡᠭᠡᠨ ᠰᠢᠯᠭᠠᠨ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ ᠢ ᠪᠠᠲᠤᠯᠠᠳᠠᠭ︾ ᠭᠡᠵᠦ ᠯᠢᠦ ᠼᠦᠢ ᠴᠢᠩ᠄ ︽ᠤᠳᠤ ᠡᠳᠦᠷ ᠪᠦᠷᠢ 40 ᠭᠠᠷᠤᠢ ᠨᠠᠰᠤᠲᠠᠨ ᠬᠤᠭᠤᠯᠠ ᠢᠳᠡᠳᠡᠭ᠃ ᠲᠡᠳᠡᠨ ᠤ ᠳᠣᠲᠣᠷ᠎ᠠ ᠭᠠᠭᠴᠠᠭᠠᠷ ᠰᠠᠭᠤᠭ᠎ᠠ ᠨᠠᠰᠤᠲᠠᠨ ᠴᠥᠭᠡᠨ ᠪᠤᠰᠤ ᠪᠠᠶᠢᠨ᠎ᠠ᠃ ᠨᠢᠭᠡ ᠨᠠᠰᠤᠲᠠᠨ᠂ ᠨᠡᠶᠢᠭᠡᠮ ᠵᠢᠷᠤᠮ ᠤᠨ ᠰᠠᠶᠢᠨ ᠲᠠᠢ ᠲᠠᠯ᠎ᠠ ᠶᠢ ᠡᠨᠡ ᠨᠠᠰᠤᠨ ᠳᠠᠭᠠᠨ ᠵᠠᠪᠳᠤᠵᠤ ᠡᠳ᠋ᠯᠡᠪᠡ︕ ᠭᠡᠵᠦ ᠰᠡᠳᠬᠢᠯ ᠳᠣᠭᠳᠣᠯᠤᠨ ᠶᠠᠷᠢᠪᠠ︾ ᠭᠡᠵᠦ ᠣᠮᠣᠷᠬᠠᠭᠯᠠᠨ ᠬᠡᠯᠡᠪᠡ᠃      ︽ᠨᠡᠶᠢᠭᠡᠮ ᠵᠢᠷᠤᠮ ᠤᠨ ᠵᠣᠯ ᠵᠢᠷᠭᠠᠯᠲᠤ ᠠᠮᠢᠳᠤᠷᠠᠯ ᠡᠶᠢᠮᠦ ᠪᠠᠶᠢᠬᠤ ᠶᠣᠰᠣᠲᠠᠶ︾ ᠭᠡᠵᠦ ᠶᠡᠷᠦᠩᠬᠡᠢ ᠱᠦᠵᠢ ᠰᠢ ᠶᠢᠨ ᠫᠢᠩ᠄ ︽ᠲᠠ ᠨᠠᠷ ᠮᠠᠰᠢ ᠰᠠᠶᠢᠨ ᠬᠢᠵᠦ ᠪᠠᠶᠢᠨ᠎ᠠ᠃ ᠨᠠᠰᠤᠲᠠᠨ ᠢ ᠬᠦᠨᠳᠦᠯᠡᠵᠦ ᠮᠡᠷᠭᠡᠳ ᠢ ᠬᠦᠨᠳᠦᠳᠬᠡᠬᠦ ᠪᠣᠯ ᠮᠠᠨ ᠤ ᠰᠢᠯᠢᠳᠡᠭ ᠤᠯᠠᠮᠵᠢᠯᠠᠯ ᠮᠥᠨ︾ ᠭᠡᠵᠦ ᠵᠣᠷᠢᠭᠵᠢᠭᠤᠯᠵᠠᠶ᠃      ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠤᠩᠰᠢᠯᠭ᠎ᠠ ᠶᠢᠨ ᠲᠠᠰᠤᠭ ᠲᠤ᠂ ᠰᠠᠶ᠋ᠢᠬᠠᠨ ᠰᠤᠷᠭᠠᠭᠤᠯᠢ ᠲᠠᠷᠬᠠᠭᠰᠠᠨ ᠬᠡᠦᠬᠡᠳ ᠤᠳ ︽ᠲᠦᠷᠪᠡᠨ ᠴᠠᠭ ᠬᠠᠭᠠᠰ ᠤᠨ ᠬᠢᠴᠢᠶᠡᠯ ᠤᠨ ᠲᠠᠩᠬᠢᠮ︾ ᠳᠤ ᠳᠠᠰᠬᠠᠯ ᠬᠢᠵᠦ᠂ ᠭᠠᠷ ᠤᠷᠠᠯᠠᠯ ᠬᠢᠵᠦ ᠪᠠᠶᠢᠯ᠎ᠠ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠬᠤ ᠳᠤ᠂ ᠰᠢᠷᠡᠭᠡᠨ ᠳᠡᠭᠡᠷ᠎ᠡ ᠡᠯᠳᠡᠪ ᠥᠩᠭᠡ ᠶᠢᠨ ᠴᠠᠭᠠᠰᠤᠨ ᠯᠤᠤᠲᠤ ᠣᠩᠭᠤᠴᠠ ᠪᠣᠯᠤᠨ ᠦᠨᠦᠷᠲᠦ ᠬᠠᠪᠲᠠᠭ᠎ᠠ ᠲᠠᠯᠪᠢᠭᠰᠠᠨ ᠢ ᠦᠵᠡᠭᠡᠳ᠂ ᠶᠡᠷᠦᠩᠬᠡᠢ ᠱᠦᠵᠢ ᠬᠡᠦᠬᠡᠳ ᠤᠳ ᠤᠨ ᠤᠷ᠎ᠠ ᠮᠡᠷᠭᠡᠵᠢᠯ ᠢ ᠮᠠᠰᠢ ᠭᠠᠶᠢᠬᠠᠨ ᠮᠠᠭᠲᠠᠵᠠᠢ᠃      ︽ᠬᠡᠦᠬᠡᠳ  ᠤᠳ ᠰᠤᠷᠭᠠᠭᠤᠯᠢ ᠲᠠᠷᠬᠠᠭᠰᠠᠨ  ᠤ ᠳᠠᠷᠠᠭ᠎ᠠ ᠲᠣᠰᠴᠤ ᠠᠪᠬᠤ ᠬᠥᠮᠦᠨ ᠪᠠᠶᠢᠬᠤ ᠬᠡᠷᠡᠭᠲᠡᠶ  ᠰᠢᠤ︾ ᠭᠡᠪᠡ᠃      ᠶᠡᠷᠦᠩᠬᠡᠶ ᠱᠦᠵᠢ ᠰᠢ ᠶᠢᠨ ᠫᠢᠩ ᠵᠢᠭᠠᠬᠤ ᠳᠠᠭᠠᠨ᠄ ︽ᠶᠠᠭᠤᠨ ᠤ ᠡᠮᠦᠨ᠎ᠡ ᠡᠨᠡ ᠶᠠᠪᠤᠳᠠᠯ ᠢ ᠰᠤᠷᠭᠠᠭᠤᠯᠢ ᠡᠷᠬᠢᠯᠡᠨ᠎ᠡ᠃ ᠰᠤᠷᠭᠠᠭᠤᠯᠢ ᠨᠢ ᠰᠤᠷᠤᠭᠴᠢᠳ ᠤᠨ ᠬᠢᠴᠢᠶᠡᠯ ᠤᠨ ᠳᠠᠷᠠᠭᠠᠬᠢ ᠴᠠᠭ ᠢ ᠪᠥᠬᠦᠳᠡ ᠶᠢ ᠨᠡᠶᠢᠭᠡᠮ ᠳᠤ ᠲᠦᠯᠬᠢᠵᠦ ᠪᠣᠯᠬᠤ ᠦᠭᠡᠢ᠂ ᠰᠤᠷᠤᠭᠴᠢᠳ ᠤᠨ ᠦᠨᠳᠦᠰᠦᠨ ᠰᠤᠷᠤᠯᠴᠠᠯᠭ᠎ᠠ ᠶᠢ ᠰᠤᠷᠭᠠᠭᠤᠯᠢ ᠶᠢᠨ ᠪᠠᠭᠰᠢ ᠨᠠᠷ ᠡᠭᠦᠷᠭᠡᠯᠡᠪᠡᠯ ᠵᠣᠬᠢᠨ᠎ᠠ᠃ ᠰᠤᠷᠭᠠᠭᠤᠯᠢ ᠳᠠᠭᠠᠨ ᠬᠢᠬᠦ ᠦᠭᠡᠢ ᠬᠠᠷᠢᠨ ᠭᠠᠳᠠᠨ᠎ᠠ ᠭᠠᠷᠤᠭᠠᠳ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠡᠷᠬᠢᠯᠡᠵᠦ ᠪᠣᠯᠬᠤ ᠦᠭᠡᠢ᠂ ᠢᠩᠭᠢᠪᠡᠯ ᠡᠬᠢ ᠠᠳᠠᠭ ᠢ ᠲᠣᠩᠭᠤᠷᠠᠭᠤᠯᠤᠭᠰᠠᠨ ᠶᠠᠪᠤᠳᠠᠯ ᠪᠣᠯᠤᠨ᠎ᠠ᠂ ᠤᠳᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠶᠠᠭ ᠡᠨᠡ ᠬᠦ ᠦᠵᠡᠭᠳᠡᠯ ᠢ ᠵᠠᠯᠠᠷᠠᠭᠤᠯᠵᠤ ᠪᠠᠶᠢᠨ᠎ᠠ︾ ᠭᠡᠵᠡᠶ᠃      ᠶᠡᠷᠦᠩᠬᠡᠶ ᠱᠦᠵᠢ ᠪᠠᠰᠠ᠄ ︽ᠶᠠᠷᠢᠶᠠᠨ ᠦᠭᠡᠶ᠂ ᠬᠡᠷᠪᠡ ᠬᠡᠦᠬᠡᠳ ᠤᠳ ᠲᠤ ᠴᠠᠭ ᠪᠠ ᠳᠤᠷ᠎ᠠ ᠰᠣᠨᠢᠷᠬᠠᠯ ᠪᠠᠶᠢᠪᠠᠯ᠂ ᠨᠡᠶᠢᠭᠡᠮ ᠲᠣᠭᠤᠷᠢᠭ ᠲᠤ ᠢᠷᠡᠵᠦ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠳᠤᠷ᠎ᠠ ᠰᠣᠨᠢᠷᠬᠠᠯ ᠳᠤ ᠨᠡᠶᠢᠴᠡᠭᠰᠡᠨ ᠶᠠᠪᠤᠳᠠᠯ ᠢ ᠬᠢᠯᠭᠡᠬᠦ ᠨᠢ ᠴᠦ ᠮᠠᠰᠢ ᠰᠠᠶᠢᠨ ᠶᠤᠮ︾ ᠭᠡᠵᠦ ᠤᠯᠠᠮ ᠨᠢᠭᠡ ᠠᠯᠬᠤᠮ ᠵᠢᠭᠠᠵᠤ ᠭᠠᠷᠭᠠᠪᠠ᠃      ᠤᠶᠠᠩᠭ᠎ᠠ ᠳᠠᠭᠤᠤ ᠶᠢᠨ ᠳᠤᠮᠳᠠ᠂ ᠶᠡᠷᠦᠩᠬᠡᠢ ᠱᠦᠵᠢ ᠰᠢ ᠶᠢᠨ ᠫᠢᠩ ᠪᠠᠰᠠ ᠪᠥᠵᠢᠭ ᠤᠨ ᠳᠠᠰᠤᠭ ᠲᠤ ᠬᠦᠷᠴᠦ ᠢᠷᠡᠪᠡ᠃      ︽ᠳᠠᠭᠤᠤ ᠶᠢᠨ ᠪᠠᠷᠢᠯᠳᠤᠯᠭ᠎ᠠ ᠨᠠᠶᠢᠷᠠᠯ ᠳᠠᠭᠤᠤ ᠶᠢᠨ ᠪᠦᠯᠬᠦᠮ︾ ᠣᠲᠣ ᠶᠠᠭ ᠠᠳᠡ ︽ᠲᠤᠯᠤᠭᠠᠨ ᠰᠠᠷ᠎ᠠ ᠶᠢᠨ ᠨᠢᠭᠡᠨ︾ ᠤ ᠪᠠᠶᠠᠷ ᠢᠶᠠᠨ ᠪᠡᠯᠭᠡᠯᠡᠬᠦ ᠬᠤᠪᠢᠰᠬᠠᠯ ᠤᠨ ᠤᠯᠠᠭᠠᠨ ᠳᠠᠭᠤᠤ ᠪᠠᠨ ᠪᠣᠯᠪᠠᠰᠤᠷᠠᠵᠤ ᠪᠠᠶᠢᠨ᠎ᠠ᠃ 61 ᠨᠠᠰᠤᠲᠠᠶ ᠷᠣᠯᠮᠠᠰᠧᠷᠡᠩ ᠨᠢᠭᠡᠳᠦᠭᠡᠷ ᠮᠥᠷ ᠲᠤ ᠵᠣᠭᠰᠣᠵᠤ᠂ ᠡᠭᠡᠰᠢᠭᠲᠦ ᠰᠠᠶᠢᠬᠠᠨ ᠲᠥᠪᠡᠳ ᠬᠡᠯᠡ ᠪᠠᠷ᠄ ︽ᠪᠡᠭᠡᠵᠢᠩ ᠤᠨ ᠵᠢᠨᠱᠠᠨ ᠠᠭᠤᠯᠠᠨ ᠳᠤ ᠭᠡᠷᠡᠯ ᠰᠠᠴᠤᠷᠠᠨ᠎ᠠ ᠁︾ ᠭᠡᠵᠦ ᠳᠠᠭᠠᠭᠤᠯᠤᠨ ᠳᠠᠭᠤᠯᠠᠪᠠ᠃      ᠶᠡᠷᠦᠩᠬᠡᠢ ᠱᠦᠵᠢ ᠲᠦᠷᠦᠭᠦᠯᠡᠨ ᠠᠯᠠᠭ᠎ᠠ ᠲᠠᠰᠢᠵᠤ᠄ ︽︿ᠪᠡᠭᠡᠵᠢᠩ ᠤᠨ ᠵᠢᠨᠱᠠᠨ ᠠᠭᠤᠯᠠᠨ ᠳᠤ﹀ ᠭᠡᠰᠡᠨ ᠳᠠᠭᠤᠤ ᠨᠢ ᠠᠷᠠᠳ ᠲᠦᠮᠡᠨ ᠢᠯᠠᠩᠭᠤᠶ᠎ᠠ ᠲᠥᠪᠡᠳ ᠦᠨᠳᠦᠰᠦᠲᠡᠨ ᠤ ᠠᠬ᠎ᠠ ᠳᠡᠭᠦᠦ ᠨᠡᠷ ᠤᠨ ᠨᠠᠮ᠂ ᠡᠬᠡ ᠤᠯᠤᠰ᠂ ᠨᠡᠶᠢᠭᠡᠮ ᠵᠢᠷᠤᠮ ᠳᠠᠬᠢ ᠬᠠᠶᠢᠷ᠎ᠠ ᠰᠡᠳᠬᠢᠯᠭᠡ ᠪᠠᠨ ᠮᠠᠭᠲᠠᠨ ᠳᠠᠭᠤᠯᠠᠪᠠ᠃ ︿ᠲᠤᠯᠤᠭᠠᠨ ᠰᠠᠷ᠎ᠠ ᠶᠢᠨ ᠨᠢᠭᠡᠨ﹀ ᠤ ᠨᠠᠮ ᠪᠠᠶᠢᠭᠤᠯᠤᠭᠳᠠᠭᠰᠠᠨ ᠣᠢ ᠶᠢᠨ ᠪᠠᠶᠠᠷ ᠤᠨ ᠦᠶ᠎ᠡ ᠳᠤ ᠳᠠᠭᠤᠯᠠᠪᠠᠯ ᠮᠠᠰᠢ ᠤᠳᠬ᠎ᠠ ᠠᠭᠤᠯᠭ᠎ᠠ ᠲᠠᠢ ᠶᠤᠮ︾ ᠭᠡᠵᠦ ᠶᠠᠷᠢᠵᠤ ᠪᠠᠶᠢᠯ᠎ᠠ᠃      ᠳᠠᠭᠤᠤ ᠶᠢᠨ ᠠᠶᠠᠰ ᠲᠤ ᠠᠷᠠᠳ ᠲᠦᠮᠡᠨ ᠤ ᠴᠢᠩ ᠦᠨᠡᠨᠴᠢ ᠰᠡᠳᠬᠢᠯᠭᠡ ᠰᠢᠩᠭᠡᠵᠦ᠂ ᠬᠥᠮᠦᠰ ᠤᠨ ᠰᠡᠳᠬᠢᠯ ᠵᠣᠯ ᠵᠢᠷᠭᠠᠯ ᠢᠶᠠᠷ ᠪᠢᠯᠬᠠᠨ᠎ᠠ᠃      ᠨᠡᠶᠢᠭᠡᠮ ᠲᠣᠭᠤᠷᠢᠭ ᠠᠴᠠ ᠰᠠᠯᠬᠤ ᠦᠶ᠎ᠡ ᠳᠤ᠂ ᠰᠠᠭᠤᠭᠠᠯᠢ ᠠᠷᠠᠳ ᠶᠡᠷᠦᠩᠬᠡᠢ ᠱᠦᠵᠢ ᠶᠢ ᠬᠦᠷᠢᠶᠡᠯᠡᠨ ᠵᠣᠭᠰᠣᠵᠤ᠂ ᠰᠠᠯᠵᠤ ᠶᠠᠳᠠᠭᠰᠠᠨ ᠰᠡᠳᠬᠢᠯᠭᠡ ᠪᠠᠷ ᠦᠳᠡᠨ ᠮᠣᠷᠳᠠᠭᠤᠯᠪᠠ᠃      ᠶᠡᠷᠦᠩᠬᠡᠢ ᠱᠦᠵᠢ ᠰᠢ ᠶᠢᠨ ᠫᠢᠩ ᠤᠯᠠᠨ ᠳᠤ᠄ ︽ᠨᠢᠭᠡ ᠨᠡᠶᠢᠭᠡᠮ ᠲᠣᠭᠤᠷᠢᠭ ᠢ ᠰᠠᠶᠢᠲᠤᠷ ᠡᠷᠬᠢᠯᠡᠬᠦ ᠳᠤ᠂ ᠵᠠᠪᠠᠯ ᠲᠦᠢᠯ ᠤᠨ ᠴᠢᠩᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠲᠠᠢ ᠪᠠᠶᠢᠬᠤ ᠬᠡᠷᠡᠭᠲᠡᠢ᠂ ᠨᠡᠶᠢᠭᠡᠮ ᠲᠣᠭᠤᠷᠢᠭ ᠤᠨ ᠡᠯ᠎ᠡ ᠲᠠᠯ᠎ᠠ ᠶᠢᠨ ᠦᠢᠯᠡᠴᠢᠯᠡᠭᠡ ᠶᠢ ᠭᠦᠢᠴᠡᠳ ᠪᠥᠭᠡᠳ ᠰᠠᠶᠢᠲᠤᠷ ᠬᠢᠵᠦ᠂ ᠤᠯᠠᠨ ᠲᠦᠮᠡᠨ ᠤ ᠥᠪᠡᠷᠲᠡᠭᠡᠨ ᠵᠠᠰᠠᠬᠤ ᠴᠢᠨᠠᠷᠲᠠᠶ ᠶᠠᠪᠤᠳᠠᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ︾ ᠭᠡᠵᠦ ᠬᠡᠯᠡᠵᠡᠶ᠃      ︽ᠠᠮᠤᠷ ᠵᠢᠮᠦᠷ ᠠᠮᠢᠳᠤᠷᠠᠪᠠᠯ ᠰᠠᠶ᠋ᠢ ᠠᠵᠤ ᠲᠥᠷᠥᠵᠦ ᠴᠢᠳᠠᠨ᠎ᠠ᠃ ᠢᠷᠡᠭᠡᠳᠦᠢ ᠳᠤ ᠪᠢᠳᠡ ᠨᠡᠩ ᠵᠣᠯ ᠵᠢᠷᠭᠠᠯᠲᠤ ᠠᠮᠢᠳᠤᠷᠠᠯ ᠢ ᠡᠳ᠋ᠯᠡᠬᠦ ᠶᠤᠮ︾᠃ ᠬᠥᠮᠦᠰ ᠤᠨ ᠳᠤᠮᠳᠠᠬᠢ ᠬᠡᠦᠬᠡᠳ ᠤᠳ ᠢ ᠬᠠᠷᠠᠭᠠᠳ ᠶᠡᠷᠦᠩᠬᠡᠶ ᠱᠦᠵᠢ ᠶᠢᠨ ᠨᠢᠭᠤᠷ ᠲᠤ ᠢᠨᠢᠶᠡᠮᠰᠦᠭᠯᠡᠯ ᠲᠣᠳᠣᠷᠠᠵᠤ᠄ ︽ᠡᠳᠡᠭᠡᠷ ᠬᠡᠦᠬᠡᠳ ᠤᠳ ᠲᠣᠮᠣ ᠪᠣᠯᠤᠭᠰᠠᠨ ᠤ ᠬᠤᠶᠢᠨ᠎ᠠ ᠮᠠᠨ ᠤ ᠤᠯᠤᠰ ᠣᠷᠣᠨ ᠪᠠᠰᠠ ᠠᠳᠠᠯᠢ ᠦᠭᠡᠶ ᠪᠣᠯᠵᠤ᠂ ᠮᠠᠨ ᠤ ᠠᠷᠠᠳ ᠤᠨ ᠠᠮᠢᠳᠤᠷᠠᠯ ᠪᠠᠰᠠ ᠨᠢᠭᠡᠨ ᠲᠦᠪᠰᠢᠨ ᠳᠤ ᠬᠦᠷᠬᠦ ᠪᠣᠯᠣᠨ᠎ᠠ᠃ ᠣᠳᠣ ᠠᠴᠠ ᠡᠬᠢᠯᠡᠨ᠂ ᠠᠷᠠᠳ ᠲᠦᠮᠡᠨ ᠤ ᠠᠮᠢᠳᠤᠷᠠᠯ ᠢ ᠨᠡᠩ ᠵᠣᠯ ᠵᠢᠷᠭᠠᠯᠲᠠᠶ ᠪᠣᠯᠭᠠᠬᠤ ᠶᠢᠨ ᠲᠥᠯᠥᠭᠡ ᠪᠢᠳᠡ ᠴᠥᠬᠦᠷᠡᠰᠢ ᠦᠭᠡᠢ ᠴᠢᠷᠮᠠᠶᠢᠬᠤ ᠬᠡᠷᠡᠭᠲᠡᠢ︕︾ ᠭᠡᠪᠡ᠃      ︽ᠬᠥᠬᠡᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ︿ᠲᠥᠷᠥ ᠶᠢᠨ ᠶᠡᠭᠡ ᠶᠠᠪᠤᠳᠠᠯ﹀ ᠮᠥᠨ︾      ︽ᠬᠥᠬᠡᠨᠠᠭᠤᠷ ᠤᠨ ᠬᠠᠮᠤᠭ ᠤᠨ ᠶᠡᠭᠡ ᠦᠨ᠎ᠡ ᠥᠷᠲᠡᠭ ᠨᠢ ᠠᠮᠢ ᠠᠬᠤᠶ ᠳᠤ ᠪᠤᠶ᠂ ᠬᠠᠮᠤᠭ ᠤᠨ ᠶᠡᠭᠡ ᠬᠠᠷᠢᠭᠤᠴᠠᠯᠭ᠎ᠠ ᠨᠢ ᠠᠮᠢ ᠠᠬᠤᠶ ᠶᠢ ᠬᠠᠮᠠᠭᠠᠯᠠᠬᠤ ᠳᠤ ᠪᠤᠶ᠂ ᠬᠠᠮᠤᠭ ᠤᠨ ᠶᠡᠭᠡ ᠳᠠᠯᠳᠠ ᠬᠦᠴᠦᠨ ᠨᠢ ᠴᠦ ᠠᠮᠢ ᠠᠬᠤᠶ ᠳᠠᠭᠠᠨ ᠪᠤᠶ︾᠃ 2016 ᠣᠨ ᠳᠤ᠂ ᠶᠡᠷᠦᠩᠬᠡᠢ ᠱᠦᠵᠢ ᠰᠢ ᠶᠢᠨ ᠫᠢᠩ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ  ᠳᠠᠭᠠᠨ ᠶᠠᠷᠢᠭᠰᠠᠨ ᠡᠨᠡ ᠬᠦ ᠴᠢᠬᠤᠯᠠ ᠵᠢᠭᠠᠪᠤᠷᠢ ᠨᠢ ᠤᠳᠤ ᠪᠣᠯᠲᠠᠯ᠎ᠠ ᠬᠥᠮᠦᠰ ᠢ ᠰᠡᠩᠬᠡᠷᠡᠭᠦᠯᠦᠭᠰᠡᠭᠡᠷ ᠪᠠᠶᠢᠨ᠎ᠠ᠃      ︽ᠪᠢ ᠡᠮᠦᠨ᠎ᠡ ᠨᠢ ᠭᠤᠷᠪᠠᠨ ᠮᠥᠷᠡᠨ ᠤ ᠡᠬᠢ᠂ ᠴᠢ ᠯᠢᠶᠠᠨ ᠱᠠᠨ ᠠᠭᠤᠯᠠ ᠶᠢ ᠦᠵᠡᠬᠦ ᠪᠠᠷ ᠣᠴᠢᠭᠰᠠᠨ ᠶᠤᠮ᠂ ᠡᠨᠡ ᠤᠳᠠᠭ᠎ᠠ ᠲᠤᠰᠬᠠᠶᠢᠯᠠᠨ ᠬᠥᠬᠡ ᠨᠠᠭᠤᠷ ᠢ ᠦᠵᠡᠬᠦ ᠪᠠᠷ ᠢᠷᠡᠵᠡᠢ᠃︾      ᠬᠥᠬᠡ ᠨᠠᠭᠤᠷ ᠪᠣᠯ ᠳᠤᠮᠳᠠᠳᠤ ᠤᠯᠤᠰ ᠤᠨ ᠬᠠᠮᠤᠭ ᠤᠨ ᠶᠡᠭᠡ ᠳᠣᠲᠣᠭᠠᠳᠤ ᠬᠠᠭᠤᠷᠠᠶ ᠶᠢᠨ ᠱᠣᠷᠪᠣᠭ ᠨᠠᠭᠤᠷ ᠪᠠᠶᠢᠵᠤ᠂ ᠶᠡᠷᠦᠩᠬᠡᠶ ᠲᠠᠯᠠᠪᠠᠶ ᠨᠢ 70 ᠭᠠᠷᠤᠶ ᠲᠦᠮᠡᠨ ᠺᠣᠸᠠᠳ᠋ ᠺᠢᠯᠣᠮᠧᠲᠷ ᠤᠨ ᠬᠥᠬᠡᠨᠠᠭᠤᠷ ᠮᠤᠵᠢ ᠶᠢᠨ ᠨᠡᠷ᠎ᠡ ᠨᠢ ᠡᠭᠦᠨ ᠠᠴᠠ ᠢᠷᠡᠯᠲᠡ ᠲᠠᠢ ᠶᠤᠮ᠃      ᠰᠢᠨᠢᠩ ᠠᠴᠠ ᠮᠣᠷᠳᠠᠨ᠂ ᠭᠠᠯᠲᠤ ᠲᠡᠷᠭᠡᠨ ᠳᠤ ᠰᠠᠭᠤᠵᠤ᠂ ᠳᠠᠬᠢᠨ ᠮᠠᠰᠢᠨ ᠲᠡᠷᠭᠡ ᠰᠣᠯᠢᠭᠠᠳ᠂ 8 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠲᠡᠯᠡᠶ ᠶᠢᠨ ᠲᠦᠪᠰᠢᠨ ᠠᠴᠠ 3200 ᠭᠠᠷᠤᠶ ᠮᠧᠲᠷ ᠡᠷᠭᠦᠭᠳᠡᠭᠰᠡᠨ ᠬᠥᠬᠡ ᠨᠠᠭᠤᠷ ᠤᠨ ᠰᠢᠶᠠᠨ ᠨᠢᠤᠢ ᠸᠠᠨ ᠪᠤᠯᠤᠩ ᠳᠤ ᠬᠦᠷᠴᠦ᠂ ᠠᠳᠡᠬᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃      ᠰᠢᠶᠠᠨ ᠨᠢᠦᠢ ᠸᠠᠨ ᠪᠤᠯᠤᠩ ᠨᠢ ᠬᠥᠬᠡ ᠨᠠᠭᠤᠷ ᠤᠨ ᠪᠠᠷᠠᠭᠤᠨ ᠬᠤᠶᠢᠲᠤ ᠵᠠᠬ᠎ᠠ ᠳᠤ ᠪᠠᠶᠢᠷᠢᠯᠠᠵᠤ᠂ ᠬᠥᠬᠡ ᠨᠠᠭᠤᠷ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠤᠷᠰᠢᠯᠲᠠ ᠶᠢᠨ ᠣᠷᠣᠨ ᠳᠤ ᠬᠠᠷᠢᠶᠠᠯᠠᠭᠳᠠᠨ᠎ᠠ᠃ ᠵᠤᠨ ᠤ ᠦᠶᠡᠰ ᠨᠡᠷᠡᠨ ᠤ ᠭᠡᠷᠡᠯ ᠨᠠᠭᠤᠷ ᠤᠨ ᠤᠰᠤᠨ ᠳᠤ ᠲᠤᠰᠬᠤ ᠳᠤ ᠭᠢᠯᠠᠯᠵᠠᠨ ᠳᠣᠯᠭᠢᠶᠠᠯᠠᠵᠤ᠂ ᠬᠥᠪᠡᠭᠡ ᠬᠢᠵᠠᠭᠠᠷ ᠨᠢ ᠬᠠᠷᠠᠭᠳᠠᠬᠤ ᠦᠭᠡᠶ ᠪᠣᠯᠳᠠᠭ᠃      ᠲᠤᠬᠠᠢ ᠶᠢᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠷᠦᠩᠬᠡᠢ ᠱᠦᠵᠢ ᠳᠤ᠂ ᠤᠢᠢᠷ᠎ᠠ ᠶᠢᠨ 15 ᠵᠢᠯ ᠤᠨ ᠲᠤᠷᠰᠢ᠂ ᠬᠥᠬᠡ ᠨᠠᠭᠤᠷ ᠤᠨ ᠤᠰᠤᠨ ᠤ ᠲᠦᠪᠰᠢᠨ 3 ᠮᠧᠲᠷ ᠭᠠᠷᠤᠢ ᠳᠡᠭᠡᠭᠰᠢᠯᠡᠵᠦ᠂ ᠲᠠᠯᠠᠪᠠᠢ ᠨᠢ 300 ᠭᠠᠷᠤᠢ ᠲᠡᠭᠰᠢ ᠳᠥᠷᠪᠡᠯᠵᠢᠨ ᠺᠢᠯᠣᠮᠧᠲᠷ ᠥᠷᠭᠡᠳᠪᠡ ᠭᠡᠵᠦ ᠲᠠᠨᠢᠯᠴᠠᠭᠤᠯᠪᠠ᠃      ︽ᠣᠳᠣ ᠤᠰᠤ ᠨᠢ ᠬᠡᠳᠦᠶ ᠭᠦᠨ ᠪᠠᠶᠢᠬᠤ ᠪᠤᠶ︖︾ ᠭᠡᠵᠦ ᠶᠡᠷᠦᠩᠬᠡᠢ ᠱᠦᠵᠢ ᠠᠰᠠᠭᠤᠪᠠ᠃      ︽ᠳᠤᠮᠳᠠᠴᠢ ᠪᠠᠷ 18 ᠮᠧᠲᠷ᠂ ᠬᠠᠮᠤᠭ ᠤᠨ ᠭᠦᠨ ᠳᠡᠭᠡᠨ 28 ᠮᠧᠲᠷ᠃︾      ᠬᠥᠬᠡ ᠨᠠᠭᠤᠷ ᠤᠨ ᠤᠰᠤᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠡᠷᠬᠢᠨ ᠲᠣᠭᠤᠷᠢᠨ ᠤ ᠠᠭᠤᠷ ᠠᠮᠢᠰᠬᠤᠯ ᠤᠨ ᠴᠢᠭᠢᠭᠲᠦᠵᠦ ᠳᠤᠯᠠᠭᠠᠷᠠᠬᠤ ᠳᠤ ᠠᠰᠢᠭᠲᠠᠶ ᠪᠠᠶᠢᠵᠤ᠂ ᠲᠤᠬᠠᠶ ᠶᠢᠨ ᠭᠠᠵᠠᠷ ᠤᠨ ᠬᠡᠭᠡᠷ᠎ᠡ ᠶᠢᠨ ᠠᠮᠢᠲᠠᠨ ᠤᠷᠭᠤᠮᠠᠯ ᠪᠠ ᠰᠢᠪᠠᠭᠤᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠵᠢᠴᠢ ᠪᠦᠬᠦ᠋ᠢᠯᠡ ᠨᠠᠭᠤᠷ ᠢ ᠲᠣᠭᠤᠷᠢᠭᠰᠠᠨ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠵᠣᠬᠢᠬᠤ ᠬᠡᠮᠵᠢᠶ᠎ᠡ ᠪᠠᠷ ᠰᠠᠶᠢᠵᠢᠷᠠᠭᠤᠯᠪᠠ᠃      ᠰᠢᠶᠠᠨ ᠨᠢᠦᠢ ᠸᠠᠨ ᠪᠤᠯᠤᠩ ᠠᠴᠠ ᠡᠷᠭᠢᠨ ᠲᠣᠭᠤᠷᠢᠨ ᠢ ᠪᠠᠷᠠᠯᠠᠬᠤ ᠳᠤ᠂ ᠤᠰᠤᠨ ᠰᠢᠰᠲ᠋ᠧᠮ᠂ ᠭᠤᠣᠯ ᠤᠨ ᠰᠠᠶᠢᠷᠭᠠᠯ᠂ ᠤᠰᠤᠨ ᠤ ᠤᠷᠭᠤᠮᠠᠯ ᠵᠡᠷᠭᠡ ᠠᠮᠢ ᠠᠬᠤᠶ ᠶᠢᠨ ᠦᠵᠡᠮᠵᠢ ᠶᠢᠨ ᠲᠥᠷᠥᠯ ᠵᠦᠢᠯ ᠪᠠᠶᠠᠯᠢᠭ ᠪᠠᠶᠢᠵᠤ᠂ ᠨᠣᠮᠢᠨ ᠳᠣᠯᠭᠢᠶᠠᠨ ᠳᠣᠯᠭᠢᠶᠠᠯᠠᠨ᠂ ᠰᠢᠪᠠᠭᠤᠳ ᠬᠠᠯᠢᠨ ᠨᠢᠰᠴᠦ᠂ ᠨᠡᠶᠢᠲᠡᠯᠢᠭ ᠨᠤᠭᠤ ᠭᠠᠵᠠᠷ ᠤᠨ ᠥᠩᠭᠡ ᠦᠵᠡᠮᠵᠢ ᠶᠢ ᠢᠯᠡᠷᠡᠭᠦᠯᠵᠦ ᠪᠠᠶᠢᠯ᠎ᠠ᠃      ︽ᠠᠳᠡᠬᠢ ᠶᠢᠨ ᠤᠰᠤᠨ ᠤ ᠴᠢᠨᠠᠷ ᠶᠠᠮᠠᠷ ᠪᠤᠶ︖︾ ︽ᠰᠢᠪᠠᠭᠤᠨ ᠤ ᠲᠥᠷᠥᠯ ᠬᠡᠳᠦᠶ ᠵᠦᠢᠯ ᠪᠠᠶᠢᠬᠤ ᠪᠣᠢ︖︾ ︽ᠵᠢᠭᠠᠰᠤ ᠠᠩᠨᠠᠬᠤ ᠶᠢ ᠴᠠᠭᠠᠵᠠᠯᠠᠬᠤ ᠠᠵᠢᠯᠯᠠᠭ᠎ᠠ ᠶᠢ ᠶᠠᠭᠠᠬᠢᠵᠤ ᠬᠢᠵᠦ ᠪᠠᠶᠢᠭ᠎ᠠ ᠪᠤᠢ︖︾ ᠭᠡᠵᠦ  ᠬᠥᠬᠡ ᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠣᠳᠣᠬᠢ ᠪᠠᠶᠢᠳᠠᠯ ᠪᠣᠯᠤᠨ ᠬᠠᠮᠠᠭᠠᠯᠠᠯᠲᠠ ᠶᠢᠨ ᠠᠵᠢᠯ ᠤᠨ ᠲᠣᠭᠤᠷᠢᠨ ᠳᠤ ᠶᠡᠷᠦᠩᠬᠡᠢ ᠱᠦᠵᠢ ᠮᠠᠰᠢ ᠨᠠᠷᠢᠯᠢᠭ ᠠᠰᠠᠭᠤᠪᠠ᠃      3 ᠰᠠᠷ᠎ᠠ ᠶᠢᠨ ᠡᠮᠦᠨ᠎ᠡ᠂ ᠪᠦᠬᠦ ᠤᠯᠤᠰ ᠤᠨ ᠬᠤᠶᠠᠷ ᠬᠤᠷᠠᠯ ᠤᠨ ᠬᠥᠬᠡᠨᠠᠭᠤᠷ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠲᠤᠬᠠᠢ ᠶᠢᠨ ᠲᠠᠯᠠᠪᠠᠢ ᠳᠤ᠂ ᠬᠠᠷᠠᠬᠠᠨ ᠪᠠᠭ᠎ᠠ ᠠᠴᠠ ᠪᠠᠨ ᠴᠢ ᠯᠢᠶᠠᠨ ᠱᠠᠨ ᠠᠭᠤᠯᠠ ᠶᠢᠨ ᠬᠤᠷᠮᠣᠢ ᠳᠤ ᠲᠦᠷᠦᠭᠰᠡᠨ ᠬᠠᠶᠢᠪᠸᠢ ᠵᠧᠦ ᠶᠢᠨ ᠮᠧᠨ ᠶᠤᠸᠠᠨ ᠰᠢᠶᠠᠨ ᠤ ᠺᠦᠩ ᠴᠢᠩ ᠵᠢᠤᠢ ᠲᠥᠯᠥᠭᠡᠯᠡᠭᠴᠢ ᠶᠡᠷᠦᠩᠬᠡᠢ ᠱᠦᠵᠢ ᠳᠤ ᠤᠢᠢᠷ᠎ᠠ ᠶᠢᠨ ᠵᠢᠯ ᠤᠳ ᠤᠨ ᠴᠢ ᠯᠢᠶᠠᠨ ᠱᠠᠨ ᠠᠭᠤᠯᠠ ᠶᠢᠨ ᠡᠮᠦᠨ᠎ᠡ ᠬᠤᠷᠮᠣᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠷᠠᠯᠲᠠ ᠶᠢ ᠲᠠᠨᠢᠯᠴᠠᠭᠤᠯᠪᠠ᠃      ᠡᠨᠡ ᠤᠳᠠᠭ᠎ᠠ᠂ ᠬᠥᠬᠡ ᠨᠠᠭᠤᠷ ᠤᠨ ᠬᠥᠪᠡᠭᠡᠨ᠎ᠡ ᠴᠢ ᠯᠢᠶᠠᠨ ᠱᠠᠨ ᠠᠭᠤᠯᠠ ᠶᠢ ᠪᠠᠷᠠᠯᠠᠨ᠂ ᠶᠡᠷᠦᠩᠬᠡᠢ ᠱᠦᠵᠢ ᠰᠢ ᠶᠢᠨ ᠫᠢᠩ ᠲᠤᠰᠬᠠᠶᠢᠯᠠᠨ ᠬᠥᠬᠡᠨᠠᠭᠤᠷ ᠮᠤᠵᠢ ᠶᠢᠨ ᠴᠢ ᠯᠢᠶᠠᠨ ᠱᠠᠨ ᠠᠭᠤᠯᠠᠨ ᠤ ᠪᠠᠶᠢᠭᠠᠯᠢ ᠶᠢᠨ ᠠᠮᠢ ᠠᠬᠤᠢ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢ ᠯᠢᠶᠠᠨ ᠱᠠᠨ ᠠᠭᠤᠯᠠᠨ ᠤ ᠮᠥᠰᠥᠨ ᠭᠤᠣᠯ ᠪᠣᠯᠤᠨ ᠬᠥᠬᠡ ᠨᠠᠭᠤᠷ ᠤᠨ ᠤᠰᠤᠨ ᠤ ᠡᠬᠢ ᠰᠤᠷᠪᠤᠯᠵᠢ ᠶᠢᠨ ᠬᠤᠭᠤᠷᠣᠨᠳᠣᠬᠢ ᠬᠤᠯᠪᠣᠭ᠎ᠠ ᠶᠢ ᠣᠨᠴᠣᠭᠤᠶᠢᠯᠠᠨ ᠠᠩᠬᠠᠷᠤᠨ ᠠᠰᠠᠭᠤᠪᠠ᠃      ᠮᠣᠳᠣᠨ ᠬᠥᠭᠦᠷᠭᠡ ᠶᠢᠨ ᠵᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠡᠷᠬᠢᠨ ᠲᠣᠭᠤᠷᠢᠨ ᠢ ᠶᠠᠪᠠᠭᠠᠨ ᠢᠶᠠᠷ ᠪᠠᠶᠢᠴᠠᠭᠠᠨ ᠦᠵᠡᠵᠡᠢ᠄ ᠠᠭᠤᠯᠠ ᠨᠢ ᠬᠥᠬᠡ᠂ ᠤᠰᠤ ᠨᠢ ᠲᠤᠩᠭᠠᠯᠠᠭ᠂ ᠬᠥᠳᠡᠭᠡ ᠲᠠᠯ᠎ᠠ ᠳᠤᠨᠢ ᠬᠤᠨᠢ ᠮᠠᠯ ᠰᠦᠷᠦᠭᠯᠡᠵᠦ᠂ ᠬᠥᠬᠡ ᠣᠭᠲᠠᠷᠭᠤᠢ ᠳᠤ ᠵᠢᠭᠦᠷᠲᠡᠨ ᠰᠢᠪᠠᠭᠤᠳ ᠨᠢᠰᠦᠯᠴᠡᠨ᠎ᠡ ᠁      ︽ᠡᠶᠢᠮᠦ ᠦᠵᠡᠮᠵᠢ ᠶᠢ ᠬᠠᠷᠠᠬᠤ ᠳᠤ ᠸᠠᠩ ᠯᠦᠸᠧ ᠪᠢᠨ ᠤ ᠬᠥᠬᠡᠨᠠᠭᠤᠷ ᠲᠤ ᠵᠣᠬᠢᠶᠠᠭᠰᠠᠨ ︿ᠠᠯᠤᠰ ᠤᠨ ᠭᠠᠵᠠᠷ ᠲᠤ﹀ ᠭᠡᠳᠡᠭ ᠠᠷᠠᠳ ᠤᠨ ᠳᠠᠭᠤᠤ ᠰᠠᠨᠠᠭᠠᠨ ᠳᠤ ᠣᠷᠣᠳᠠᠭ᠃ ᠶᠠᠭ ᠠᠳᠡᠬᠢ ᠶᠢᠨ ᠣᠬᠢ ᠰᠢᠮ᠎ᠡ ᠶᠢ ᠭᠦᠢᠴᠡᠳ ᠰᠢᠩᠭᠡᠭᠡᠭᠰᠡᠨ ᠠᠴᠠ ᠰᠠᠶ᠋ᠢ ᠬᠥᠮᠦᠨ ᠲᠥᠷᠥᠯᠬᠢᠲᠡᠨ ᠤ ᠤᠷᠠᠯᠢᠭ ᠤᠨ ᠰᠠᠩ ᠳᠤ ᠡᠶᠢᠮᠦ ᠰᠠᠶᠢᠬᠠᠨ ᠪᠦᠲᠦᠭᠡᠯ ᠢ ᠨᠡᠮᠡᠷᠢᠯᠡᠭᠰᠡᠨ ᠶᠤᠮ︾᠃      ᠶᠡᠷᠦᠩᠬᠡᠢ ᠱᠦᠵᠢ ᠶᠢᠨ ᠰᠡᠳᠬᠢᠯ ᠳᠤ᠂ ᠬᠥᠬᠡ ᠠᠭᠤᠯᠠ ᠨᠢ ᠳᠠᠷᠤᠢ ᠭᠤᠶᠣ ᠦᠵᠡᠮᠵᠢ᠂ ᠴᠡᠩᠬᠡᠷ ᠲᠡᠭᠷᠢ ᠨᠢ ᠴᠤ ᠵᠣᠯ ᠵᠢᠷᠭᠠᠯ ᠪᠠᠶᠢᠳᠠᠭ᠃      ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠠᠮᠢ ᠠᠬᠤᠶ ᠪᠣᠯ ᠡᠬᠢ ᠪᠠᠶᠠᠯᠢᠭ ᠪᠠ ᠡᠳ᠋ ᠬᠥᠷᠥᠩᠭᠡ᠂ ᠮᠠᠨ ᠤ ᠡᠷᠳᠡᠨᠢᠰ ᠤᠨ ᠰᠠᠩ ᠮᠥᠨ ᠭᠡᠪᠡ᠃ ᠡᠷᠬᠢᠨ ᠲᠣᠭᠤᠷᠢᠨ ᠢ ᠠᠵᠢᠭᠯᠠᠵᠤ᠂ ᠲᠡᠷᠡ ᠲᠤᠬᠠᠢ ᠶᠢᠨ ᠭᠠᠵᠠᠷ ᠤᠨ ᠨᠠᠮ ᠵᠠᠰᠠᠭ ᠤᠨ ᠬᠠᠷᠢᠭᠤᠴᠠᠯᠭᠠᠲᠠᠨ ᠨᠥᠬᠦᠳ ᠲᠤ᠂ ᠬᠥᠬᠡᠨᠠᠭᠤᠷ ᠤᠨ ᠠᠮᠢ ᠠᠬᠤᠢ ᠶᠢᠨ ᠪᠣᠯᠪᠠᠰᠤᠨ ᠤ ᠲᠠᠯ᠎ᠠ ᠪᠠᠷ ᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠲᠦᠢᠯ ᠤᠨ ᠴᠢᠬᠤᠯᠠ᠂ ᠬᠤᠪᠢ ᠶᠢᠨ ᠵᠢᠩ ᠮᠠᠰᠢ ᠬᠦᠨᠳᠦ ᠪᠠᠶᠢᠳᠠᠭ᠃ ᠬᠥᠬᠡᠨᠠᠭᠤᠷ ᠤᠨ ᠠᠮᠢ ᠠᠬᠤᠢ ᠶᠢᠨ ᠪᠣᠯᠪᠠᠰᠤᠨ ᠢ ᠰᠠᠶᠢᠲᠤᠷ ᠪᠠᠶᠢᠭᠤᠯᠵᠤ᠂ ᠠᠮᠢ ᠠᠬᠤᠢ ᠶᠢᠨ ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠠᠬᠢᠪᠠ᠃      9 ᠤ ᠡᠳᠦᠷ ᠤᠨ ᠦᠳᠡ ᠶᠢᠨ ᠡᠮᠦᠨ᠎ᠡ᠂ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ ᠬᠥᠬᠡᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷ ᠵᠣᠷᠢᠭ ᠰᠢᠭᠤᠳᠤᠭᠰᠠᠨ ᠪᠠᠶᠢᠯᠳᠤᠬᠤ ᠪᠤᠳᠤᠯᠭ᠎ᠠ ᠶᠢᠨ ᠪᠣᠳᠣᠯᠬᠢᠯᠠᠯ ᠢ ᠶᠠᠷᠢᠪᠠ᠃      ᠲᠡᠷᠡ ᠵᠢᠭᠠᠬᠤ ᠳᠠᠭᠠᠨ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠳᠣᠣᠱᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ᠂ ᠬᠥᠬᠡᠨᠠᠭᠤᠷ ᠤᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢ ᠰᠠᠭᠤᠷᠢ᠂ ᠤᠯᠤᠰ ᠤᠨ ᠨᠤᠲᠤᠭ ᠳᠡᠪᠢᠰᠬᠡᠷ ᠤᠨ ᠠᠮᠤᠷ ᠲᠦᠪᠰᠢᠨ ᠤ ᠪᠠᠶᠢᠷᠢ ᠰᠠᠭᠤᠷᠢ᠂ ᠡᠬᠢ ᠪᠠᠶᠠᠯᠢᠭ ᠡᠨᠧᠷᠭᠢ ᠶᠢᠨ ᠠᠮᠤᠷ ᠲᠦᠪᠰᠢᠨ ᠤ ᠪᠠᠶᠢᠷᠢ ᠰᠠᠭᠤᠷᠢ ᠨᠡᠩ ᠴᠢᠬᠤᠯᠠ ᠪᠣᠯᠪᠠ᠃      ︽ᠬᠥᠬᠡᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ︿ᠲᠥᠷᠥ ᠶᠢᠨ ᠶᠡᠭᠡ ᠶᠠᠪᠤᠳᠠᠯ﹀ ᠮᠥᠨ︾ ᠭᠡᠵᠦ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠬᠥᠬᠡᠨᠠᠭᠤᠷ ᠪᠣᠯ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠭᠠᠵᠠᠷ ᠪᠠᠶᠢᠵᠤ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠭᠤᠷᠪᠠᠨ ᠮᠥᠷᠡᠨ ᠤ ᠡᠬᠢ ᠶᠢ ᠬᠠᠮᠠᠭᠠᠯᠠᠬᠤ᠂ ︽ᠳᠤᠮᠳᠠᠳᠤ ᠶᠢᠨ ᠤᠰᠤᠨ ᠰᠤᠪᠤᠷᠭ᠎ᠠ︾ ᠶᠢ ᠬᠠᠮᠠᠭᠠᠯᠠᠬᠤ ᠴᠢᠬᠤᠯᠠ ᠶᠡᠭᠡ ᠡᠭᠦᠷᠭᠡ ᠶᠢ ᠰᠠᠶᠢᠲᠤᠷ ᠡᠭᠦᠷᠭᠡᠯᠡᠬᠦ ᠬᠡᠷᠡᠭᠲᠡᠢ ᠭᠡᠵᠡᠢ᠃      ᠶᠡᠷᠦᠩᠬᠡᠢ ᠱᠦᠵᠢ ᠰᠢ ᠶᠢᠨ ᠫᠢᠩ ᠪᠠᠰᠠ᠂ ᠬᠥᠬᠡᠨᠠᠭᠤᠷ ᠲᠤ ᠥᠪᠡᠷ ᠤᠨ ᠭᠡᠰᠡᠨ ᠣᠨᠴᠠᠯᠢᠭ ᠲᠠᠢ ᠪᠠᠶᠢᠵᠤ᠂ ᠡᠷᠬᠡᠪᠰᠢ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠪᠥᠬᠦ ᠤᠯᠤᠰ ᠤᠨ ᠶᠡᠭᠡ ᠲᠠᠯ᠎ᠠ ᠠᠴᠠ ᠥᠪᠡᠷ ᠤᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ ᠤᠯᠬᠤ ᠬᠡᠷᠡᠭᠲᠡᠶ᠃ ᠬᠥᠬᠡᠨᠠᠭᠤᠷ ᠤᠨ 90% ᠠᠴᠠ ᠳᠡᠭᠡᠭᠰᠢᠬᠢ ᠨᠤᠲᠤᠭ ᠳᠡᠪᠢᠰᠬᠡᠷ ᠨᠢ ᠨᠡᠭᠡᠭᠡᠨ ᠬᠥᠭᠵᠢᠭᠦᠯᠬᠦ ᠶᠢ ᠬᠢᠵᠠᠭᠠᠷᠯᠠᠬᠤ ᠣᠷᠣᠨ ᠪᠤᠶᠤ ᠨᠡᠭᠡᠭᠡᠨ ᠬᠥᠭᠵᠢᠭᠦᠯᠬᠦ ᠶᠢ ᠴᠠᠭᠠᠵᠠᠯᠠᠬᠤ ᠣᠷᠣᠨ ᠳᠤ ᠬᠠᠷᠢᠶᠠᠯᠠᠭᠳᠠᠬᠤ ᠤᠴᠢᠷ ᠠᠴᠠ ᠡᠷᠬᠡᠪᠰᠢ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠨᠣᠯᠵᠢᠬᠤᠨ ᠢ ᠪᠠᠲᠤᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠨᠠᠷᠯᠢᠭ ᠬᠥᠭᠵᠢᠯᠲᠡ ᠶᠢᠨ ᠦᠨᠳᠦᠰᠦᠨ ᠤᠷᠢᠲᠠᠯ ᠪᠠ ᠵᠠᠪᠠᠯ ᠪᠠᠶᠢᠬᠤ ᠬᠢᠵᠠᠭᠠᠷᠯᠠᠯ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠥᠬᠡᠨᠠᠭᠤᠷ ᠮᠤᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠠᠵᠢᠯ ᠤᠨ ᠬᠠᠷᠢᠭᠤ ᠮᠡᠳᠡᠭᠦᠯᠦᠯᠲᠡ ᠬᠢᠬᠦ ᠳᠡᠭᠡᠨ᠂ ᠬᠥᠬᠡᠨᠠᠭᠤᠷ ᠤᠳᠤ ᠶᠠᠭ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠥᠰᠥ ᠶᠢᠨ ᠰᠢᠰᠲ᠋ᠧᠮ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠠᠶᠢᠨ᠎ᠠ ᠭᠡᠵᠡᠢ᠃      ᠡᠭᠦᠨ ᠤ ᠲᠤᠬᠠᠶ ᠶᠡᠷᠦᠩᠬᠡᠶ ᠱᠦᠵᠢ ᠰᠢ ᠶᠢᠨ ᠫᠢᠩ᠄ ︽ᠲᠠ ᠨᠠᠷ ᠤᠨ ︿ᠮᠥᠰᠥ﹀ ᠭᠡᠰᠡᠨ ᠦᠰᠦᠭ ᠢ ᠨᠡᠮᠡᠭᠰᠡᠨ ᠨᠢ ᠬᠥᠬᠡᠨᠠᠭᠤᠷ ᠤᠨ ᠠᠮᠢ ᠠᠬᠤᠶ ᠶᠢᠨ  ᠣᠨᠴᠣᠭᠤᠢ ᠴᠢᠨᠠᠷ ᠢ ᠬᠠᠷᠠᠭᠤᠯᠵᠤ ᠪᠠᠶᠢᠬᠤ ᠶᠢ ᠪᠢ ᠠᠩᠬᠠᠷᠴᠤ ᠣᠯᠪᠠ᠂ ᠡᠨᠡ ᠬᠦ ︿ᠮᠥᠰᠥ﹀ ᠭᠡᠰᠡᠨ ᠦᠰᠦᠭ ᠢ ᠭᠠᠵᠠᠷ ᠪᠣᠯᠭᠠᠨ ᠳᠤ ᠨᠡᠮᠡᠵᠦ ᠪᠣᠯᠳᠠᠭ ᠦᠭᠡᠶ ᠶᠤᠮ︾ ᠭᠡᠵᠦ ᠨᠤᠲᠠᠯᠠᠪᠠ᠃      ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠵᠠᠷᠢᠮ ᠬᠡᠷᠡᠭ ᠲᠤ ᠶᠡᠷᠦᠩᠬᠡᠶ ᠱᠦᠵᠢ ᠰᠢ ᠶᠢᠨ ᠫᠢᠩ ᠢᠮᠠᠭᠲᠠ ᠳᠡᠭᠡᠳᠦ ᠬᠡᠮᠵᠢᠶᠡᠨ ᠤ ᠠᠩᠬᠠᠷᠤᠯ ᠲᠠᠯᠪᠢᠭᠰᠠᠭᠠᠷ ᠢᠷᠡᠵᠡᠶ᠃      2014 ᠣᠨ ᠤ 8 ᠳ᠋ᠤᠭᠠᠷ ᠰᠠᠷ᠎ᠠ᠂ 9 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠬᠥᠬᠡᠨᠠᠭᠤᠷ ᠤᠨ ᠴᠢ ᠯᠢᠶᠠᠨ ᠱᠠᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠮᠦᠷᠢ ᠠᠭᠤᠷᠬᠠᠶ ᠶᠢᠨ ᠣᠷᠣᠨ ᠤ ᠡᠪᠳᠡᠯᠡᠯᠭᠡ ᠶᠢᠨ ᠴᠢᠨᠠᠷᠲᠠᠶ ᠨᠡᠭᠡᠭᠡᠨ ᠮᠠᠯᠲᠠᠯᠲᠠ ᠳᠤ ᠴᠣᠬᠤᠯᠠᠪᠤᠷᠢ ᠥᠭᠪᠡ᠃      ᠡᠨᠡ ᠤᠳᠠᠭ᠎ᠠ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠳᠠᠬᠢᠨᠲᠠ ᠴᠢᠬᠤᠯᠠᠴᠢᠯᠠᠭᠰᠠᠨ ᠨᠢ᠂ ᠮᠦᠷᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠰᠡᠭᠦᠯ ᠦᠯᠡᠳᠡᠭᠡᠬᠦ ᠦᠭᠡᠢ᠂ ᠬᠠᠷᠠᠮᠰᠠᠯ ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠬᠤᠶᠢᠰᠢᠳᠠ ᠡᠶᠢᠮᠦᠷᠬᠦ ᠠᠰᠠᠭᠤᠳᠠᠯ ᠢ ᠨᠢᠭᠡ ᠶᠢ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠵᠥᠪᠬᠡᠨ ︽ᠳᠠᠬᠢᠵᠤ ᠢᠩᠭᠢᠵᠦ ᠪᠣᠯᠬᠤ ᠤᠢᠭᠡᠢ︾ ᠭᠡᠵᠦ ᠥᠩᠭᠡᠷᠡᠭᠡᠵᠦ ᠪᠣᠯᠬᠤ ᠤᠢᠭᠡᠢ ᠭᠡᠪᠡ᠃      ︽ᠨᠢᠭᠡᠨ ᠵᠣᠯ ᠵᠢᠷᠭᠠᠯᠲᠤ ᠤᠯᠤᠰ᠂ ᠨᠢᠭᠡᠨ ᠣᠳᠣᠬᠢᠴᠢᠯᠠᠭᠰᠠᠨ ᠤᠯᠤᠰ ᠢ ᠯᠠᠪᠲᠠᠢ ᠪᠦᠳᠦᠭᠡᠨ ᠪᠠᠶᠢᠭᠤᠯᠵᠤ ᠴᠢᠳᠠᠨ᠎ᠠ︾      ᠭᠠᠩᠼᠠ ᠰᠢᠶᠠᠨ ᠤ ᠱᠠ ᠯᠢᠦ ᠾᠧ ᠪᠠᠯᠭᠠᠰᠤᠨ ᠤ ᠭᠤᠯᠤᠭ ᠲᠥᠪᠡᠳ ᠦᠨᠳᠦᠰᠦᠲᠡᠨ ᠤ ᠭᠦᠩᠮᠠ ᠲᠣᠰᠬᠤᠨ ᠪᠣᠯ ᠲᠥᠪᠡᠳ ᠦᠨᠳᠦᠰᠦᠲᠡᠨ ᠤ ᠮᠠᠯᠵᠢᠯ ᠤᠨ ᠲᠣᠰᠬᠤᠨ ᠪᠣᠯᠤᠨ᠎ᠠ᠃ ᠵᠠᠰᠠᠭ ᠤᠨ ᠣᠷᠳᠣᠨ ᠤ ᠬᠠᠪᠰᠤᠷᠤᠯᠭ᠎ᠠ ᠳᠣᠣᠷ᠎ᠠ᠂ ᠮᠠᠯᠴᠢᠳ ᠠᠯᠤᠰ ᠬᠤᠯᠠ ᠪᠠᠶᠢᠭ᠎ᠠ ᠪᠡᠯᠴᠢᠭᠡᠷ ᠠᠴᠠ ᠪᠠᠨ ᠠᠳᠡ ᠨᠡᠭᠦᠨ ᠢᠷᠡᠵᠦ ᠣᠷᠣᠰᠢᠨ ᠰᠠᠭᠤᠪᠠ᠃      8 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠳᠤᠮᠳᠠᠴᠢ ᠪᠠᠷ ᠳᠠᠯᠠᠶ ᠶᠢᠨ ᠲᠦᠪᠰᠢᠨ ᠠᠴᠠ 3300 ᠮᠧᠲᠷ ᠡᠷᠭᠦᠭᠳᠡᠭᠰᠡᠨ ᠡᠨᠡ ᠬᠦ ᠲᠣᠰᠬᠤᠨ ᠳᠤ ᠬᠦᠷᠴᠦ ᠢᠷᠡᠪᠡ᠃      ᠬᠦᠬᠡ ᠲᠩᠷᠢ ᠴᠠᠭᠠᠨ ᠡᠭᠦᠯᠡᠨ ᠤ ᠳᠣᠣᠷ᠎ᠠ᠂ ᠤᠯᠠᠭᠠᠨ ᠸᠠᠭᠠᠷ ᠰᠢᠷ᠎ᠠ ᠬᠠᠨᠠᠲᠤ ᠭᠡᠷ ᠤᠳ ᠳᠡᠷᠢ ᠲᠡᠭᠰᠢ ᠵᠢᠭᠰᠠᠵᠤ᠂ ᠲᠣᠰᠬᠤᠨ ᠤ ᠵᠠᠮ ᠤᠨ ᠬᠤᠶᠠᠷ ᠲᠠᠯ᠎ᠠ ᠪᠠᠷ ᠨᠡᠷᠡᠨ ᠡᠨᠧᠷᠭᠢ ᠶᠢᠨ ᠵᠠᠮ ᠤᠨ ᠳ᠋ᠧᠩ ᠪᠣᠰᠬᠠᠭᠳᠠᠪᠠ᠃      ︽ᠶᠡᠷᠦᠩᠬᠡᠢ ᠱᠦᠵᠢ ᠶᠢ ᠪᠠᠶᠠᠷᠯᠠᠨ ᠤᠭᠲᠤᠶ᠎ᠠ︕︾ ᠭᠡᠵᠦ 50 ᠨᠠᠰᠤᠲᠠᠢ ᠲᠣᠰᠬᠤᠨ ᠤ ᠠᠷᠠᠳ ᠰᠣᠳᠨᠠᠮᠰᠧᠷᠡᠩ ᠭᠤᠷᠪᠠᠨ ᠦᠶ᠎ᠡ ᠶᠢᠨ ᠬᠢᠨ ᠢᠶᠠᠨ ᠳᠠᠭᠠᠭᠤᠯᠤᠨ ᠡᠭᠦᠳᠡᠨ ᠡᠮᠦᠨ᠎ᠡ ᠪᠠᠨ ᠵᠣᠭᠰᠣᠵᠤ᠂ ᠶᠡᠷᠦᠩᠬᠡᠢ ᠱᠦᠵᠢ ᠳᠤ ᠠᠷᠢᠭᠤᠨ ᠴᠠᠭᠠᠨ ᠬᠠᠳᠠᠭ ᠡᠷᠭᠦᠵᠡᠢ᠃      ᠰᠣᠳᠨᠠᠮᠰᠧᠷᠡᠩ ᠤᠨ 5 ᠰᠠᠷ᠎ᠠ ᠲᠠᠢ ᠵᠢᠭᠡ ᠣᠮᠪᠣᠯᠣ ᠨᠢ ᠮᠠᠨᠴᠤᠢ ᠳᠠᠭᠠᠨ ᠪᠠᠶᠢᠭᠰᠠᠨ ᠢ ᠶᠡᠷᠦᠩᠬᠡᠢ ᠱᠦᠵᠢ ᠬᠠᠷᠠᠭᠠᠳ᠄ ︽ᠪᠢᠴᠢᠬᠠᠨ ᠬᠡᠦᠬᠡᠳ ᠨᠡᠯᠢᠶᠡᠳ ᠰᠠᠶᠢᠬᠠᠨ ᠲᠥᠷᠥᠵᠡᠢ᠂ ᠦᠵᠡᠬᠦ ᠳᠤ ᠮᠠᠰᠢ ᠰᠡᠴᠡᠨ ᠰᠡᠷᠭᠦᠯᠡᠩ ᠪᠠᠶᠢᠨ᠎ᠠ︾ ᠲᠠᠭᠠᠰᠢᠶᠠᠨ ᠬᠡᠯᠡᠪᠡ᠃      ᠬᠦᠷᠢᠶᠡᠨ ᠳᠤ ᠣᠷᠣᠬᠤ ᠳᠤ ᠰᠢᠯ ᠪᠠᠶᠢᠰᠢᠩ ᠬᠠᠷᠠᠭᠳᠠᠵᠤ᠂ ᠨᠡᠷᠡᠨ ᠤ ᠭᠡᠷᠡᠯ ᠰᠢᠯ ᠢ ᠨᠡᠪᠲᠡᠯᠦᠨ ᠭᠡᠷ ᠲᠤ ᠤᠷᠢᠨ ᠳᠤᠯᠠᠭᠠᠬᠠᠨ ᠪᠢᠯᠬᠠᠨ᠎ᠠ᠃      ︽ᠲᠦᠭᠡᠭᠡᠯ ᠤᠰᠤ ᠶᠢ ᠬᠡᠷᠡᠭᠯᠡᠵᠦ ᠪᠠᠶᠢᠨ᠎ᠠ ᠦᠦ︖ ᠪᠣᠬᠢᠷ ᠤᠰᠤ ᠪᠠᠨ ᠬᠡᠷᠬᠢᠨ ᠰᠢᠢᠳᠪᠦᠷᠢᠯᠡᠳᠡᠭ ᠪᠣᠢ︖︾ ᠭᠡᠵᠦ ᠥᠩᠭᠡᠷᠡᠭᠰᠡᠨ ᠲᠠᠢ ᠪᠠᠨ ᠠᠳᠠᠯᠢ ᠪᠠᠷ᠂ ᠶᠡᠷᠦᠩᠬᠡᠢ ᠱᠦᠵᠢ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠵᠢᠯ ᠢ ᠮᠠᠰᠢ ᠠᠩᠬᠠᠷᠤᠨ ᠠᠰᠠᠭᠤᠪᠠ᠃      ︽ᠣᠳᠣ ᠲᠣᠰᠬᠤᠨ ᠳᠤ ᠴᠥᠮ ᠲᠦᠭᠡᠭᠡᠯ ᠤᠰᠤ ᠬᠡᠷᠡᠭᠯᠡᠬᠦ ᠪᠣᠯᠵᠠᠢ᠃ ᠪᠣᠬᠢᠷ ᠤᠰᠤ ᠪᠠᠨ ᠴᠥᠮ ᠨᠢᠭᠡᠳᠦᠯᠲᠡᠶ ᠪᠣᠬᠢᠷ ᠤᠰᠤᠨ ᠤ ᠬᠤᠭᠤᠯᠠᠶ ᠳᠤ ᠲᠥᠪᠯᠡᠷᠡᠭᠦᠯᠦᠨ ᠰᠢᠢᠳᠪᠦᠷᠢᠯᠡᠵᠦ ᠪᠠᠶᠢᠨ᠎ᠠ︾ ᠭᠡᠵᠦ ᠭᠠᠴᠠᠭᠠᠨ ᠤ ᠺᠠᠳ᠋ᠷ ᠬᠠᠷᠢᠭᠤᠯᠪᠠ᠃      ᠤᠨᠲᠠᠯᠭ᠎ᠠ ᠶᠢᠨ ᠦᠷᠦᠭᠡ᠂ ᠵᠣᠴᠢᠳ ᠤᠨ ᠥᠷᠥᠭᠡᠨ ᠳᠤ ᠣᠷᠣᠬᠤ ᠳᠤ᠂ ᠭᠡᠷ ᠲᠤ ᠡᠯᠭᠦᠮᠡᠯ ᠳᠡᠭᠡᠪᠦᠷ ᠤᠭᠰᠠᠷᠠᠨ᠂ ᠬᠠᠨ᠎ᠠ ᠶᠢᠨ ᠴᠠᠭᠠᠰᠤ ᠨᠠᠭᠠᠵᠤ᠂ ᠬᠤᠪᠴᠠᠰᠤᠨ ᠤ ᠬᠤᠷᠭᠤ᠂ ᠲᠧᠯᠸᠢᠰ ᠵᠡᠷᠭᠡ ᠭᠡᠷ ᠤᠨ ᠡᠳ᠋ᠯᠡᠯ ᠬᠡᠷᠡᠭᠰᠡᠯ ᠪᠦᠷᠢᠨ ᠲᠥᠬᠦᠷ ᠪᠠᠶᠢᠬᠤ ᠶᠢ ᠦᠵᠡᠭᠡᠳ ᠶᠡᠷᠦᠩᠬᠡᠢ ᠱᠦᠵᠢ᠄ ︽ᠭᠡᠷ ᠢᠶᠠᠨ ᠮᠠᠰᠢ ᠨᠠᠷᠢᠯᠢᠭ ᠵᠠᠰᠠᠨ ᠴᠢᠮᠡᠭᠰᠡᠨ ᠪᠠᠶᠢᠨ᠎ᠠ︾ ᠭᠡᠵᠦ ᠢᠨᠢᠶᠡᠮᠰᠦᠭᠯᠡᠨ ᠬᠡᠯᠡᠪᠡ᠃      ᠵᠣᠴᠢᠳ ᠤᠨ ᠥᠷᠥᠭᠡᠨ ᠳᠤ ᠲᠣᠭᠤᠷᠢᠨ ᠰᠠᠭᠤᠵᠠᠭᠠᠵᠤ᠂ ᠶᠡᠷᠦᠩᠬᠡᠢ ᠱᠦᠵᠢ ᠣᠯᠠᠨ ᠲᠠᠢ ᠵᠣᠭᠤᠭ ᠳᠡᠯᠭᠡᠪᠡ᠃      ᠰᠣᠳᠨᠠᠮᠰᠧᠷᠡᠩ ᠶᠡᠷᠦᠩᠬᠡᠢ ᠱᠦᠵᠢ ᠳᠤ 17 ᠺᠢᠯᠣᠮᠧᠲᠷ ᠤᠨ ᠭᠠᠳᠠᠨᠠᠬᠢ ᠪᠡᠯᠴᠢᠭᠡᠷ ᠤᠨ ᠬᠠᠭᠤᠴᠢᠨ ᠪᠠᠶᠢᠰᠢᠩ ᠤᠨ ᠰᠡᠭᠦᠳᠡᠷ ᠦᠵᠡᠭᠦᠯᠪᠡ᠂ ᠲᠡᠷᠡ ᠨᠢ ᠬᠤᠶᠠᠷ ᠲᠠᠰᠤᠯᠭ᠎ᠠ ᠪᠣᠭᠤᠨᠢ ᠰᠢᠪᠠᠷ ᠪᠠᠶᠢᠰᠢᠩ ᠪᠠᠶᠢᠪᠠ᠃      ᠶᠡᠷᠦᠩᠬᠡᠢ ᠱᠦᠵᠢ ᠰᠡᠭᠦᠳᠡᠷ ᠢ ᠲᠣᠰᠣᠨ ᠠᠪᠴᠤ ᠨᠠᠷᠢᠨ ᠠᠵᠢᠭᠯᠠᠭᠠᠳ᠄ ︽ᠥᠩᠭᠡᠷᠡᠭᠰᠡᠨ ᠤ ᠨᠥᠬᠦᠴᠡᠯ ᠬᠠᠷᠢᠴᠠᠩᠭᠤᠢ ᠬᠠᠲᠠᠭᠤᠵᠢᠯᠲᠠᠢ ᠪᠠᠶᠢᠭᠰᠠᠨ᠂ ᠤᠳᠤ ᠨᠡᠯᠢᠶᠡᠳ ᠰᠠᠶᠢᠵᠢᠷᠠᠵᠠᠢ︾ ᠭᠡᠪᠡ᠃      ᠰᠣᠳᠨᠠᠮᠰᠧᠷᠡᠩ ᠶᠡᠷᠦᠩᠬᠡᠶ ᠱᠦᠵᠢ ᠳᠤ ᠬᠡᠯᠡᠬᠦ ᠳᠡᠭᠡᠨ᠂ 2014 ᠣᠨ ᠤ ᠡᠴᠦᠰ ᠲᠤ᠂ ᠵᠠᠰᠠᠭ ᠤᠨ ᠣᠷᠳᠣᠨ 4.7 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠥᠪᠡᠰᠦᠪᠡᠨ 1.5 