ᠰᠢ ᠶᠢᠨ ᠫᠢᠩ ︽ᠨᠢᠭᠡ ᠪᠦᠰᠡ ᠨᠢᠭᠡ ᠵᠠᠮ︾ ᠤᠨ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠣᠯᠠᠨ ᠤᠯᠤᠰ ᠤᠨ ᠬᠠᠮᠲᠤᠷᠠᠯᠴᠠᠭᠠᠨ ᠤ ᠳᠡᠭᠡᠳᠦ ᠲᠠᠰ ᠤᠨ ᠬᠤᠷᠠᠯ ᠳᠤ ᠪᠢᠴᠢᠭ ᠤᠨ ᠬᠡᠯᠪᠡᠷᠢ ᠪᠠᠷ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2021/6/28
      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 23 ᠤ ᠴᠠᠬᠢᠯᠭᠠᠨ ᠮᠡᠳᠡᠭᠡ  6 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠨᠢᠭᠡ ᠪᠦᠰᠡ ᠨᠢᠭᠡ ᠵᠠᠮ︾ ᠤᠨ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠣᠯᠠᠨ ᠤᠯᠤᠰ ᠤᠨ ᠬᠠᠮᠲᠤᠷᠠᠯᠴᠠᠭᠠᠨ ᠤ ᠳᠡᠭᠡᠳᠦ ᠲᠠᠰ ᠤᠨ ᠬᠤᠷᠠᠯ ᠳᠤ ᠪᠢᠴᠢᠭ ᠤᠨ ᠬᠡᠯᠪᠡᠷᠢ ᠪᠠᠷ ᠪᠠᠶᠠᠷ ᠤᠨ ᠦᠭᠡ ᠬᠡᠯᠡᠪᠡ᠃       ᠰᠢ ᠶᠢᠨ ᠫᠢᠩ᠂ ᠪᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠲᠣᠷᠭᠠᠨ ᠵᠠᠮ ᠤᠨ ᠵᠣᠷᠢᠭ ᠰᠠᠨᠠᠭ᠎ᠠ ᠶᠢ ᠤᠯᠠᠮᠵᠢᠯᠠᠵᠥ᠂ ᠨᠡᠭᠡᠭᠡᠯᠲᠡᠲᠦ ᠬᠠᠮᠲᠤᠷᠠᠯᠴᠠᠭᠠᠨ ᠤ ᠲᠠᠪᠴᠠᠩ ᠢ ᠭᠠᠷ ᠬᠤᠯᠪᠣᠨ ᠪᠠᠶᠢᠭᠤᠯᠵᠤ᠂ ᠡᠯ᠎ᠡ ᠤᠯᠤᠰ ᠤᠨ ᠬᠠᠮᠲᠤᠷᠠᠯᠴᠠᠨ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠬᠠᠩᠭᠠᠬᠤ ᠶᠢ ᠵᠤᠷᠢᠪᠠ᠃ 8 ᠵᠢᠯ ᠤᠨ ᠲᠤᠷᠰᠢ᠂ 140 ᠤᠯᠤᠰ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠵᠥ᠂ ᠬᠠᠮᠲᠤᠷᠠᠯᠴᠠᠭᠠᠨ ᠤ ᠬᠠᠨᠢᠲᠠᠨ ᠶᠠᠪᠤᠬᠤ ᠲᠤᠳᠤᠮ ᠣᠯᠠᠰᠢᠷᠠᠪᠠ᠃ ᠡᠯ᠎ᠡ ᠲᠠᠯ᠎ᠠ ᠶᠢᠨ ᠬᠢᠨ ᠲᠦᠷᠦ ᠶᠢᠨ ᠪᠤᠳᠤᠯᠭ᠎ᠠ ᠶᠢᠨ ᠨᠡᠪᠲᠡᠷᠡᠯᠴᠡᠭᠡ᠂ ᠳᠤᠨᠤᠭ ᠲᠥᠬᠦᠭᠡᠷᠦᠮᠵᠢ ᠶᠢᠨ ᠨᠡᠪᠲᠡᠷᠡᠯᠴᠡᠭᠡ᠂ ᠠᠷᠠᠯᠵᠢᠶ᠎ᠠ ᠬᠤᠳᠠᠯᠳᠤᠭᠠᠨ ᠤ ᠨᠡᠪᠲᠡᠷᠡᠯᠴᠡᠭᠡ᠂ ᠪᠡᠯᠡ ᠮᠥᠩᠭᠦᠨ ᠤ ᠨᠡᠪᠳᠡᠷᠡᠯᠴᠡᠭᠡ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠢᠳᠡᠪᠬᠢᠲᠡᠢ ᠠᠬᠢᠭᠤᠯᠵᠤ᠂ ᠶᠡᠭᠡ ᠬᠡᠮᠵᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ᠂ ᠠᠷᠠᠳ ᠤᠯᠠᠨ ᠳᠤ ᠪᠤᠶᠠᠨ ᠦᠢᠯᠡᠳᠬᠦ ᠲᠦᠷᠦᠯ ᠵᠦᠢᠯ ᠢ ᠡᠬᠢᠯᠡᠭᠦᠯᠵᠦ᠂ ᠪᠦᠬᠦ ᠲᠠᠯ᠎ᠠ ᠶᠢᠨ᠂ ᠬᠠᠮ ᠬᠡᠯᠪᠡᠷᠢ ᠶᠢᠨ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠬᠠᠮᠲᠤ ᠪᠠᠷ ᠬᠥᠭᠵᠢᠬᠦ ᠰᠢᠨ᠎ᠡ ᠢᠷᠡᠭᠡᠳᠦᠢ ᠶᠢ ᠨᠡᠭᠡᠭᠡᠵᠡᠢ᠃ ᠬᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠳᠡᠯᠡᠬᠡᠶ ᠨᠡᠶᠢᠲᠡ ᠳᠤ ᠢᠲᠡᠭᠡᠯ ᠵᠣᠷᠢᠭ ᠪᠠ ᠬᠦᠴᠦᠨ ᠴᠢᠳᠠᠯ ᠢᠶᠠᠨ ᠳᠠᠮᠵᠢᠭᠤᠯᠵᠤ᠂ ᠪᠥᠬᠦ ᠪᠥᠮᠪᠥᠷᠴᠡᠭ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠ ᠠᠵᠤ ᠠᠬᠤᠶ ᠶᠢᠨ ᠰᠡᠷᠭᠦᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠤ ᠴᠢᠬᠤᠯᠠᠴᠢᠯᠠᠵᠠᠢ᠃       ᠰᠢ ᠶᠢᠨ ᠫᠢᠩ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠬᠠᠮᠲᠤᠷᠠᠯᠴᠠᠭᠠᠨ ᠤ ᠵᠠᠷᠴᠢᠮ ᠢ ᠪᠠᠷᠢᠮᠲᠠᠯᠠᠵᠤ᠂ ᠨᠡᠭᠡᠭᠡᠯᠲᠡᠲᠦ᠂ ᠪᠣᠬᠢᠷᠲᠤᠯ ᠦᠭᠡᠢ᠂ ᠠᠷᠢᠭᠤᠨ ᠴᠢᠬᠡᠴᠢ᠂ ᠬᠠᠮᠲᠤᠷᠠᠯᠴᠠᠭᠠᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠥᠨᠳᠥᠷ ᠪᠠᠷᠢᠮᠵᠢᠶ᠎ᠠ ᠲᠠᠢ᠂ ᠠᠷᠠᠳ ᠲᠤ ᠠᠰᠢᠭ ᠬᠦᠷᠲᠡᠭᠡᠬᠦ᠂ ᠦᠷᠭᠦᠯᠵᠢᠯᠡᠬᠦ ᠬᠠᠮᠲᠤᠷᠠᠯᠴᠠᠭᠠᠨ ᠤ ᠬᠠᠷᠠᠯᠲᠠ ᠶᠢᠨ ᠲᠦᠯᠦᠭᠡ ᠴᠢᠷᠮᠠᠶᠢᠶ᠎ᠠ᠃ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠣᠣᠱᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ ᠬᠠᠨᠢᠲᠠᠨ ᠳᠤ ᠨᠡᠩ ᠤᠯᠠᠨ ᠵᠠᠬ᠎ᠠ ᠳᠡᠯᠭᠡᠭᠦᠷ ᠤᠨ ᠠᠵᠠ ᠲᠣᠬᠢᠶᠠᠯ᠂ ᠪᠡᠯᠡ ᠣᠷᠣᠭᠤᠯᠤᠯᠲᠠ ᠶᠢᠨ ᠠᠵᠠ ᠲᠣᠬᠢᠶᠠᠯ᠂ ᠨᠡᠮᠡᠭᠳᠡᠯ ᠤᠨ ᠠᠵᠠ ᠲᠣᠬᠢᠶᠠᠯ ᠬᠠᠩᠭᠠᠪᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠨᠡᠩ ᠨᠢᠭᠲᠠ ︽ᠨᠢᠭᠡ ᠪᠦᠰᠡ ᠨᠢᠭᠡ ᠵᠠᠮ︾ ᠤᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠪᠦᠯᠬᠦᠮᠳᠡᠨ ᠬᠠᠮᠲᠤᠷᠠᠯᠴᠠᠬᠤ᠂ ᠬᠤᠯᠪᠣᠯᠳᠤᠨ ᠨᠡᠪᠲᠡᠷᠡᠯᠴᠡᠬᠦ᠂ ᠬᠠᠮᠲᠤ ᠪᠠᠷ ᠬᠥᠭᠵᠢᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠨ᠎ᠠ ᠭᠡᠵᠤ ᠴᠢᠬᠤᠯᠠᠴᠢᠯᠠᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号