ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠷᠠᠳ ᠤᠨ ᠬᠤᠭᠤᠷᠤᠨᠳᠤᠬᠢ ᠨᠥᠬᠦᠷᠯᠡᠯ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠵᠡᠢ
ᠨᠡᠶᠢᠲᠡᠯᠡᠭᠰᠡᠨ ᠴᠠᠭ᠄
2021/6/7
     6 ᠰᠠᠷ᠎ᠠ ᠶᠢᠨ 3 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠷᠠᠳ ᠤᠨ ᠬᠤᠭᠤᠷᠤᠨᠳᠤᠬᠢ ᠨᠥᠬᠦᠷᠯᠡᠯ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠪᠢ ᠨᠢᠳᠤᠨᠤᠨ  ᠤ 11 ᠰᠠᠷ᠎ᠠ  ᠳᠤ ᠱᠠᠩᠬᠠᠢ  ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠷᠠᠳ ᠤᠨ ᠬᠤᠭᠤᠷᠤᠨᠳᠤᠬᠢ ᠨᠥᠬᠦᠷᠯᠡᠯ ᠤᠨ ᠶᠠᠷᠢᠶᠠᠨ  ᠤ ᠲᠠᠪᠴᠠᠩ ᠢ ᠡᠷᠬᠢᠯᠡᠬᠦ ᠰᠠᠨᠠᠭᠠᠴᠢᠯᠠᠭ᠎ᠠ ᠶᠢ ᠳᠤᠷᠠᠳᠤᠭᠠᠳ ᠡᠯ᠎ᠡ ᠪᠦᠷᠢᠯᠳᠦᠬᠦᠨ ᠤᠯᠤᠰ  ᠤᠨ ᠬᠠᠯᠠᠭᠤᠨ ᠬᠦᠷᠢᠶᠡᠯᠡᠯ  ᠪᠠ ᠢᠳᠡᠪᠬᠢᠲᠡᠢ ᠳᠡᠮᠵᠢᠯᠭᠡ ᠶᠢ ᠤᠯᠪᠠ᠃ ᠶᠠᠷᠢᠶᠠᠨ  ᠤ ᠲᠠᠪᠴᠠᠩ  ᠨᠢ ᠡᠯ᠎ᠡ ᠲᠠᠯ᠎ᠠ  ᠶᠢᠨ ᠬᠢᠨ ᠤ ᠣᠶᠢᠯᠠᠭᠠᠯᠴᠠᠭ᠎ᠠ ᠪᠠᠨ ᠨᠡᠮᠡᠭᠳᠡᠭᠦᠯᠬᠦ᠂ ᠨᠥᠬᠦᠷᠯᠡᠯ  ᠢᠶᠠᠨ ᠵᠤᠵᠠᠭᠠᠳᠬᠠᠬᠤ᠂ ᠬᠠᠮᠲᠤᠷᠠᠯᠴᠠᠭ᠎ᠠ  ᠪᠠᠨ ᠴᠢᠩᠭᠠᠳᠬᠠᠬᠤ ᠴᠢᠬᠤᠯᠠ ᠲᠠᠪᠴᠠᠩ ᠪᠣᠯᠤᠨ᠎ᠠ ᠭᠡᠳᠡᠭ ᠢ ᠢᠲᠡᠭᠡᠵᠦ ᠪᠠᠶᠢᠨ᠎ᠠ ᠭᠡᠵᠤ ᠴᠢᠬᠤᠯᠠᠴᠢᠯᠠᠪᠠ᠃      ᠰᠢ ᠶᠢᠨ ᠫᠢᠩ᠂ ᠡᠯ᠎ᠡ ᠲᠠᠯ᠎ᠠ ᠶᠢᠨ ᠬᠢᠨ ︽ᠱᠠᠩᠬᠠᠢ ᠶᠢᠨ ᠵᠣᠷᠢᠭ ᠰᠠᠨᠠᠭ᠎ᠠ︾ ᠶᠢ ᠪᠠᠷᠢᠮᠲᠠᠯᠠᠨ᠂ ᠠᠩᠬᠠᠨ ᠤ ᠵᠣᠷᠢᠯᠳᠠ ᠪᠠᠨ ᠪᠠᠲᠤ ᠴᠡᠭᠡᠵᠢᠯᠡᠵᠦ᠂ ᠰᠡᠳᠬᠢᠯ ᠨᠢᠭᠡᠲᠦᠨ ᠬᠦᠴᠦ ᠪᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠃ ᠠᠷᠠᠳ ᠤᠨ ᠬᠤᠭᠤᠷᠤᠨᠳᠤᠬᠢ ᠭᠠᠳᠠᠭᠠᠳᠤ ᠬᠠᠷᠢᠯᠴᠠᠭᠠᠨ ᠤ ᠳᠠᠪᠠᠭᠤᠯᠢᠭ ᠢ ᠪᠠᠳᠠᠷᠠᠭᠤᠯᠵᠤ᠂ ᠡᠯ᠎ᠡ ᠤᠯᠤᠰ ᠤᠨ ᠠᠷᠠᠳ ᠲᠦᠮᠡᠨ ᠤ ᠰᠡᠳᠬᠢᠯ ᠰᠠᠨᠠᠭ᠎ᠠ ᠪᠠᠨ ᠨᠡᠪᠳᠡᠷᠡᠯᠴᠡᠬᠦᠯᠬᠦ ᠠᠷᠭ᠎ᠠ ᠵᠠᠮ ᠢ ᠥᠷᠭᠡᠳᠬᠡᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠠ᠃      ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠷᠠᠳ ᠤᠨ ᠬᠤᠭᠤᠷᠣᠨᠳᠣᠬᠢ ᠨᠥᠬᠦᠷᠯᠡᠯ ᠤᠨ ᠶᠠᠷᠢᠶᠠᠨ ᠤ ᠲᠠᠪᠴᠠᠩ ᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠯᠤᠭ᠎ᠠ ᠶᠢᠨ ᠨᠥᠬᠦᠷᠯᠡᠯ ᠤᠨ ᠨᠡᠶᠢᠭᠡᠮᠯᠢᠭ᠂ ᠬᠤᠪᠸᠢ ᠮᠤᠵᠢ ᠶᠢᠨ ᠠᠷᠠᠳ ᠤᠨ ᠵᠠᠰᠠᠭ ᠤᠨ ᠣᠷᠳᠣᠨ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠵᠥᠪᠯᠡᠯ ᠬᠠᠮᠲᠤ ᠪᠠᠷ ᠭᠤᠣᠯᠯᠠᠨ ᠡᠷᠬᠢᠯᠡᠵᠦ᠂ ᠲᠤᠰ ᠡᠳᠦᠷ ᠬᠤᠪᠸᠢ ᠮᠤᠵᠢ ᠶᠢᠨ ᠦᠬᠠᠨ ᠬᠤᠳᠠ ᠳᠤ ᠡᠬᠢᠯᠡᠪᠡ᠂ ᠭᠤᠣᠯ ᠰᠡᠳᠦᠪ ᠨᠢ ︽ᠠᠷᠠᠳ ᠤᠨ ᠬᠤᠭᠤᠷᠣᠨᠳᠣᠬᠢ ᠨᠥᠬᠦᠷᠯᠡᠯ ᠢ ᠠᠬᠢᠭᠤᠯᠵᠤ᠂ ︿ᠱᠠᠩᠬᠠᠢ ᠶᠢᠨ ᠵᠣᠷᠢᠭ ᠰᠠᠨᠠᠭ᠎ᠠ﹀ ᠶᠢ ᠤᠯᠠᠮᠵᠢᠯᠠᠶ᠎ᠠ︾ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号