ᠲᠦᠮᠡᠨ ᠲᠥᠭᠦᠷᠢᠭ ᠵᠠᠷᠤᠴᠠᠭᠤᠯᠵᠤ᠂ ᠣᠳᠣ ᠶᠢᠨ ᠡᠨᠡ ᠬᠦ ᠠᠭᠤᠵᠢᠭᠤ ᠲᠣᠭᠤᠰᠬᠠᠨ ᠪᠠᠶᠢᠰᠢᠩ ᠢ ᠪᠠᠷᠢᠪᠠ ᠭᠡᠵᠡᠢ᠃      ︽ᠨᠡᠭᠦᠵᠦ ᠢᠷᠡᠭᠰᠡᠨ ᠠᠴᠠ ᠪᠠᠨ ᠨᠠᠰᠢ ᠶᠠᠭᠤ ᠶᠠᠭᠤ ᠬᠢᠪᠡ︖︾ ᠭᠡᠵᠦ ᠶᠡᠷᠦᠩᠬᠡᠢ ᠱᠦᠵᠢ ᠠᠰᠠᠭᠤᠭᠰᠠᠨ ᠳᠤ᠂      ︽ᠪᠢ ᠪᠣᠯ ᠲᠠᠯ᠎ᠠ ᠨᠤᠲᠤᠭ ᠤᠨ ᠬᠠᠮᠢᠶᠠᠷᠤᠭᠴᠢ᠂ ᠰᠠᠷ᠎ᠠ ᠳᠤ 1200 ᠲᠥᠭᠦᠷᠢᠭ ᠤᠨ ᠴᠠᠯᠢᠩ ᠲᠠᠢ︔ ᠮᠢᠨᠤ ᠥᠬᠢᠨ ᠪᠣᠯ ᠴᠡᠪᠡᠷᠯᠡᠭᠴᠢ᠂ ᠰᠠᠷ᠎ᠠ ᠳᠤ 2400 ᠲᠥᠭᠦᠷᠢᠭ ᠤᠨ ᠴᠠᠯᠢᠩ ᠲᠠᠢ︔ ᠬᠦᠷᠭᠡᠨ ᠰᠢᠶᠠᠨ ᠤ ᠲᠧᠯᠸᠢᠰ ᠬᠤᠷᠢᠶᠠᠨ ᠳᠤ ᠠᠵᠢᠯᠯᠠᠵᠤ᠂ ᠰᠠᠷ᠎ᠠ ᠳᠤ 2700 ᠲᠥᠭᠦᠷᠢᠭ ᠤᠨ ᠣᠷᠣᠯᠭ᠎ᠠ ᠲᠠᠢ ᠁︾ ᠭᠡᠵᠦ ᠰᠣᠳᠨᠠᠮᠰᠧᠷᠡᠩ ᠶᠡᠷᠦᠩᠬᠡᠶ ᠱᠦᠵᠢ ᠳᠤ ᠨᠠᠷᠢᠨ ᠲᠠᠩᠰᠠ ᠪᠤᠳᠤᠵᠤ ᠥᠭᠴᠡᠶ᠄ ᠡᠲᠡᠭᠡᠷ ᠲᠣᠭᠲᠠᠮᠠᠯ ᠴᠠᠯᠢᠩ ᠤᠨ ᠣᠷᠣᠯᠭ᠎ᠠ ᠶᠢ ᠭᠠᠷᠭᠠᠪᠠᠯ᠂ ᠬᠡᠷ ᠲᠤᠨᠢ ᠪᠠᠰᠠ 80 ᠬᠤᠨᠢ᠂ 20 ᠦᠬᠡᠷ ᠪᠠᠶᠢᠨ᠎ᠠ᠂ ᠨᠢᠳᠤᠨᠤᠨ ᠵᠥᠪᠬᠡᠨ ᠦᠬᠡᠷ ᠬᠤᠨᠢ ᠪᠠᠨ ᠬᠤᠳᠠᠯᠳᠤᠭᠠᠳ 2.5 ᠲᠦᠮᠡᠨ ᠲᠥᠭᠦᠷᠢᠭ ᠣᠯᠪᠠ ᠁      ᠵᠣᠯ ᠵᠢᠷᠭᠠᠯᠲᠤ ᠢᠨᠢᠶᠡᠮᠰᠦᠭᠯᠡᠯ ᠨᠢ ᠨᠢᠭᠡ ᠭᠡᠷ ᠤᠨ ᠬᠥᠮᠦᠰ ᠤᠨ ᠴᠢᠷᠠᠶ ᠳᠤ ᠲᠣᠳᠣᠷᠠᠨ᠎ᠠ᠃      ᠶᠡᠭᠡ ᠰᠠᠶᠢᠨ ᠪᠠᠶᠢᠨ᠎ᠠ︕ ᠶᠡᠷᠦᠩᠬᠡᠢ ᠱᠦᠵᠢ ᠮᠠᠰᠢ ᠪᠠᠶᠠᠷᠯᠠᠨ᠄ ︽ᠳᠠᠷᠠᠭᠠᠴᠢ ᠶᠢᠨ ᠠᠯᠬᠤᠮ ᠳᠤ᠂ ᠲᠠ ᠨᠠᠷ ᠤᠨ ᠠᠮᠢᠳᠤᠷᠠᠯ ᠳᠤ ᠪᠠᠰᠠ ᠥᠭᠡᠷ᠎ᠡ ᠡᠷᠡᠮᠡᠯᠵᠡᠯ ᠪᠠ ᠲᠥᠯᠥᠪᠯᠡᠭᠡ ᠪᠠᠶᠢᠨ᠎ᠠ ᠦᠦ︖︾      ᠢᠩᠭᠢᠵᠦ ᠠᠰᠠᠭᠤᠭᠰᠠᠨ  ᠳᠤ ᠰᠣᠳᠨᠠᠮᠰᠧᠷᠡᠩ ᠶᠠᠭᠠᠬᠢᠵᠤ ᠬᠠᠷᠢᠭᠤᠯᠬᠤ  ᠪᠠᠨ  ᠴᠤ ᠣᠯᠬᠤ ᠦᠭᠡᠶ ᠪᠣᠯᠵᠤ ᠨᠢᠭᠡ ᠯᠡ ᠠᠮᠢᠰᠬᠤᠭ᠎ᠠ ᠪᠠᠷ᠄ ︽ᠪᠠᠶᠢᠬᠤ ᠦᠭᠡᠶ᠂ ᠪᠠᠶᠢᠬᠤ ᠦᠭᠡᠶ︾  ᠭᠡᠵᠦ ᠬᠡᠯᠡᠭᠰᠡᠨ  ᠳᠤ ᠣᠯᠠᠨ  ᠢᠶᠠᠷ  ᠢᠶᠠᠨ ᠴᠥᠮ ᠢᠨᠢᠶᠡᠯᠴᠡᠪᠡ᠃      ︽ᠮᠠᠯᠴᠢᠳ ᠤᠨ ᠠᠮᠢᠳᠤᠷᠠᠯ ᠡᠨᠡ ᠮᠡᠲᠦ ᠪᠠᠷ ᠰᠠᠶᠢᠵᠢᠷᠠᠭᠰᠠᠨ ᠨᠢ ᠪᠦᠷ ᠨᠠᠮ ᠤᠨ ᠲᠦᠷᠦ ᠶᠢᠨ ᠪᠤᠳᠤᠯᠭ᠎ᠠ ᠶᠢᠨ ᠰᠠᠶᠢᠨ ᠳᠤ ᠲᠦᠰᠢᠭᠯᠡᠪᠡ᠃ ᠨᠠᠮ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠶᠡᠷᠦᠩᠬᠡᠢ ᠱᠦᠵᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︾ ᠭᠡᠬᠦ ᠪᠣᠷᠣᠭᠵᠢᠭᠤᠨ ᠶᠠᠷᠢᠶ᠎ᠠ ᠨᠢ ᠲᠡᠭᠦᠨ ᠤ ᠰᠡᠳᠬᠢᠯ ᠤᠨ ᠡᠴᠢᠨ᠎ᠡ ᠭᠦᠨ ᠳᠠᠬᠢ ᠪᠠᠶᠠᠷ ᠲᠠᠯᠠᠷᠬᠠᠯ ᠤᠨ ᠰᠡᠳᠬᠢᠯᠭᠡ ᠶᠢ ᠨᠢ ᠲᠤᠰᠬᠠᠵᠤ ᠪᠠᠶᠢᠯ᠎ᠠ᠃      ᠶᠡᠷᠦᠩᠬᠡᠢ ᠱᠦᠵᠢ᠄ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠠᠳ ᠵᠠᠭᠤᠨ ᠵᠢᠯ ᠪᠣᠯᠵᠠᠢ᠃ ᠮᠠᠨ ᠤ ᠨᠠᠮ ᠬᠥᠭᠵᠢᠨ ᠪᠤᠵᠠᠭᠠᠶᠢᠷᠠᠭᠰᠠᠨ ᠨᠢ ᠲᠡᠶᠢᠮᠦ ᠬᠢᠯᠪᠡᠷ ᠶᠠᠪᠤᠳᠠᠯ ᠪᠢᠰᠢ᠂ ᠵᠠᠰᠠᠭ ᠤᠨ ᠡᠷᠬᠡ ᠶᠢ ᠲᠡᠮᠡᠴᠡᠨ ᠣᠯᠣᠭᠰᠠᠨ  ᠨᠢ ᠬᠢᠯᠪᠠᠷ ᠪᠤᠰᠤ ᠶᠤᠮ᠂ ᠰᠢᠨ᠎ᠡ ᠳᠤᠮᠳᠠᠳᠤ ᠤᠯᠤᠰ ᠢ ᠪᠦᠲᠦᠭᠡᠨ ᠪᠠᠶᠢᠭᠤᠯᠤᠭᠰᠠᠨ ᠨᠢ ᠬᠢᠯᠪᠡᠷ ᠪᠤᠰᠤ ᠶᠤᠮ᠃ ᠠᠷᠠᠳ ᠲᠦᠮᠡᠨ ᠶᠠᠭᠤᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠢ ᠴᠢᠩ ᠰᠡᠳᠬᠢᠯ ᠠᠴᠠ ᠪᠠᠨ ᠬᠦᠷᠢᠶᠡᠯᠡᠵᠦ ᠪᠠᠶᠢᠬᠤ ᠪᠤᠢ︖ ᠭᠡᠪᠡᠯ ᠮᠠᠨ ᠤ ᠨᠠᠮ ᠢᠮᠠᠭᠲᠠ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠦᠨᠳᠦᠰᠦᠲᠡᠨ ᠨᠦᠭᠦᠳ ᠲᠤ ᠵᠣᠯ ᠵᠢᠷᠭᠠᠯ ᠢ ᠡᠳ᠋ᠯᠡᠭᠦᠯᠳᠡᠭ︾ ᠭᠡᠵᠦ ᠰᠡᠳᠬᠢᠯ ᠬᠥᠳᠡᠯᠦᠨ ᠬᠡᠯᠡᠪᠡ᠃      ︽ᠤᠷᠲᠤ ᠵᠠᠮ ᠤᠨ ᠠᠶᠠᠨ ᠳᠠᠶᠢᠨ ᠤ ᠦᠶ᠎ᠡ ᠳᠤ᠂ ᠤᠯᠠᠭᠠᠨ ᠴᠡᠷᠢᠭ ᠴᠥᠭᠡᠨ ᠲᠣᠭᠠᠲᠤ ᠦᠨᠳᠦᠰᠦᠲᠡᠨ ᠤ ᠣᠷᠣᠰᠢᠨ ᠰᠠᠭᠤᠭ᠎ᠠ ᠭᠠᠵᠠᠷ ᠣᠷᠣᠨ ᠢᠶᠠᠷ ᠥᠩᠭᠡᠷᠡᠬᠦ  ᠳᠡᠭᠡᠨ ᠮᠠᠨ ᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠲᠠᠢ ᠲᠥᠷᠥᠭᠰᠡᠨ ᠠᠬ᠎ᠠ ᠳᠡᠭᠦᠦ ᠨᠡᠷ ᠰᠢᠭ᠋ ᠮᠠᠰᠢ ᠣᠯᠠᠨ ᠰᠡᠳᠬᠢᠯ ᠢ ᠬᠥᠳᠡᠯᠭᠡᠮ᠎ᠡ ᠦᠯᠢᠭᠡᠷ ᠢ ᠦᠯᠡᠳᠡᠭᠡᠭᠰᠡᠨ ᠶᠤᠮ︾᠃ ᠶᠡᠷᠦᠩᠬᠡᠢ ᠱᠦᠵᠢ ᠵᠠᠯᠭᠠᠭᠠᠳ᠄ ︽ᠤᠳᠤ ᠮᠠᠨ ᠤ ᠡᠪ ᠬᠠᠮᠲᠤ ᠨᠠᠮ ᠤᠨ ᠡᠯ᠎ᠡ ᠱᠠᠲᠤᠨ ᠤ ᠺᠠᠳ᠋ᠷᠴᠤᠳ ᠬᠠᠮᠢᠭ᠎ᠠ ᠣᠴᠢᠭᠰᠠᠨ ᠴᠤ ᠨᠤᠲᠤᠭ ᠤᠨ ᠠᠬ᠎ᠠ ᠳᠡᠭᠦᠦ ᠨᠡᠷ ᠠᠴᠠ᠄ ᠪᠠᠰᠠ ᠶᠠᠮᠠᠷ ᠰᠠᠶᠢᠬᠠᠨ ᠠᠮᠢᠳᠤᠷᠠᠯ ᠢ ᠥᠩᠭᠡᠷᠡᠭᠡᠶ᠎ᠡ ᠭᠡᠵᠦ ᠪᠤᠳᠤᠵᠤ ᠪᠠᠶᠢᠬᠤ ᠪᠤᠢ︖ ᠨᠡᠩ ᠰᠠᠶᠢᠬᠠᠨ ᠠᠮᠢᠳᠤᠷᠠᠯ ᠢ ᠪᠢᠳᠡ ᠬᠠᠮᠲᠤ ᠪᠠᠷ ᠴᠣᠭᠴᠠᠯᠠᠨ᠂ ᠪᠡᠶᠡᠯᠡᠭᠦᠯᠦᠶ᠎ᠡ ᠭᠡᠵᠦ ᠶᠠᠷᠢᠬᠤ ᠪᠣᠯᠵᠠᠢ︾ ᠭᠡᠵᠦ ᠶᠠᠷᠢᠵᠤ ᠪᠠᠶᠢᠯ᠎ᠠ᠃      ᠶᠡᠷᠦᠩᠬᠡᠢ ᠱᠦᠵᠢ ᠪᠣᠰᠴᠤ ᠰᠠᠯᠤᠯᠴᠠᠬᠤ ᠪᠣᠯᠣᠭᠰᠠᠨ  ᠳᠤ ᠲᠡᠳᠡᠨ  ᠤ ᠨᠢᠭᠡ ᠭᠡᠷ  ᠤᠨ   ᠬᠢᠨ ᠰᠠᠯᠵᠤ ᠶᠠᠳᠠᠵᠤ ᠪᠠᠶᠢᠯ᠎ᠠ᠃      ︽ᠶᠡᠷᠦᠩᠬᠡᠢ ᠱᠦᠵᠢ ᠰᠠᠶᠢᠨ ᠪᠠᠶᠢᠨ᠎ᠠ ᠦᠦ︕ ᠲᠡᠷᠢᠭᠦᠯᠡᠭᠴᠢ ᠰᠢ ᠶᠢᠨ ᠫᠢᠩ ᠰᠠᠶᠢᠨ ᠪᠠᠶᠢᠨ᠎ᠠ ᠦᠦ︕︾ ᠰᠣᠳᠨᠠᠮᠰᠧᠷᠡᠩ ᠤᠨ ᠡᠭᠦᠳᠡᠨ ᠡᠮᠦᠨᠡᠬᠢ ᠵᠠᠮ ᠤᠨ ᠬᠤᠶᠠᠷ ᠲᠠᠯ᠎ᠠ ᠪᠠᠷ ᠲᠣᠰᠬᠤᠨ ᠤ ᠠᠷᠠᠳ ᠳᠦᠭᠦᠷᠲᠡᠯ᠎ᠡ ᠵᠣᠭᠰᠣᠵᠤ᠂ ᠤᠯᠠᠨ ᠢᠶᠠᠷ ᠢᠶᠠᠨ ᠠᠷᠢᠭᠤᠨ ᠴᠠᠭᠠᠨ ᠬᠠᠳᠠᠭ ᠡᠷᠭᠦᠨ᠂ ᠬᠠᠯᠠᠭᠤᠨ ᠠᠯᠠᠭ᠎ᠠ ᠲᠠᠰᠢᠵᠤ᠂ ᠥᠨᠳᠥᠷ ᠲᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠯ᠎ᠠ᠃      ᠬᠠᠯᠠᠭᠤᠨ ᠰᠡᠳᠬᠢᠯᠲᠦ ᠨᠤᠲᠤᠭ ᠤᠨ ᠠᠬ᠎ᠠ ᠳᠡᠭᠦᠦ ᠨᠡᠷ ᠤᠨ ᠡᠮᠦᠨ᠎ᠡ᠂ ᠶᠡᠷᠦᠩᠬᠡᠢ ᠱᠦᠵᠢ ᠭᠦᠨ ᠰᠡᠳᠬᠢᠯᠭᠡ ᠲᠠᠢ ᠪᠠᠷ᠄ ︽ᠲᠠ ᠨᠠᠷ ᠢ ᠦᠵᠡᠭᠡᠳ ᠪᠢ ᠮᠠᠰᠢ ᠪᠠᠶᠠᠷᠯᠠᠵᠤ᠂ ᠮᠠᠰᠢ ᠳᠣᠲᠣᠨᠣᠰᠤᠭ ᠰᠠᠨᠠᠭᠳᠠᠵᠤ ᠪᠠᠶᠢᠨ᠎ᠠ᠃ ᠪᠢᠳᠡ ᠪᠣᠯ ᠪᠦᠷ ᠨᠢᠭᠡ ᠭᠡᠷ ᠤᠨ ᠬᠥᠮᠦᠨ᠂ ᠪᠦᠷ ᠠᠬ᠎ᠠ ᠳᠡᠭᠦᠦ ᠰᠠᠳᠤᠨ ᠮᠥᠨ᠃ ᠲᠠᠨ ᠤ ᠲᠣᠰᠬᠤᠨ ᠤ ᠬᠤᠪᠢᠷᠠᠯᠲᠠ ᠮᠠᠰᠢ ᠶᠡᠭᠡ᠂ ᠤᠯᠠᠨ ᠢᠶᠠᠷ ᠢᠶᠠᠨ ᠮᠠᠰᠢ ᠵᠣᠯ ᠵᠢᠷᠭᠠᠯ ᠲᠠᠢ ᠠᠮᠢᠳᠤᠷᠠᠵᠤ ᠪᠠᠶᠢᠬᠤ ᠶᠢ ᠦᠵᠡᠭᠡᠳ ᠪᠢᠳᠡ ᠮᠠᠰᠢ ᠪᠠᠶᠠᠷᠯᠠᠵᠤ ᠪᠠᠶᠢᠨ᠎ᠠ᠃ ᠤᠯᠠᠨ ᠢᠶᠠᠷ ᠢᠶᠠᠨ ᠨᠠᠮ ᠪᠣᠯᠤᠨ ᠵᠠᠰᠠᠭ ᠤᠨ ᠣᠷᠳᠣᠨ ᠳᠤ ᠭᠦᠨ ᠵᠤᠵᠠᠭᠠᠨ ᠰᠡᠳᠬᠢᠯᠭᠡ ᠲᠠᠢ ᠪᠠᠶᠢᠬᠤ ᠶᠢ ᠮᠡᠳᠡᠷᠡᠵᠦ ᠪᠠᠶᠢᠨ᠎ᠠ︾ ᠭᠡᠵᠦ ᠤᠯᠠᠨ ᠳᠤ ᠬᠡᠯᠡᠪᠡ᠃      ᠶᠡᠷᠦᠩᠬᠡᠢ ᠱᠦᠵᠢ ᠤᠯᠠᠨ ᠳᠤ ︽ᠠᠨᠠᠷ ᠤᠨ ᠦᠷ᠎ᠡ︾ ᠭᠡᠬᠦ ᠵᠦᠢᠷᠯᠡᠯ ᠤᠨ ᠢᠷᠡᠯᠳᠡ ᠶᠢᠨ ᠲᠤᠬᠠᠢ ᠶᠠᠷᠢᠪᠠ᠄      ︽ᠤᠶᠢᠭᠤᠷ ᠦᠨᠳᠦᠰᠦᠲᠡᠨ ᠤ ᠠᠬ᠎ᠠ ᠳᠡᠭᠦᠦ ᠨᠡᠷ ᠪᠢᠳᠡ ᠠᠨᠠᠷ ᠤᠨ ᠦᠷ᠎ᠡ ᠰᠢᠭ ᠨᠢᠭᠲᠠᠷᠠᠯᠴᠠᠶ᠎ᠠ ᠭᠡᠪᠡ᠃ ᠡᠨᠡ ᠦᠭᠡ ᠮᠠᠰᠢ ᠳᠦᠷᠰᠦᠯᠢᠭ ᠪᠢᠯᠡ᠃ ᠡᠯ᠎ᠡ ᠦᠨᠳᠦᠰᠦᠲᠡᠨ ᠶᠠᠭ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠶ᠃ ᠪᠢᠳᠡ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠨᠢᠭᠡ ᠪᠦᠷᠢᠯᠳᠦᠬᠦᠨ ᠮᠥᠨ︾᠃      ᠶᠡᠷᠦᠩᠬᠡᠢ ᠱᠦᠵᠢ ᠢᠷᠡᠭᠡᠳᠦᠶ ᠶᠢ ᠪᠠᠷᠠᠯᠠᠨ ᠢᠯᠡᠷᠬᠡᠶᠢᠯᠡᠬᠦ ᠳᠡᠭᠡᠨ᠄      ︽ᠤᠳᠤ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠪᠠᠨ ᠤᠳᠠᠯ ᠦᠭᠡᠢ ᠪᠡᠶᠡᠯᠡᠭᠦᠯᠬᠦ ᠭᠡᠵᠦ ᠪᠠᠶᠢᠨ᠎ᠠ᠂ ᠳᠠᠷᠠᠭ᠎ᠠ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠠᠭ ᠡᠮᠦᠨ᠎ᠡ ᠪᠠᠶᠢᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠣᠯᠬᠤ ᠦᠶ᠎ᠡ ᠳᠤ᠂ ᠳᠤᠮᠳᠠᠳᠤ ᠶᠢᠨ ᠦᠨᠳᠦᠰᠦᠲᠡᠨ ᠯᠠᠪᠳᠠᠶ᠎ᠠ ᠳᠡᠯᠡᠬᠡᠶ ᠶᠢᠨ ᠦᠨᠳᠦᠰᠦᠲᠡᠨ ᠤ ᠡᠩᠨᠡᠭᠡᠨ ᠳᠤ ᠨᠡᠩ ᠡᠷᠡᠰ ᠴᠢᠩᠭ᠎ᠠ ᠪᠠᠷ ᠰᠦᠨᠳᠡᠷᠯᠡᠵᠦ ᠴᠢᠳᠠᠬᠤ ᠶᠤᠮ᠂ ᠲᠡᠷᠡ ᠦᠶ᠎ᠡ ᠪᠣᠯᠬᠤ ᠳᠤ ᠨᠢᠭᠡᠨ ᠵᠣᠯ ᠵᠢᠷᠭᠠᠯᠲᠤ ᠤᠯᠤᠰ᠂ ᠨᠢᠭᠡᠨ ᠣᠳᠣᠬᠢᠴᠢᠯᠠᠭᠰᠠᠨ ᠤᠯᠤᠰ ᠯᠠᠪᠳᠠᠶ᠎ᠠ ᠪᠦᠳᠦᠭᠡᠨ ᠪᠠᠶᠢᠭᠤᠯᠤᠯᠲᠠ ᠪᠠᠨ ᠪᠡᠶᠡᠯᠡᠭᠦᠯᠵᠦ ᠴᠢᠳᠠᠨ᠎ᠠ ᠭᠡᠳᠡᠭ ᠲᠤ ᠪᠢ ᠪᠠᠲᠤ ᠢᠲᠡᠭᠡᠯ ᠲᠠᠢ ᠪᠠᠶᠢᠨ᠎ᠠ︾ ᠭᠡᠵᠡᠢ᠃      ︽ᠮᠠᠷᠭᠠᠰᠢ ᠨᠡᠩ ᠰᠠᠶᠢᠨ ᠪᠣᠯᠤᠨ᠎ᠠ ᠭᠡᠳᠡᠭ ᠢ ᠪᠠᠲᠤ ᠢᠲᠡᠭᠡᠬᠦ ᠬᠡᠷᠡᠭᠲᠡᠶ︕︾ ᠶᠡᠷᠦᠩᠬᠡᠢ ᠱᠦᠵᠢ ᠶᠢᠨ ᠦᠭᠡ ᠶᠠᠷᠢᠶ᠎ᠠ ᠡᠷᠡᠰ ᠪᠠᠲᠤ ᠪᠠᠶᠢᠪᠠ᠃      ᠠᠯᠠᠭ᠎ᠠ ᠲᠠᠰᠢᠯᠳᠠ ᠶᠢᠨ ᠲᠠᠭᠤᠨ᠂ ᠤᠤᠬᠠᠶᠢᠯᠠᠬᠤ ᠲᠠᠭᠤᠨ ᠦᠵᠡᠰᠬᠦᠯᠡᠩᠲᠦ ᠰᠠᠶᠢᠬᠠᠨ ᠬᠥᠬᠡᠨᠠᠭᠤᠷ ᠲᠥᠪᠡᠳ ᠤᠨ ᠥᠨᠳᠦᠷᠯᠢᠭ ᠲᠤ ᠴᠤᠤᠷᠢᠶᠠᠲᠤᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号