ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠤᠯᠠᠨ ᠤᠯᠤᠰ ᠤᠨ ᠳᠠᠮᠵᠢᠭᠤᠯᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠦ ᠳᠤᠮᠳᠠᠳᠤ ᠤᠯᠤᠰ ᠢ ᠦᠨᠡᠨ ᠪᠣᠳᠠᠲᠠᠶ ᠪᠤᠰᠤᠭ᠎ᠠ ᠴᠤᠭᠴᠠ ᠪᠠᠷ ᠪᠦᠬᠦ ᠲᠠᠯ᠎ᠠ ᠪᠠᠷ ᠳᠡᠯᠭᠡᠨ ᠦᠵᠡᠭᠦᠯᠬᠦ ᠭᠡᠷᠡᠭᠲᠡᠢ
ᠨᠡᠶᠢᠲᠡᠯᠡᠭᠰᠡᠨ ᠴᠠᠭ᠄
2021/6/3
      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ 5 ᠰᠠᠷ᠎ᠠ ᠶᠢᠨ 31 ᠤ ᠦᠳᠡ ᠶᠢᠨ ᠬᠤᠶᠢᠨ᠎ᠠ ᠮᠠᠨ ᠤ ᠤᠯᠤᠰ ᠤᠨ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠭᠤᠷᠢᠨ ᠳᠤ ᠭᠤᠴᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠳᠠᠭᠤᠨ ᠢ ᠰᠠᠶᠢᠲᠤᠷ ᠳᠠᠮᠵᠢᠭᠤᠯᠵᠤ᠂ ᠳᠤᠮᠳᠠᠳᠤ ᠤᠯᠤᠰ ᠢ ᠦᠨᠡᠨ ᠪᠣᠳᠠᠲᠠᠢ᠂ ᠪᠣᠰᠤᠭ᠎ᠠ ᠴᠣᠭᠴᠠ ᠪᠠᠷ᠂ ᠪᠦᠬᠦ ᠲᠠᠯ᠎ᠠ ᠪᠠᠷ ᠳᠡᠯᠭᠡᠨ ᠦᠵᠡᠬᠦᠯᠬᠦ ᠪᠣᠯ ᠮᠠᠨ ᠤ ᠤᠯᠤᠰ ᠤᠨ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠡᠭᠦᠷᠭᠡ ᠪᠣᠯᠤᠨ᠎ᠠ᠃ ᠰᠢᠨ᠎ᠡ ᠪᠠᠶᠢᠳᠠᠯ ᠳᠣᠣᠷ᠎ᠠ ᠤᠯᠠᠨ ᠤᠯᠤᠰ ᠤᠨ ᠳᠠᠮᠵᠢᠭᠤᠯᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠠ ᠴᠢᠨᠠᠷ ᠪᠣᠯᠤᠨ ᠵᠠᠶᠢᠯᠠᠰᠢ ᠦᠭᠡᠢ ᠴᠢᠨᠠᠷ ᠢ ᠭᠦᠨᠵᠡᠭᠡᠢ ᠲᠠᠨᠢᠵᠤ᠂ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠶᠡᠭᠡ ᠬᠦᠴᠦ ᠣᠷᠣᠭᠤᠯᠤᠨ ᠴᠢᠩᠭᠠᠳᠬᠠᠵᠤ᠂ ᠮᠠᠨ ᠤ ᠤᠯᠤᠰ ᠤᠨ ᠤᠯᠤᠰ ᠤᠨ ᠶᠡᠷᠦᠩᠬᠡᠢ ᠬᠦᠴᠦᠨ ᠪᠣᠯᠤᠨ ᠳᠡᠯᠡᠬᠡᠢ ᠶᠢᠨ ᠪᠠᠶᠢᠷᠢ ᠰᠠᠭᠤᠷᠢ ᠲᠠᠢ ᠵᠣᠬᠢᠴᠠᠭᠰᠠᠨ ᠤᠯᠠᠨ ᠤᠯᠤᠰ ᠲᠠᠬᠢ ᠦᠭᠡ ᠬᠡᠯᠡᠬᠦ ᠡᠷᠬᠡ ᠶᠢ ᠪᠦᠷᠢᠯᠳᠦᠭᠦᠯᠵᠦ᠂ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠠᠰᠢᠭᠲᠠᠢ ᠭᠠᠳᠠᠭᠠᠳᠤ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠹᠦᠳᠠᠨ ᠶᠡᠭᠡ ᠰᠤᠷᠭᠠᠭᠤᠯᠢ ᠶᠢᠨ ᠵᠠᠩ ᠸᠧᠶ ᠸᠧᠶ ᠫᠷᠤᠹᠧᠰᠰᠤᠷ ᠡᠨᠡ ᠠᠰᠠᠭᠤᠳᠠᠯ ᠤᠨ ᠲᠤᠬᠠᠶ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠡᠭᠦᠨ ᠤ ᠲᠠᠶᠢᠯᠪᠤᠷᠢᠯᠠᠯᠲᠠ ᠶᠢ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃       ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠮᠠᠨ ᠤ ᠨᠠᠮ ᠭᠠᠳᠠᠭᠠᠳᠤ ᠳᠤ ᠳᠠᠮᠵᠢᠭᠤᠯᠬᠤ ᠠᠵᠢᠯ ᠢ ᠶᠡᠷᠦ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠢᠳᠡ ᠤᠯᠠᠨ ᠤᠯᠤᠰ ᠤᠨ ᠳᠠᠮᠵᠢᠭᠤᠯᠭ᠎ᠠ ᠶᠢᠨ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠳᠣᠲᠣᠭᠠᠳᠤ ᠤᠬᠠᠭᠤᠯᠭ᠎ᠠ ᠭᠠᠳᠠᠭᠠᠳᠤ ᠤᠬᠠᠭᠤᠯᠭ᠎ᠠ ᠶᠢᠨ ᠪᠠᠶᠢᠭᠤᠯᠤᠮᠵᠢ ᠶᠢ ᠰᠢᠯᠤᠭᠤᠳᠬᠠᠵᠤ᠂ ᠤᠯᠠᠨ ᠤᠯᠤᠰ ᠤᠨ ᠨᠥᠯᠥᠭᠡᠯᠡᠬᠦ ᠬᠦᠴᠦᠨ ᠪᠦᠬᠦᠢ ᠵᠠᠭᠤᠴᠢᠯᠠᠭᠤᠷ ᠤᠨ ᠪᠦᠯᠦᠭᠵᠢᠯ ᠢ ᠴᠣᠭᠴᠠᠯᠠᠨ᠂ ᠳᠤᠮᠳᠠᠳᠤ ᠶᠢᠨ ᠰᠣᠶᠣᠯ ᠤᠨ ᠭᠠᠳᠠᠭᠰᠢ ᠭᠠᠷᠬᠤ ᠶᠢ ᠢᠳᠡᠪᠬᠢᠲᠡᠢ ᠠᠬᠢᠭᠤᠯᠵᠤ᠂ ᠤᠯᠠᠨ ᠤᠯᠤᠰ ᠤᠨ ᠶᠠᠷᠢᠶ᠎ᠠ ᠬᠡᠯᠡᠯᠴᠡᠭᠡ ᠶᠢ ᠬᠦᠲᠦᠯᠦᠨ ᠵᠢᠯᠤᠭᠤᠳᠬᠤ ᠪᠠ ᠶᠠᠷᠢᠶ᠎ᠠ ᠬᠡᠯᠡᠯᠴᠡᠭᠡᠨ ᠤ ᠲᠡᠮᠡᠴᠡᠯ ᠢ ᠪᠦᠲᠦᠮᠵᠢᠲᠡᠢ ᠥᠷᠨᠢᠭᠦᠯᠦᠨ᠂ ᠤᠯᠠᠨ ᠭᠤᠣᠯ ᠴᠣᠭᠴᠠᠳᠦ᠂ ᠪᠣᠰᠤᠭ᠎ᠠ ᠴᠣᠭᠴᠠᠲᠤ ᠮᠠᠶ᠋ᠢᠭ ᠤᠨ ᠭᠠᠳᠠᠭᠠᠳᠤ ᠤᠬᠠᠭᠤᠯᠭ᠎ᠠ ᠶᠢᠨ ᠳᠦᠯᠦᠪᠰᠢᠯ ᠢ ᠠᠩᠬ᠎ᠠ ᠠᠯᠬᠤᠮ ᠪᠣᠢ ᠪᠣᠯᠭᠠᠵᠦ᠂ ᠮᠠᠨ ᠤ ᠤᠯᠤᠰ ᠤᠨ ᠤᠯᠠᠨ ᠤᠯᠤᠰ ᠲᠠᠬᠢ ᠦᠭᠡ ᠬᠡᠯᠡᠬᠦ ᠡᠷᠬᠡ ᠪᠣᠯᠤᠨ ᠨᠥᠯᠥᠭᠡᠯᠡᠬᠦ ᠬᠦᠴᠦᠨ ᠢᠯᠡᠳᠲᠡ ᠳᠡᠭᠡᠭᠰᠢᠯᠡᠭᠰᠡᠨ ᠤ ᠬᠠᠮᠲᠤ ᠪᠠᠰᠠ ᠰᠢᠨ᠎ᠡ ᠪᠠᠶᠢᠳᠠᠯ ᠪᠣᠯᠤᠨ ᠡᠭᠦᠷᠭᠡ ᠲᠤᠯᠭᠠᠷᠠᠵᠤ ᠪᠠᠶᠢᠨ᠎ᠠ᠃ ᠡᠷᠬᠡᠪᠰᠢ  ᠳᠡᠭᠡᠳᠦ ᠳᠡᠰ ᠤᠨ ᠲᠥᠯᠥᠪᠯᠡᠭᠡ ᠪᠣᠯᠤᠨ ᠰᠤᠳᠤᠯᠭᠠᠨ ᠤ ᠪᠠᠶᠢᠷᠢᠰᠢᠭᠤᠯᠤᠯᠲᠠ ᠶᠢ ᠴᠢᠩᠭᠠᠳᠬᠠᠵᠤ᠂ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠲᠠᠢ ᠪᠠᠶᠢᠯᠳᠤᠬᠤ ᠪᠤᠳᠤᠯᠭ᠎ᠠ ᠶᠢᠨ ᠳᠠᠮᠵᠢᠭᠤᠯᠭ᠎ᠠ ᠶᠢᠨ ᠰᠢᠰᠲ᠋ᠧᠮ ᠢ ᠪᠠᠶᠢᠭᠤᠯᠤᠨ᠂ ᠤᠯᠠᠨ ᠤᠯᠤᠰ ᠲᠠᠬᠢ ᠳᠠᠮᠵᠢᠭᠤᠯᠭ᠎ᠠ ᠶᠢᠨ ᠨᠥᠯᠥᠭᠡᠯᠡᠬᠦ ᠬᠦᠴᠦᠨ᠂ ᠳᠤᠮᠳᠠᠳᠤ ᠶᠢᠨ ᠰᠣᠶᠣᠯ ᠤᠨ ᠤᠷᠢᠶᠠᠯᠠᠬᠤ ᠬᠦᠴᠦᠨ᠂ ᠳᠤᠮᠳᠠᠳᠤ ᠤᠯᠤᠰ ᠤᠨ ᠲᠦᠷᠢ ᠲᠥᠷᠬᠦ ᠶᠢᠨ ᠳᠣᠲᠣᠨᠣᠰᠤᠭ ᠬᠦᠴᠦᠨ᠂ ᠳᠤᠮᠳᠠᠳᠤ ᠤᠯᠤᠰ ᠤᠨ ᠦᠭᠡ ᠭᠡᠯᠡᠨ ᠤ ᠢᠲᠡᠭᠡᠭᠦᠯᠬᠦ ᠬᠦᠴᠦᠨ᠂ ᠤᠯᠠᠨ ᠤᠯᠤᠰ ᠤᠨ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠬᠦᠴᠦᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠪᠠ᠃       ᠰᠢ ᠶᠢᠨ ᠫᠢᠩ᠂ ᠳᠤᠮᠳᠠᠳᠤ ᠤᠯᠤᠰ ᠤᠨ ᠦᠭᠡ ᠭᠡᠯᠡᠨ ᠤ ᠪᠠ ᠳᠤᠮᠳᠠᠳᠤ ᠤᠯᠤᠰ ᠤᠨ ᠦᠬᠦᠯᠡᠨ ᠬᠦᠦᠷᠨᠢᠬᠦ ᠰᠢᠰᠲ᠋ᠧᠮ ᠢ ᠲᠦᠷᠭᠡᠨ ᠪᠠᠶᠢᠭᠤᠯᠵᠤ᠂ ᠳᠤᠮᠳᠠᠳᠤ ᠤᠯᠤᠰ ᠤᠨ ᠤᠨᠤᠯ ᠢᠶᠠᠷ ᠳᠤᠮᠳᠠᠳᠤ ᠤᠯᠤᠰ ᠤᠨ ᠦᠢᠯᠡᠳᠦᠯᠭᠡ ᠶᠢ ᠲᠠᠶᠢᠯᠪᠤᠷᠢᠯᠠᠵᠤ᠂ ᠳᠤᠮᠳᠠᠳᠤ ᠤᠯᠤᠰ ᠤᠨ ᠦᠢᠯᠡᠳᠦᠯᠭᠡ ᠪᠠᠷ ᠳᠤᠮᠳᠠᠳᠤ ᠤᠯᠤᠰ ᠤᠨ ᠤᠨᠤᠯ ᠢ ᠳᠡᠭᠡᠭᠰᠢᠯᠡᠭᠦᠯᠵᠦ᠂ ᠳᠤᠮᠳᠠᠳᠤ ᠭᠠᠳᠠᠭᠠᠳᠤ ᠶᠢ ᠠᠭᠤᠰᠤᠯᠴᠠᠨ ᠨᠡᠪᠲᠡᠷᠡᠭᠦᠯᠦᠭᠰᠡᠡ ᠰᠢᠨ᠎ᠡ ᠤᠬᠠᠭᠳᠠᠬᠤᠨ᠂ ᠰᠢᠨ᠎ᠡ ᠠᠢ᠂ ᠰᠢᠨ᠎ᠡ ᠢᠯᠡᠳᠭᠡᠮᠵᠢ ᠶᠢ ᠴᠤᠭᠴᠠᠯᠠᠨ᠂ ᠳᠤᠮᠳᠠᠳᠤ ᠤᠯᠤᠰ ᠤᠨ ᠦᠯᠢᠬᠡᠷ ᠵᠢᠴᠢ ᠲᠡᠭᠦᠨ ᠤ ᠠᠷᠤ ᠳᠠᠬᠢ ᠦᠵᠡᠯ ᠰᠠᠨᠠᠭᠠᠨ ᠤ ᠬᠦᠴᠦᠨ ᠪᠣᠯᠤᠨ ᠤᠶᠤᠨ ᠰᠠᠨᠠᠭᠠᠨ ᠤ ᠬᠦᠴᠦᠨ ᠢ ᠨᠡᠩ ᠭᠦᠢᠴᠡᠳ᠂ ᠨᠡᠩ ᠢᠯᠡ ᠲᠣᠳᠣ ᠪᠠᠷ ᠢᠯᠡᠷᠡᠭᠦᠯᠬᠦ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠢ ᠤᠬᠠᠭᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠤᠯ  ᠦᠨᠡᠨᠬᠦ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠶᠢᠨ ᠲᠥᠯᠥᠭᠡ ᠲᠡᠮᠡᠴᠡᠵᠦ ᠪᠠᠶᠢᠭ᠎ᠠ ᠭᠡᠳᠡᠭ ᠢ ᠭᠠᠳᠠᠭᠠᠳᠦ ᠶᠢᠨ ᠠᠷᠠᠳ ᠤᠯᠠᠨ ᠳᠤ ᠲᠠᠨᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠬᠢᠵᠤ ᠲᠡᠶᠢᠯᠬᠦ᠂ ᠮᠠᠷᠺᠰ ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ ᠶᠢ ᠤᠢᠢᠯᠠᠭᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠦᠷᠳᠡᠭ᠂ ᠳᠤᠮᠳᠠᠳᠤ ᠤᠯᠤᠰ ᠤᠨ ᠬᠦᠴᠦᠨ ᠤ ᠲᠣᠭᠤᠷᠢᠨ ᠳᠤ᠂ ᠤᠯᠤᠰ ᠲᠦᠷᠦ᠂ ᠠᠵᠤ ᠠᠬᠤᠢ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠵᠡᠷᠭᠡ ᠤᠯᠠᠨ ᠬᠠᠷᠠᠭᠠᠰᠤ ᠠᠴᠠ ᠭᠦᠨᠵᠡᠭᠡᠢ ᠰᠤᠳᠤᠯᠵᠤ᠂ ᠤᠯᠠᠨ ᠤᠯᠤᠰ ᠤᠨ ᠳᠠᠮᠵᠢᠭᠤᠯᠭ᠎ᠠ ᠶᠢᠨ ᠠᠵᠢᠯ ᠢ ᠥᠷᠨᠢᠭᠦᠯᠬᠦ ᠳᠤ ᠶᠣᠰᠣ ᠵᠦᠢ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠳᠤᠮᠳᠠᠳᠤ ᠶᠢᠨ ᠰᠣᠶᠣᠯ ᠤᠨ ᠭᠠᠳᠠᠭᠰᠢ ᠭᠠᠷᠬᠤ ᠶᠢ ᠨᠡᠩ ᠰᠠᠶᠢᠲᠤᠷ ᠠᠬᠢᠭᠤᠯᠵᠤ᠂ ᠰᠣᠶᠣᠯ ᠢᠶᠠᠷ ᠶᠣᠰᠣ ᠶᠢ ᠠᠴᠢᠶᠠᠯᠠᠵᠤ᠂ ᠰᠣᠶᠣᠯ ᠢᠶᠠᠷ ᠳᠠᠭᠤᠨ ᠢ ᠳᠠᠮᠵᠢᠭᠤᠯᠵᠤ᠂ ᠰᠣᠶᠣᠯ ᠢᠶᠠᠷ ᠬᠥᠮᠦᠨ ᠢ ᠤᠬᠠᠭᠠᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ᠂ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ᠂ ᠳᠤᠮᠳᠠᠳᠤ ᠤᠯᠤᠰ ᠤᠨ ᠤᠶᠤᠨ ᠤᠬᠠᠭᠠᠨ ᠢ ᠠᠭᠤᠯᠤᠭᠰᠠᠨ ᠨᠡᠩ ᠤᠯᠠᠨ ᠰᠢᠯᠢᠳᠡᠭ ᠰᠣᠶᠣᠯ ᠢ ᠳᠡᠯᠡᠬᠡᠢ ᠳ᠋ᠠᠬᠢᠨ ᠳᠤ ᠲᠠᠶᠢᠯᠪᠤᠷᠢᠯᠠᠨ ᠲᠠᠨᠢᠯᠴᠠᠭᠤᠯᠬᠤ ᠬᠡᠷᠡᠭᠲᠡᠢ᠃ ᠦᠨᠳᠦᠰᠦᠨ ᠬᠦᠭ ᠠᠶᠠᠰ ᠢ ᠰᠠᠶᠢᠲᠤᠷ ᠡᠵᠡᠮᠳᠡᠬᠦ ᠶᠢ ᠴᠢᠬᠤᠯᠠᠴᠢᠯᠠᠵᠤ᠂ ᠨᠡᠬᠡᠬᠡᠯᠳᠡ ᠲᠠᠢ ᠢᠲᠡᠭᠡᠯ ᠲᠠᠢ ᠪᠠᠶᠢᠬᠤ ᠪᠥᠭᠡᠳ ᠪᠠᠰᠠ ᠳᠠᠷᠤᠤ ᠬᠢᠴᠢᠶᠡᠩᠭᠦᠢ ᠪᠠᠶᠢᠵᠤ᠂ ᠢᠲᠡᠭᠡᠮᠵᠢᠲᠡᠢ᠂ ᠬᠠᠶᠢᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠲᠦᠷᠢ ᠲᠥᠷᠬᠦ ᠶᠢ ᠴᠢᠷᠮᠠᠶᠢᠨ ᠪᠣᠢ ᠪᠣᠯᠭᠠᠬᠤ ᠬᠡᠷᠡᠭᠲᠡᠢ ᠭᠡᠪᠠ᠃      ᠰᠢ ᠶᠢᠨ ᠫᠢᠩ᠂ ᠳᠤᠮᠳᠠᠳᠤ ᠤᠯᠤᠰ ᠤᠨ ᠵᠣᠷᠢᠯᠲᠠ᠂ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠦᠯ ᠢ ᠥᠷᠭᠡᠨ ᠢᠶᠠᠷ ᠤᠬᠠᠭᠤᠯᠤᠨ ᠲᠠᠨᠢᠯᠴᠠᠭᠤᠯᠬᠤ ᠭᠡᠷᠡᠭᠲᠡᠢ᠂ ᠮᠠᠨ ᠤ ᠤᠯᠤᠰ ᠡᠳᠦᠷ ᠢᠷᠡᠬᠦᠶ᠎ᠡ ᠳᠡᠯᠡᠬᠡᠢ ᠶᠢᠨ ᠲᠠᠪᠴᠠᠩ ᠤᠨ ᠲᠥᠪ ᠲᠤ ᠣᠶᠢᠷᠠᠳᠴᠤ ᠪᠠᠶᠢᠨ᠎ᠠ᠂ ᠪᠦᠬᠦ ᠪᠥᠮᠪᠥᠷᠴᠡᠭ ᠤᠨ ᠬᠡᠷᠡᠭ ᠶᠠᠪᠤᠳᠠᠯ ᠳᠤ ᠨᠡᠩ ᠶᠡᠭᠡ ᠦᠢᠯᠡᠳᠦᠯ ᠦᠵᠡᠭᠦᠯᠦᠨ᠂ ᠡᠯ᠎ᠡ ᠤᠯᠤᠰ ᠲᠠᠢ ᠬᠠᠮᠲᠤ ᠪᠠᠷ ᠪᠦᠬᠦ ᠬᠥᠮᠦᠨ ᠲᠥᠷᠥᠯᠬᠢᠲᠡᠨ ᠤ ᠠᠰᠠᠭᠤᠳᠠᠯ ᠢ ᠰᠢᠢᠳᠪᠦᠷᠢᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠴᠢᠳᠠᠪᠤᠷᠢ ᠲᠠᠢ ᠪᠥᠭᠡᠳ ᠬᠠᠷᠢᠭᠤᠴᠠᠯᠭ᠎ᠠ ᠲᠠᠢ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠶᠡᠭᠡ ᠲᠤᠭ ᠢ ᠥᠨᠳᠥᠷ ᠮᠠᠨᠳᠤᠭᠤᠯᠵᠤ᠂ ᠮᠠᠨ ᠤ ᠤᠯᠤᠰ ᠤᠨ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠳᠤ ᠲᠦᠰᠢᠭᠯᠡᠨ᠂ ᠲᠠᠪᠤᠨ ᠮᠢᠩᠭ᠎ᠠ ᠭᠠᠷᠤᠢ ᠵᠢᠯ ᠤᠨ ᠳᠤᠮᠳᠠᠳᠤ ᠶᠢᠨ ᠪᠣᠯᠪᠠᠰᠤᠨ ᠳᠤ ᠰᠠᠭᠤᠷᠢᠯᠠᠵᠤ᠂ ᠮᠠᠨ ᠤ ᠤᠯᠤᠰ ᠤᠨ ᠬᠥᠭᠵᠢᠯᠲᠡ ᠶᠢᠨ ᠦᠵᠡᠯᠲᠡ᠂ ᠪᠣᠯᠪᠠᠰᠤᠨ ᠤ ᠦᠵᠡᠯᠲᠡ᠂ ᠠᠮᠤᠷ ᠲᠦᠪᠰᠢᠨ ᠤ ᠦᠵᠡᠯᠲᠡ᠂ ᠬᠥᠮᠦᠨ ᠤ ᠡᠷᠬᠡ ᠶᠢᠨ ᠦᠵᠡᠯᠲᠡ᠂ ᠠᠮᠢ ᠠᠬᠤᠢ ᠶᠢᠨ ᠦᠵᠡᠯᠲᠡ᠂ ᠤᠯᠠᠨ ᠤᠯᠤᠰ ᠤᠨ ᠡᠮᠬᠢ ᠳᠢᠭᠯᠢᠮ ᠤᠨ ᠦᠵᠡᠯᠲᠡ ᠪᠠ ᠪᠦᠬᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠪᠦᠬᠦ ᠲᠠᠯ᠎ᠠ ᠪᠠᠷ ᠲᠣᠳᠣᠷᠬᠠᠶᠢᠯᠠᠨ ᠥᠭᠦᠯᠡᠬᠦ ᠬᠡᠷᠡᠭᠲᠡᠢ᠃ ᠤᠯᠠᠨ ᠲᠠᠯᠠᠲᠤ ᠦᠵᠡᠯ ᠢ ᠰᠠᠨᠠᠭᠠᠴᠢᠯᠠᠵᠤ᠂ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ ᠢ ᠡᠰᠡᠷᠭᠦᠴᠡᠨ᠂ ᠳᠡᠯᠡᠬᠡᠢ ᠨᠡᠶᠢᠭᠡᠮ ᠤᠨ ᠬᠢᠨ ᠢ ᠬᠦᠲᠦᠯᠦᠨ ᠵᠢᠯᠣᠭᠤᠳᠴᠤ ᠪᠠᠶᠢᠭᠠᠳ ᠨᠡᠩ ᠲᠥᠪ ᠭᠤᠣᠯᠴᠢ ᠵᠦᠢ ᠵᠣᠬᠢᠰᠲᠠᠢ ᠤᠯᠠᠨ ᠤᠯᠤᠰ ᠤᠨ ᠰᠢᠨ᠎ᠡ ᠡᠮᠬᠢ ᠵᠢᠷᠤᠮ ᠢ ᠬᠠᠮᠲᠤ ᠪᠠᠷ ᠪᠤᠢ ᠪᠣᠯᠭᠠᠵᠤ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠬᠡᠷᠡᠭᠲᠡᠢ᠃ ᠡᠯ᠎ᠠ ᠵᠦᠢᠯ ᠤᠨ ᠠᠮᠢᠳᠤᠯᠢᠭ ᠪᠤᠲᠠᠲᠠᠢ ᠰᠡᠳᠬᠢᠯ ᠬᠦᠳᠡᠯᠭᠡᠮ᠎ᠡ ᠭᠡᠷᠡᠭ ᠶᠠᠪᠤᠳᠠᠯ ᠢ ᠴᠢᠳᠠᠮᠠᠭᠠᠢ ᠠᠰᠢᠬᠯᠠᠨ᠂ ᠳᠤᠮᠳᠠᠳᠤ ᠤᠯᠤᠰ ᠤᠨ ᠬᠥᠭᠵᠢᠯᠲᠡ ᠶᠢᠨ ᠲᠤᠰ ᠪᠡᠶ᠎ᠡ ᠨᠢ ᠳᠠᠷᠤᠢ ᠳᠡᠯᠡᠬᠡᠢ ᠳᠤ ᠦᠵᠡᠭᠦᠯᠦᠭᠰᠡᠨ ᠬᠠᠮᠤᠭ ᠤᠨ ᠶᠡᠭᠡ ᠬᠤᠪᠢ ᠨᠡᠮᠡᠷᠢ ᠮᠥᠨ᠂ ᠬᠥᠮᠦᠨ ᠲᠥᠷᠥᠯᠬᠢᠲᠡᠨ ᠤ ᠠᠰᠠᠭᠤᠳᠠᠯ ᠢ ᠰᠢᠢᠳᠪᠦᠷᠢᠯᠡᠬᠦ ᠳᠤ ᠤᠶᠤᠨ ᠤᠬᠠᠭᠠᠨ ᠢᠶᠠᠨ ᠡᠷᠭᠦᠭᠰᠡᠨ ᠭᠡᠳᠡᠭ ᠢ ᠲᠣᠳᠣᠷᠬᠠᠶᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠡᠯ᠎ᠡ ᠵᠦᠢᠯ ᠤᠨ ᠬᠡᠯᠪᠡᠷᠢ ᠪᠠᠷ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠵᠦᠢᠯ ᠤᠨ ᠠᠷᠭ᠎ᠠ ᠵᠠᠮ ᠢᠶᠠᠷ ᠮᠠᠨ ᠤ ᠤᠯᠤᠰ ᠪᠣᠯᠤᠨ ᠡᠯ᠎ᠡ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠤᠨ ᠠᠷᠠᠳ ᠤᠨ ᠰᠡᠳᠬᠢᠯ ᠤᠨ ᠣᠯᠣᠯᠴᠠᠭ᠎ᠠ ᠶᠢ ᠠᠬᠢᠭᠤᠯᠬᠤ ᠬᠡᠷᠡᠭᠲᠡᠢ᠃  ᠪᠠᠶᠢᠭᠤᠯᠣᠯ ᠲᠣᠭᠲᠡᠴᠡ ᠶᠢᠨ ᠰᠢᠨ᠎ᠡ ᠶᠢ ᠡᠭᠦᠳᠴᠦ᠂ ᠮᠠᠨ ᠤ ᠪᠠᠶᠢᠭᠤᠯᠤᠯ ᠤᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠬᠥᠮᠦᠨ ᠤ ᠬᠦᠴᠦᠨ ᠤ ᠳᠠᠪᠠᠭᠤᠯᠢᠭ ᠢ ᠳᠠᠮᠵᠢᠭᠤᠯᠭ᠎ᠠ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠳᠡᠭᠡᠳᠦ ᠲᠡᠰ ᠳᠠᠪᠬᠤᠷᠭ᠎ᠠ ᠶᠢᠨ ᠲᠤᠰᠬᠠᠢ ᠮᠡᠷᠭᠡᠵᠢᠯᠲᠡᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠴᠢᠬᠤᠯᠠ ᠤᠯᠠᠨ ᠤᠯᠤᠰ ᠤᠨ ᠬᠤᠷᠠᠯ ᠤᠨ ᠶᠠᠷᠢᠶᠠᠨ ᠤ ᠲᠠᠪᠴᠠᠩ᠂ ᠭᠠᠳᠠᠭᠠᠳᠤ ᠶᠢᠨ ᠭᠤᠣᠯ ᠵᠠᠭᠤᠴᠢᠯᠠᠭᠤᠷ ᠵᠡᠷᠭᠡ ᠲᠠᠪᠴᠠᠩ ᠪᠣᠯᠤᠨ ᠠᠷᠭ᠎ᠠ ᠵᠠᠮ ᠢ ᠠᠰᠢᠬᠯᠠᠨ ᠦᠭᠡ ᠭᠡᠯᠡᠵᠤ ᠲᠠᠭᠤᠨ ᠭᠠᠷᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠣᠨᠴᠠᠯᠢᠭ ᠪᠣᠯᠤᠨ ᠳᠠᠪᠠᠭᠤᠯᠢᠭ ᠢᠶᠠᠨ ᠪᠠᠳᠠᠷᠠᠭᠤᠯᠵᠤ ᠪᠠᠶᠢᠭᠠᠳ ᠠᠵᠢᠯ ᠢᠶᠠᠨ ᠥᠷᠨᠢᠭᠦᠯᠵᠦ᠂ ᠪᠠᠶᠠᠯᠢᠭ ᠰᠠᠶᠢᠬᠠᠨ᠂ ᠠᠮᠢᠳᠤᠯᠢᠭ ᠪᠣᠰᠤᠭ᠎ᠠ ᠴᠣᠭᠴᠠᠲᠤ ᠳᠤᠮᠳᠠᠳᠤ ᠤᠯᠤᠰ ᠤᠨ ᠲᠦᠷᠢ ᠲᠥᠷᠬᠦ ᠶᠢ ᠳᠡᠯᠭᠡᠨ ᠦᠵᠡᠬᠦᠯᠬᠦ ᠬᠡᠷᠡᠭᠲᠡᠢ ᠬᠡᠪᠠ᠃      ᠰᠢ ᠶᠢᠨ ᠫᠢᠩ᠂ ᠤᠯᠠᠨ ᠤᠯᠤᠰ ᠤᠨ ᠳᠠᠮᠵᠢᠭᠤᠯᠭ᠎ᠠ ᠶᠢᠨ ᠦᠢᠯᠡᠳᠦᠯ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠤᠯᠠᠨ ᠤᠯᠤᠰ ᠤᠨ ᠳᠠᠮᠵᠢᠭᠤᠯᠭ᠎ᠠ ᠶᠢᠨ ᠬᠡᠷᠡᠭᠴᠡᠭᠡ ᠳᠤ ᠵᠣᠬᠢᠴᠠᠭᠰᠠᠨ ᠲᠤᠰᠬᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠤᠯᠠᠨ ᠤᠯᠤᠰ ᠤᠨ ᠳᠠᠮᠵᠢᠭᠤᠯᠭ᠎ᠠ ᠶᠢᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠤᠯᠠᠨ ᠤᠯᠤᠰ ᠤᠨ ᠳᠠᠮᠵᠢᠭᠤᠯᠭ᠎ᠠ ᠶᠢᠨ ᠵᠢᠮ᠎ᠡ ᠶᠣᠰᠣ ᠶᠢ ᠡᠵᠡᠮᠰᠢᠵᠦ᠂ ᠭᠠᠳᠠᠭᠠᠳᠤ ᠳᠤ ᠦᠭᠡ ᠬᠡᠯᠡᠬᠦ ᠦᠭᠡ ᠬᠡᠯᠡᠨ ᠤ ᠰᠢᠰᠲ᠋ᠧᠮ ᠢ ᠪᠠᠶᠢᠭᠤᠯᠵᠤ᠂ ᠳᠠᠮᠵᠢᠭᠤᠯᠭ᠎ᠠ ᠶᠢᠨ ᠤᠷ᠎ᠠ ᠮᠡᠷᠭᠡᠵᠢᠯ ᠢ ᠳᠡᠭᠡᠭᠰᠢᠯᠡᠭᠦᠯᠬᠦ ᠬᠡᠷᠡᠭᠲᠡᠢ᠃ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠤᠯᠤᠰ᠂ ᠠᠳᠠᠯᠢ ᠪᠤᠰᠤ ᠬᠦᠯᠢᠶᠡᠨ ᠠᠪᠤᠭᠴᠢᠳ ᠲᠤ ᠣᠶᠢᠷᠠᠳᠤᠬᠰᠠᠨ ᠨᠠᠷᠢᠯᠢᠭ ᠣᠨᠣᠪᠴᠢᠳᠠᠢ ᠪᠠᠷ ᠳᠠᠮᠵᠢᠭᠤᠯᠬᠤ ᠠᠷᠭ᠎ᠠ ᠮᠠᠶ᠋ᠢᠭ ᠢ ᠬᠡᠷᠡᠭᠯᠡᠨ᠂ ᠳᠤᠮᠳᠠᠳᠤ ᠤᠯᠤᠰ ᠤᠨ ᠦᠯᠢᠭᠡᠷ ᠪᠠ ᠳᠤᠮᠳᠠᠳᠤ ᠤᠯᠤᠰ ᠤᠨ ᠲᠠᠭᠤᠨ ᠢ ᠳᠡᠯᠡᠬᠡᠶᠢᠵᠢᠬᠦᠯᠦᠨ ᠢᠯᠡᠳᠬᠡᠬᠦ᠂ ᠣᠷᠣᠨ ᠪᠦᠰᠡᠴᠢᠯᠡᠨ ᠢᠯᠡᠳᠬᠡᠬᠦ᠂ ᠬᠦᠯᠢᠶᠡᠨ ᠠᠪᠤᠭᠴᠢᠳ ᠤᠨ ᠬᠡᠷᠡᠭᠴᠡᠭᠡ ᠳᠤ ᠵᠤᠬᠢᠴᠠᠭᠤᠯᠤᠨ ᠵᠦᠷᠢᠶᠡᠴᠢᠯᠡᠨ ᠢᠯᠡᠳᠭᠡᠬᠦ ᠶᠢ ᠠᠬᠢᠭᠤᠯᠵᠤ᠂ ᠤᠯᠠᠨ ᠤᠯᠤᠰ ᠤᠨ ᠲᠠᠮᠵᠢᠭᠤᠯᠭ᠎ᠠ ᠶᠢᠨ ᠳᠣᠲᠣᠨᠣᠰᠤᠭ ᠬᠦᠴᠦᠨ ᠪᠠ ᠪᠣᠳᠠᠲᠤ ᠪᠦᠳᠤᠮᠵᠢᠳᠤ ᠴᠢᠨᠠᠷ ᠢ ᠨᠡᠮᠡᠭᠳᠡᠭᠦᠯᠬᠦ ᠬᠡᠷᠡᠭᠲᠡᠢ᠃ ᠥᠷᠭᠡᠨ ᠢᠶᠠᠷ ᠨᠠᠶᠢᠵᠠᠯᠠᠵᠦ᠂ ᠣᠯᠠᠩᠬᠢ ᠲᠣᠭᠠᠲᠠᠨ ᠲᠠᠢ ᠪᠦᠯᠬᠦᠮᠳᠡᠵᠦ ᠲᠡᠳᠡᠨ ᠢ ᠲᠠᠳᠠᠨ ᠠᠪᠴᠤ᠂ ᠳᠤᠮᠳᠠᠳᠤ ᠶᠢ ᠤᠢᠢᠯᠠᠭᠠᠵᠤ ᠮᠡᠳᠡᠬᠦ᠂ ᠲᠤᠮᠲᠠᠲᠦ ᠳᠤ ᠨᠥᠬᠦᠷᠰᠡᠭ ᠪᠠᠶᠢᠬᠤ ᠤᠯᠠᠨ ᠤᠯᠤᠰ ᠤᠨ ᠶᠠᠷᠢᠶ᠎ᠠ ᠬᠡᠯᠡᠯᠴᠡᠭᠡᠨ ᠤ ᠨᠠᠶᠢᠵᠠ ᠶᠢᠨ ᠲᠤᠭᠤᠷᠢᠭ ᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠲᠡᠮᠡᠴᠡᠯ ᠤᠨ ᠠᠷᠭ᠎ᠠ ᠪᠤᠳᠤᠯᠭ᠎ᠠ ᠪᠠ ᠤᠷ᠎ᠠ ᠮᠡᠷᠭᠡᠵᠢᠯ ᠢ ᠡᠷᠬᠢᠮᠯᠡᠵᠦ᠂ ᠴᠢᠬᠤᠯᠠ ᠶᠡᠭᠡ ᠠᠰᠠᠭᠤᠳᠠᠯ ᠤᠨ ᠲᠤᠬᠠᠢ ᠭᠠᠳᠠᠭᠠᠳᠦ ᠳᠠᠬᠢ ᠦᠭᠡ ᠭᠡᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃      ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ ᠣᠷᠣᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠳ᠋ ᠤᠨ ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠪᠣᠳᠠᠲᠠᠢ ᠠᠵᠢᠯ ᠢ ᠬᠠᠪᠰᠤᠷᠤᠨ ᠠᠬᠢᠭᠤᠯᠵᠤ᠂ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠠᠨ ᠤᠯᠤᠰ ᠤᠨ ᠳᠠᠮᠵᠢᠭᠤᠯᠭ᠎ᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠬᠢᠵᠦ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠬᠤ ᠮᠥᠷᠲᠡᠭᠡᠨ ᠪᠠᠰᠠ ᠪᠡᠶ᠎ᠡ ᠪᠠᠷ ᠢᠶᠠᠨ ᠬᠢᠬᠦ ᠬᠡᠷᠡᠭᠲᠡᠢ᠃ ᠤᠳᠤᠷᠢᠳᠬᠤ ᠺᠠᠳ᠋ᠷᠴᠤᠳ ᠲᠤ ᠤᠯᠠᠨ ᠤᠯᠤᠰ ᠤᠨ ᠲᠠᠮᠵᠢᠭᠤᠯᠭ᠎ᠠ ᠶᠢᠨ ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠂ ᠨᠠᠮ ᠪᠠ ᠤᠯᠤᠰ ᠤᠨ ᠨᠡᠷ᠎ᠡ ᠬᠦᠨᠳᠦ ᠲᠦᠷᠢ ᠲᠥᠷᠬᠦ ᠶᠢ ᠤᠬᠠᠮᠰᠠᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢ ᠬᠥᠮᠦᠵᠢᠭᠦᠯᠬᠦ ᠶᠢ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠠ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠤᠯᠠᠨ ᠤᠯᠤᠰ ᠤᠨ ᠳᠠᠮᠵᠢᠭᠤᠯᠭ᠎ᠠ ᠶᠢᠨ ᠤᠨᠤᠯ ᠤᠨ ᠰᠤᠳᠤᠯᠭᠠᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号