︽ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︿ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ﹀ ᠠᠵᠢᠯ ᠤᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/6/7
     ᠨᠢᠭᠡ᠂ ︽ᠲᠥᠰᠦᠯ︾  ᠢ ᠳᠣᠭᠳᠠᠭᠠᠭᠰᠠᠨ ᠦᠨᠳᠦᠰᠦᠯᠡᠯ      ︽ᠪᠥᠬᠦ ᠤᠯᠤᠰ ᠤᠨ ︿ᠳᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠧᠯᠸᠢᠰ ᠣᠳᠠᠰᠣ ᠬᠤᠷᠠᠯ ᠤᠨ ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ 〔2020〕43 ᠳ᠋ᠤᠭᠠᠷ ᠲᠣᠭᠠᠲᠤ︶ ︽ᠪᠥᠬᠦ ᠤᠯᠤᠰ ᠤᠨ ︿ ᠳᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠧᠯᠸᠢᠰ ᠣᠳᠠᠰᠣ ᠬᠤᠷᠠᠯ ᠤᠨ ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔2020〕45 ᠳ᠋ᠤᠭᠠᠷ ᠲᠣᠭᠠᠲᠤ︶᠃      ᠬᠤᠶᠠᠷ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾ ᠶᠢᠨ ᠠᠭᠤᠯᠤᠭᠳᠠᠬᠤᠨ      ︽ᠨᠢᠭᠡ ᠴᠣᠩᠬᠤᠪᠴᠢ ᠪᠠᠷ ᠬᠦᠯᠢᠶᠡᠨ ᠠᠪᠴᠤ ᠬᠦᠢᠴᠡᠳᠬᠡᠬᠦ  ︾ ᠭᠡᠳᠡᠭ ᠨᠢ ᠰᠠᠯᠠᠭ᠎ᠠ ᠮᠥᠴᠢᠷ ᠢᠶᠠᠷ ᠨᠢᠬᠡᠴᠡ ᠪᠣᠯᠭᠠᠨ ᠳᠠᠩ ᠭᠠᠭᠴᠠ ᠴᠣᠩᠬᠤᠪᠴᠢ ᠶᠢ ᠳᠣᠬᠢᠷᠠᠭᠤᠯᠬᠤ  ᠦᠢᠯᠡᠴᠢᠯᠡᠭᠡᠨ ᠤ ᠵᠠᠭᠪᠤᠷ ᠢ ᠬᠤᠪᠢᠷᠠᠭᠤᠯᠵᠤ᠂ ︽ᠬᠦᠯᠢᠶᠡᠨ ᠠᠪᠴᠦ ᠬᠦᠢᠴᠡᠳᠬᠡᠬᠦ ᠪᠠ ᠪᠠᠶᠢᠴᠠᠭᠠᠯᠲᠠ ᠶᠢ ᠰᠠᠯᠭᠠᠬᠤ︾ ᠵᠠᠭᠪᠤᠷ ᠶᠣᠰᠣᠭᠠᠷ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ᠂ ᠳᠦᠪᠯᠡᠷᠡᠬᠦᠯᠦᠨ ᠦᠢᠯᠡᠴᠢᠯᠡᠬᠦ᠂ ᠬᠠᠮᠢᠶᠠᠷᠤᠯᠲᠠ ᠳᠤ ᠰᠢᠨ᠎ᠡ ᠶᠢ ᠡᠭᠦᠳᠬᠦ ᠪᠠᠷ ᠵᠠᠷᠴᠢᠮ ᠪᠣᠯᠭᠠᠵᠤ᠂ ᠪᠦᠬᠦ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠶᠢ ᠳᠣᠬᠢᠷᠠᠭᠤᠯᠣᠨ᠂ ︽ᠣᠯᠠᠨ ᠲᠠᠯ᠎ᠠ ᠠᠴᠠ ᠬᠦᠯᠢᠶᠡᠨ ᠠᠪᠴᠤ ᠬᠦᠢᠴᠡᠳᠬᠡᠬᠦ︾ ᠶᠢ ︽ᠨᠢᠭᠡᠳᠦᠯᠲᠡᠶ ᠬᠦᠯᠢᠶᠡᠨ ᠠᠪᠴᠤ ᠬᠦᠢᠴᠡᠳᠬᠡᠬᠦ︾ ᠪᠣᠯᠭᠠᠨ ᠬᠤᠪᠢᠷᠠᠭᠤᠯᠵᠤ᠂ ︽ᠨᠢᠭᠡ ᠯᠡ ᠴᠣᠩᠬᠤᠪᠴᠢ ᠪᠠᠷ ᠭᠤᠶᠤᠴᠢᠯᠠᠬᠤ᠂ ᠨᠢᠭᠡ ᠯᠡ ᠴᠣᠩᠬᠤᠪᠴᠢ ᠪᠠᠷ ᠬᠦᠯᠢᠶᠡᠨ ᠠᠪᠴᠤ ᠬᠦᠢᠴᠡᠳᠬᠡᠬᠦ᠂ ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠳᠦᠪᠯᠡᠷᠡᠭᠰᠡᠨ ᠦᠢᠯᠡᠴᠢᠯᠡᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠬᠦᠢᠴᠡᠳᠬᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠠᠵᠢᠯ ᠤᠨ ᠲᠣᠭᠲᠠᠴᠠ ᠶᠢ ᠪᠦᠷᠢᠯᠳᠦᠭᠦᠯᠦᠨ᠎ᠡ᠃      ᠭᠤᠷᠪᠠ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾ ᠶᠢ ᠬᠡᠷᠡᠭᠵᠢᠬᠦᠯᠬᠦ ᠠᠴᠢ ᠬᠤᠯᠪᠣᠭᠳᠠᠯ      ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠵᠦ ᠦᠢᠯᠡᠰ ᠪᠦᠳᠦᠭᠡᠬᠦ ᠳᠤ ᠨᠠᠩ ᠰᠠᠶᠢᠨ ᠲᠥᠬᠦᠮ ᠦᠵᠡᠭᠦᠯᠬᠦ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠰᠢᠭᠤᠳ ᠬᠠᠨᠳᠤᠭᠤᠯᠤᠭᠰᠠᠨ ᠭᠤᠶᠤᠴᠢᠯᠠᠯ ᠶᠣᠰᠣᠭᠠᠷ ᠬᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠲᠠᠢ ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠤᠨ ᠴᠤᠩᠬᠤᠪᠴᠢ ᠶᠢᠨ ᠲᠣᠬᠢᠷᠠᠭᠤᠯᠤᠯᠲᠠ ᠳᠤ ᠰᠢᠨ᠎ᠡ ᠶᠢ ᠡᠭᠦᠳᠴᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾ ᠵᠠᠭᠪᠤᠷ ᠢ ᠬᠡᠷᠡᠭᠵᠢᠭᠦᠯᠬᠦ ᠨᠢ᠂ ᠰᠦᠯᠵᠢᠶ᠎ᠡ ᠪᠠᠷ ᠠᠵᠢᠯ ᠶᠠᠪᠤᠳᠠᠯ ᠬᠦᠢᠴᠡᠳᠬᠡᠬᠦ ᠳᠤ ᠭᠤᠭᠴᠤᠭ᠎ᠠ ᠶᠢ ᠪᠠᠭᠠᠰᠬᠠᠬᠤ᠂ ᠭᠦᠶᠦᠬᠦ ᠤᠳᠠᠭ᠎ᠠ ᠶᠢ ᠬᠠᠰᠤᠬᠤ ᠶᠢ ᠠᠬᠢᠭᠤᠯᠵᠤ᠂ ᠠᠵᠢᠯ ᠶᠠᠪᠤᠳᠠᠯ ᠬᠦᠢᠴᠡᠳᠬᠡᠬᠦ ᠳᠤ ᠬᠦᠴᠢᠷᠲᠡᠶ ᠪᠠᠶᠢᠭ᠎ᠠ ᠲᠦᠭᠵᠢᠷᠡᠯ ᠢ ᠠᠷᠢᠯᠭᠠᠨ᠂ ᠳᠥᠭᠦᠮ ᠳᠥᠲᠡ᠂ ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠠᠭᠪᠤᠷ ᠢ ᠪᠣᠢ ᠪᠣᠯᠭᠠᠵᠦ᠂ ᠪᠥᠬᠦ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠵᠣᠷᠢᠯᠭ᠎ᠠ ᠳᠤ ᠬᠥᠷᠬᠦ ᠳᠤ ᠠᠰᠢᠭᠲᠠᠶ ᠶᠤᠮ᠃      ᠳᠥᠷᠪᠡ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾ ᠶᠢᠨ ᠬᠡᠷᠡᠭᠵᠢᠭᠦᠯᠬᠦ ᠵᠠᠷᠴᠢᠮ      ︵ᠨᠢᠭᠡ︶ ᠳᠦᠪᠯᠡᠷᠡᠭᠦᠯᠦᠨ ᠦᠢᠯᠡᠴᠢᠯᠡᠨ᠎ᠡ᠃ ᠭᠤᠶᠤᠴᠢᠯᠠᠬᠤ ᠪᠠᠷ ᠦᠨᠳᠦᠰᠦᠯᠡᠯ ᠪᠣᠯᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ  ᠦᠢᠯᠡᠴᠢᠯᠡᠬᠡᠨ ᠤ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠪᠠ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶᠡᠨ ᠲᠠᠪᠴᠠᠩ ᠳᠤ ᠨᠢᠭᠡᠳᠦᠯᠲᠡᠶ ᠣᠷᠣᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠢᠴᠢ ᠣᠯᠠᠨ ᠨᠡᠶᠢᠲᠡ ᠶᠢᠨ ᠦᠢᠯᠡᠴᠢᠯᠡᠬᠡᠨ ᠤ ᠨᠢᠭᠡᠳᠦᠯᠲᠡᠶ ︽ᠨᠢᠭᠡ ᠡᠭᠦᠳᠡ ᠨᠢᠭᠡ ᠰᠦᠯᠵᠢᠶ᠎ᠡ ᠨᠢᠭᠡ ᠴᠣᠩᠬᠤᠪᠴᠢ︾ ᠮᠠᠶ᠋ᠢᠭ ᠤᠨ ᠳᠦᠪᠯᠡᠷᠡᠭᠰᠡᠨ ᠦᠢᠯᠡᠴᠢᠯᠡᠭᠡ ᠶᠢ ᠪᠡᠶᠡᠯᠡᠭᠦᠯᠦᠨ᠎ᠡ᠃      ︵ᠬᠤᠶᠠᠷ︶ ᠨᠢᠭᠡᠳᠦᠯᠲᠡᠶ ᠣᠷᠣᠭᠤᠯᠣᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠤᠨ ᠲᠤᠬᠠᠶ ᠶᠢᠨ ᠲᠠᠯᠠᠪᠠᠶ ᠶᠢᠨ ᠲᠤᠬᠠᠶᠢᠯᠠᠭᠰᠠᠨ ᠠᠵᠢᠯ ᠳᠤ ᠶᠡᠷᠦᠩᠬᠡᠶᠢᠯᠡᠭᠰᠡᠨ ᠴᠣᠩᠬᠤᠪᠴᠢ ᠪᠠᠷ ᠨᠢᠭᠡᠳᠦᠯᠲᠡᠶ ᠭᠥᠯᠢᠶᠡᠨ ᠠᠪᠴᠤ ᠬᠦᠢᠴᠡᠳᠬᠡᠬᠦ᠂ ᠰᠦᠯᠵᠢᠶ᠎ᠡ ᠪᠠᠷ ᠠᠵᠢᠯ ᠬᠡᠷᠡᠭ ᠬᠦᠢᠴᠡᠳᠬᠡᠬᠦ ︵ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠨᠢᠭᠡ ᠴᠣᠠᠠᠴᠠᠵᠢᠭᠤᠯᠥᠠᠠᠰᠠᠨ ᠲᠠᠪᠴᠠᠩ᠂ ᠰᠢᠯᠵᠢᠮᠡᠯ ᠦᠵᠦᠬᠦᠷᠯᠢᠭ᠂ ᠸᠢᠴᠠᠲ᠂ ᠥᠪᠡᠰᠦᠪᠡᠨ ᠦᠢᠯᠡᠴᠢᠯᠡᠬᠦ ᠳᠠᠪᠴᠠᠩ ᠵᠡᠷᠭᠡ ᠰᠢᠯᠵᠢᠮᠡᠯ ᠳᠠᠪᠴᠠᠩ ᠪᠠᠭᠲᠠᠨ᠎ᠠ︶ ᠶᠢ ᠨᠢᠭᠡᠳᠦᠯᠲᠡᠶ ᠣᠷᠣᠭᠤᠯᠬᠤ ᠶᠢ ᠬᠡᠷᠡᠭᠵᠢᠭᠦᠯᠦᠨ᠎ᠡ᠃      ︵ᠭᠤᠷᠪᠠ︶ ᠲᠠᠪᠴᠠᠩ ᠢ ᠨᠢᠭᠡᠳᠦᠯᠲᠡᠶ ᠪᠠᠶᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠤᠭᠰᠠᠨ ᠲᠠᠪᠴᠠᠩ ᠢ ᠳᠡᠰ ᠳᠡᠪᠰᠢᠭᠦᠯᠬᠦ ᠱᠠᠭᠠᠷᠳᠠᠯᠭ᠎ᠠ ᠶᠣᠰᠣᠭᠠᠷ᠂ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ︾ ᠰᠢᠰᠲ᠋ᠧᠮ ᠤᠨ ᠴᠢᠳᠠᠪᠬᠢ ᠶᠢ ᠲᠡᠭᠦᠯᠳᠡᠷᠵᠢᠭᠦᠯᠦᠨ ᠵᠣᠯᠭᠠᠭᠤᠯᠵᠤ᠂ ᠪᠦᠬᠦ ᠠᠶᠢᠮᠠᠭ ᠤᠨ ᠰᠠᠯᠠᠭ᠎ᠠ ᠮᠥᠴᠢᠷ ᠠᠯᠤᠰᠯᠠᠭᠰᠠᠨ᠂ ᠳᠡᠰ ᠱᠠᠲᠤ ᠠᠯᠤᠰᠯᠠᠨ ᠬᠢᠨᠠᠨ ᠵᠦᠪᠰᠢᠶᠡᠷᠡᠬᠦ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠪᠡᠶᠡᠯᠡᠭᠦᠯᠦᠨ᠎ᠡ᠃      ︵ᠳᠥᠷᠪᠡ︶ ᠪᠠᠷᠢᠮᠵᠢᠶ᠎ᠠ ᠶᠢ ᠨᠢᠭᠡᠳᠬᠡᠨ᠎ᠡ᠃ ᠭᠥᠯᠢᠶᠡᠨ ᠠᠪᠴᠤ ᠬᠦᠢᠴᠡᠳᠬᠡᠬᠦ ᠨᠠᠷᠢᠨ ᠬᠠᠭᠤᠳᠠᠰᠤ ᠶᠢ ᠪᠠᠷᠢᠮᠵᠢᠶᠠᠵᠢᠭᠤᠯᠬᠤ ᠶᠢ ᠬᠡᠷᠡᠭᠵᠢᠭᠦᠯᠦᠨ᠂ ᠭᠥᠯᠢᠶᠡᠨ ᠠᠪᠴᠤ ᠬᠦᠢᠴᠡᠳᠬᠡᠬᠦ ᠮᠠᠲ᠋ᠧᠷᠢᠶᠠᠯ ᠢ ᠴᠣᠮᠬᠠᠳᠬᠠᠵᠤ᠂ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠨ᠎ᠠ᠃ ᠨᠠᠷᠢᠨ ᠬᠠᠭᠤᠳᠠᠰᠤ  ᠶᠢ ᠬᠦᠯᠢᠶᠡᠨ ᠠᠪᠴᠤ ᠬᠦᠢᠴᠡᠳᠬᠡᠬᠦ  ᠶᠢ ᠴᠢᠩᠭ᠎ᠠ ᠵᠢᠷᠤᠮᠯᠠᠨ᠂ ᠬᠦᠯᠢᠶᠡᠨ ᠠᠪᠴᠤ ᠬᠦᠢᠴᠡᠳᠬᠡᠬᠦ᠂ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ  ᠶᠢ ᠬᠠᠷᠢᠯᠴᠠᠨ ᠰᠠᠯᠭᠠᠵᠤ᠂ ᠨᠢᠭᠡᠳᠦᠯᠲᠡᠶ ᠳᠦᠪᠯᠡᠷᠡᠭᠰᠡᠨ ᠦᠢᠯᠡᠴᠢᠯᠡᠭᠡᠨ  ᠤ ᠠᠵᠢᠯᠯᠠᠭᠠᠨ  ᠤ ᠬᠠᠮᠢᠶᠠᠷᠤᠯᠲᠠ  ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ︵ᠲᠠᠪᠤ︶ ᠨᠢᠭᠡᠳᠦᠯᠲᠡᠶ ᠪᠠᠷ ᠪᠢᠴᠢᠭ ᠮᠠᠲ᠋ᠧᠷᠢᠶᠠᠯ ᠢ ᠭᠠᠷᠭᠠᠨ᠎ᠠ᠃ ᠪᠢᠴᠢᠭ ᠮᠠᠲ᠋ᠧᠷᠢᠶᠠᠯ ᠭᠠᠷᠭᠠᠬᠤ ᠴᠣᠩᠬᠤᠪᠴᠢ ᠶᠢᠨ ᠦᠢᠯᠡᠴᠢᠯᠡᠭᠡᠨ ᠢ ᠳᠦᠷᠢᠮᠵᠢᠬᠦᠯᠦᠨ᠂ ᠪᠢᠴᠢᠭ  ᠮᠠᠲ᠋ᠧᠷᠢᠶᠠᠯ ᠭᠠᠷᠭᠠᠬᠤ ᠨᠢᠭᠡᠳᠦᠯᠲᠡᠶ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠪᠢᠴᠢᠭ ᠮᠠᠲ᠋ᠧᠷᠢᠶᠠᠯ ᠭᠠᠷᠭᠠᠬᠤ ᠴᠣᠩᠬᠤᠪᠴᠢ ᠶᠢᠨ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠭᠦᠯᠦᠨ᠂ ᠥᠨᠳᠥᠷ ᠦᠷ᠎ᠡ ᠪᠦᠲᠦᠮᠵᠢᠲᠡᠶ ᠠᠮᠤᠷ ᠲᠦᠪᠰᠢᠨ ᠦᠨᠡᠮᠯᠡᠯ ᠪᠣᠯᠤᠨ ᠬᠤᠯᠪᠣᠭᠳᠠᠯ ᠪᠦᠬᠦᠢ ᠮᠠᠲ᠋ᠧᠷᠢᠶᠠᠯ ᠤᠨ ᠭᠤᠷᠪᠠᠳᠠᠬᠢ ᠡᠲᠡᠭᠡᠳ ᠤᠨ ᠪᠠᠷᠠᠭ᠎ᠠ ᠶᠢᠨ ᠭᠦᠢᠯᠭᠡᠭᠡᠨ ᠤ ᠢᠯᠡᠭᠡᠨ ᠬᠦᠷᠭᠡᠬᠦ ᠦᠢᠯᠡᠴᠢᠯᠡᠭᠡᠨ ᠢ ᠪᠦᠬᠦ ᠲᠠᠯ᠎ᠠ ᠪᠠᠷ ᠬᠠᠩᠭᠠᠨ᠎ᠠ᠃      ᠲᠠᠪᠤ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾ ᠶᠢᠨ ᠬᠡᠷᠡᠭᠵᠢᠭᠦᠯᠬᠦ ᠬᠡᠪᠴᠢᠶ᠎ᠡ      ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠪᠥᠬᠦ ᠠᠶᠢᠮᠠᠭ ᠤᠨ ︽ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾ ᠰᠠᠯᠠᠭ᠎ᠠ ᠮᠥᠴᠢᠷ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ︵ᠨᠢᠭᠤᠴᠠ ᠶᠢ ᠬᠠᠮᠠᠭᠠᠯᠠᠬᠤ ᠵᠦᠢᠯᠡᠰ ᠠᠴᠠ ᠪᠤᠰᠤᠳ︶ ᠢ ᠴᠥᠮ ᠨᠢᠭᠡᠳᠦᠯᠲᠡᠶ ᠪᠠᠷ ᠣᠷᠣᠭᠤᠯᠬᠤ ᠬᠡᠷᠡᠭᠲᠡᠶ᠃      ᠠᠶᠢᠮᠠᠭ ᠤᠨ ᠱᠠᠲᠤᠨ ᠳᠤ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠮᠥᠩᠭᠦᠨ ᠬᠦᠢᠯᠬᠡᠬᠡᠨ ᠤ ᠠᠵᠢᠯ ᠤᠨ ᠠᠯᠪᠠᠨ ᠬᠡᠷ᠂ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠪᠠᠭᠳᠠᠵᠦ᠂ ᠨᠡᠶᠢᠲᠡ 25 ᠰᠠᠯᠠᠭ᠎ᠠ ᠮᠥᠴᠢᠷ ᠪᠣᠶ᠃     ᠡᠯ᠎ᠡ ᠬᠤᠰᠢᠭᠤ ᠨᠡᠭᠡᠭᠡᠯᠳᠡ ᠶᠢᠨ ᠣᠷᠣᠨ ᠨᠢ ᠳᠡᠭᠡᠷᠡᠬᠢ ᠶᠢ ᠯᠠᠪᠯᠠᠯᠳᠠ ᠪᠣᠯᠭᠠᠨ ᠬᠡᠷᠡᠭᠵᠢᠭᠦᠯᠬᠦ ᠬᠦᠷᠢᠶ᠎ᠡ ᠬᠡᠪᠴᠢᠶ᠎ᠡ ᠪᠠᠨ ᠲᠣᠭᠲᠠᠭᠠᠨ᠎ᠠ᠃     ᠵᠢᠷᠭᠤᠭ᠎ᠠ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾ ᠶᠢ ᠬᠡᠷᠡᠭᠵᠢᠭᠦᠯᠬᠦ ᠴᠠᠭ ᠬᠤᠭᠤᠴᠠᠭ᠎ᠠ     2021 ᠣᠨ ᠤ 3 ᠳ᠋ᠤᠭᠠᠷ ᠰᠠᠷ᠎ᠠ ᠶᠢᠨ 21 ᠤ ᠡᠳᠦᠷ ᠠᠴᠠ ᠡᠮᠦᠨ᠎ᠡ᠂ ᠪᠥᠬᠦ ᠠᠶᠢᠮᠠᠭ ᠤᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠨᠢ ︽ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾ ᠦᠢᠯᠡᠴᠢᠯᠡᠬᠡᠨ ᠤ ᠠᠵᠢᠯᠯᠠᠭᠠᠨ ᠢ ᠪᠡᠶᠡᠯᠡᠭᠦᠯᠬᠦ ᠬᠡᠷᠡᠭᠲᠡᠶ︔ 4 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠦᠷᠢᠮᠵᠢᠬᠦᠯᠦᠨ ᠠᠵᠢᠯᠯᠠᠭᠤᠯᠬᠤ ᠶᠢ ᠪᠡᠶᠡᠯᠡᠬᠦᠯᠬᠦ ᠬᠡᠷᠡᠭᠳᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号