︽ᠲᠡᠮᠦᠷ ᠬᠡᠦᠭᠡᠨᠴᠤᠳ︾ ᠤᠨ ᠪᠠᠷᠢᠮᠳᠠᠳᠤ ᠺᠢᠨᠣ᠋ ᠶᠢ ᠰᠡᠬᠦᠳᠡᠷᠯᠡᠬᠦ ᠠᠵᠢᠯ ᠡᠬᠢᠯᠠᠵᠠᠢ
ᠨᠡᠶᠢᠲᠡᠯᠡᠭᠰᠡᠨ ᠴᠠᠭ᠄
2021/6/29
     6 ᠰᠠᠷ᠎ᠠ ᠶᠢᠨ 22 ᠤᠨ ᠡᠳᠦᠷ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠠᠴᠠ ᠭᠤᠤᠯᠯᠠᠨ ᠦᠢᠯᠡᠳᠴᠦ ᠰᠡᠭᠦᠳᠡᠷᠯᠡᠭᠡ ᠬᠢᠵᠦ ᠪᠠᠶᠢᠭ᠎ᠠ ᠠᠯᠠᠱᠠ ᠶᠢᠨ ︽ᠲᠡᠮᠦᠷ ᠬᠡᠦᠭᠡᠨᠴᠤᠳ︾ ᠤᠨ ᠪᠠᠷᠢᠮᠳᠠᠳᠤ ᠺᠢᠨᠣ᠋ ᠶᠢ ᠰᠡᠭᠦᠳᠡᠷᠯᠡᠬᠦ ᠠᠵᠢᠯ ᠢ ᠡᠬᠢᠯᠡᠬᠦᠯᠬᠦ ᠶᠤᠰᠤᠯᠠᠯ ᠠᠯᠠᠱᠠ ᠵᠡᠭᠦᠨ ᠬᠤᠰᠢᠭᠤᠨ ᠤ ᠤᠯᠠᠨᠪᠤᠯᠠᠭ ᠪᠠᠯᠭᠠᠰᠤᠨ ᠤ ᠲᠥᠭᠦᠮ ᠭᠠᠴᠠᠭᠠᠨ ᠳᠤ ᠶᠠᠪᠤᠭᠳᠠᠪᠠ᠃      ︽ᠲᠡᠮᠦᠷ ᠬᠡᠦᠭᠡᠨᠴᠤᠳ︾ ᠪᠠᠷᠢᠮᠳᠠᠳᠤ ᠺᠢᠨᠣ᠋ ᠨᠢ ᠭᠤᠤᠯᠳᠠᠭᠤ ᠳᠠᠯᠠᠭᠠᠳ ᠤᠨ ᠤ ︽ᠲᠡᠮᠦᠷ ᠬᠡᠦᠭᠡᠨᠴᠤᠳ︾ ᠤᠨ ᠦᠢᠯᠡ ᠶᠠᠪᠤᠳᠠᠯ ᠢᠶᠠᠷ ᠭᠤᠤᠯ ᠰᠡᠳᠦᠪ ᠪᠤᠯᠭᠠᠵᠦ᠂ ᠨᠠᠮ ᠤᠨ ᠬᠡᠰᠢᠭᠦᠨ ᠢᠶᠠᠷ ᠲᠤᠯᠤᠭᠠᠶᠢᠯᠠᠭᠤᠯᠤᠭᠰᠠᠨ ᠲᠡᠮᠦᠷ ᠬᠡᠦᠭᠡᠨᠴᠤᠳ ᠤᠨ ᠮᠠᠯᠴᠢᠨ ᠲᠦᠮᠡᠨ ᠢᠶᠠᠨ ᠳᠠᠭᠠᠭᠤᠯᠤᠨ ᠭᠠᠪᠰᠢᠭᠠᠶᠢᠯᠠᠨ ᠬᠦᠳᠡᠯᠮᠦᠷᠢᠯᠡᠳᠡᠭ ᠵᠤᠷᠢᠭ ᠰᠠᠨᠠᠭ᠎ᠠ ᠶᠢ ᠮᠠᠭᠳᠠᠨ ᠳᠠᠭᠤᠯᠠᠵᠦ᠂ ᠨᠠᠮ ᠤᠨ ᠬᠡᠰᠢᠬᠦᠠ ᠤ ᠤᠭ ᠰᠠᠨᠠᠭ᠎ᠠ ᠪᠠᠨ ᠮᠠᠷᠳᠠᠯ ᠦᠬᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠠᠷᠠᠳ ᠳᠦᠮᠠᠠ ᠳᠤ ᠦᠢᠯᠠᠴᠢᠯᠡᠬᠦ ᠵᠤᠷᠢᠭ ᠰᠠᠨᠠᠭ᠎ᠠ ᠪᠠᠨ ᠦᠶ᠎ᠠ ᠶᠢᠨ ᠦᠶ᠎ᠠ ᠳᠤ ᠪᠠᠷᠢᠮᠳᠠᠯᠠᠵᠤ ᠶᠠᠪᠤᠳᠠᠭ ᠰᠢᠯᠢᠳᠡᠭ ᠤᠯᠠᠮᠵᠢᠯᠠᠯ ᠢ ᠨᠢ ᠬᠤᠶᠢᠴᠢ ᠦᠶ᠎ᠡ ᠳᠡᠭᠡᠨ ᠰᠠᠶᠢᠨ ᠰᠠᠶᠢᠬᠠᠨ ᠤᠶᠤᠨ ᠰᠠᠨᠠᠭᠠᠨ ᠤ ᠥᠪ ᠬᠥᠷᠥᠩᠭᠡ ᠪᠤᠯᠭᠠᠠ ᠦᠯᠡᠳᠡᠭᠡᠵᠦ ᠥᠪᠯᠡᠭᠦᠯᠭᠦ ᠪᠠᠷ ᠪᠤᠢ᠃ ᠭᠤᠤᠯᠳᠠᠭᠤ ︽ᠬᠦᠬᠡ ᠳᠤᠷᠠᠰᠤᠮᠵᠢ · ᠭᠤᠪᠢ ᠶᠢᠨ ᠬᠡᠦᠭᠡᠨ︾ ᠬᠤᠶᠠᠷ ᠠᠩᠭᠢ ᠪᠠᠷ ᠰᠡᠭᠦᠳᠡᠷᠯᠡᠵᠦ᠂ ᠠᠩᠭᠢ ᠪᠦᠷᠢ ᠶᠢ ᠨᠢ ᠬᠠᠭᠠᠰ ᠴᠠᠭ ᠤᠨ ᠦᠵᠡᠭᠳᠡᠯ ᠲᠠᠢ ᠰᠡᠭᠦᠳᠡᠷᠯᠡᠭᠡ ᠬᠢᠭᠦ ᠪᠠᠷ ᠪᠠᠶᠢᠨ᠎ᠠ᠂ 7 ᠰᠠᠷ᠎ᠠ ᠶᠢᠨ ᠰᠡᠭᠦᠯᠴᠢ ᠪᠤᠯᠳᠠᠯ᠎ᠠ ᠨᠢᠭᠡᠳᠦᠭᠡᠷ ᠠᠩᠭᠢ ᠶᠢ ᠨᠢ ᠦᠢᠯᠡᠳᠦᠨ ᠲᠠᠭᠤᠰᠬᠠᠬᠤ ᠪᠠᠷ ᠲᠥᠯᠥᠪᠯᠡᠵᠦ ᠪᠤᠢ᠃ ᠥᠪᠥᠷ ᠮᠤᠩᠭᠤᠯ ᠤᠨ ᠺᠢᠨᠣ᠋ ᠪᠦᠯᠦᠭᠯᠡᠯ ᠤᠨ ᠤᠳᠤᠷᠢᠳᠤᠭᠠᠴᠢ ᠪᠤᠤ ᠨᠠᠶᠠᠨᠳᠠᠢ ᠤᠲᠤᠷᠢᠳᠴᠦ᠂ ᠵᠥᠴᠦᠭᠡ ᠶᠢᠨ ᠵᠤᠬᠢᠶᠠᠯ ᠢ ᠬ᠊ · ᠰᠢᠷᠡᠭᠦᠦ᠂ ᠡᠷᠲᠡᠨᠢᠴᠡᠴᠡᠭ ᠪᠢᠴᠢᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠦ᠋‌‍ᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号