ᠶᠡᠷᠦᠩᠬᠡᠶ ᠱᠦᠵᠢ ᠰᠢ ᠶᠢᠨ ᠫᠢᠩ 7 ᠤ ᠡᠳᠦᠷ ᠬᠥᠬᠡᠨᠠᠭᠤᠷ ᠲᠤ ᠬᠦᠷᠴᠦ ᠪᠠᠶᠢᠴᠠᠭᠠᠨ ᠰᠤᠳᠤᠯᠪᠠ᠃ ᠲᠤᠰ | ᠡᠳᠦᠷ ᠤᠨ ᠦᠳᠡ ᠶᠢᠨ ᠬᠤᠶᠢᠨ᠎ᠠ᠂ ᠲᠡᠷᠡ ᠰᠢᠨᠢᠩ ᠬᠤᠳᠠ ᠳᠤ ᠪᠠᠶᠢᠭ᠎ᠠ ᠬᠥᠬᠡᠨᠠᠭᠤᠷ ᠤᠨ ᠱᠧᠩ ᠶᠤᠸᠠᠨ ᠬᠡᠪᠢᠰ ᠤᠨ | ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠲᠦᠭᠦᠬᠡᠢ | ᠮᠠᠲ᠋ᠧᠷᠢᠶᠠᠯ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠵᠢᠷᠤᠭᠯᠠᠨ ᠲᠥᠯᠥᠪᠯᠡᠬᠦ ᠣᠨᠣᠯᠵᠢᠬᠤᠨ ᠢᠶᠠᠨ | ᠰᠢᠨᠡᠴᠢᠯᠡᠵᠦ᠂ ᠦᠢᠯᠡᠳᠬᠦᠨ ᠤ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠤᠯᠠᠨ ᠲᠦᠮᠡᠨ ᠢ ᠲᠠᠶᠢᠴᠢᠯᠠᠨ ᠠᠵᠢᠯ | ᠣᠯᠭᠤᠵᠤ ᠣᠷᠣᠯᠭ᠎ᠠ ᠪᠠᠨ ᠨᠡᠮᠡᠭᠳᠡᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠳᠠᠷᠠᠭ᠎ᠠ ᠳᠤᠨᠢ᠂ ᠰᠢ ᠶᠢᠨ ᠫᠢᠩ ᠸᠧᠨ | ᠬᠤᠢ ᠵᠠᠮ ᠤᠨ ᠵᠡᠭᠡᠯᠢ ᠭᠤᠳᠤᠮᠵᠢ ᠶᠢᠨ ᠸᠧᠨ ᠲᠢᠩ ᠭᠤᠳᠤᠮᠵᠢ ᠶᠢᠨ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ | ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠭᠰᠠᠨ᠂ ᠦᠨᠳᠦᠰᠦᠨ ᠱᠠᠲᠤᠨ ᠤ | ᠵᠠᠰᠠᠯᠲᠠ ᠶᠢ ᠲᠡᠭᠦᠯᠳᠡᠷᠵᠢᠭᠦᠯᠦᠭᠰᠡᠨ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠰᠠᠨ ᠵᠡᠷᠭᠡ ᠪᠠᠶᠢᠳᠠᠯ ᠢ | ᠰᠢᠨᠵᠢᠯᠡᠨ ᠪᠠᠶᠢᠴᠠᠭᠠᠪᠠ᠃ ︵ᠰᠤᠷᠪᠤᠯᠵᠢᠯᠠᠭᠴᠢ᠄ ᠵᠠᠩ ᠰᠢᠶᠤᠤ ᠰᠥᠩ᠂ ᠵᠦ ᠵᠢᠢ ᠴᠠᠶ︔ ᠬᠡᠷᠡᠯ ᠵᠢᠷᠤᠭ ᠤᠨ | ᠰᠤᠷᠪᠤᠯᠵᠢᠯᠠᠭᠴᠢ᠄ ᠯᠢ ᠰᠢᠤᠸᠠᠢ ᠷᠧᠨ᠂ ᠰᠢᠶᠧ ᠬᠤᠸᠠᠨ ᡂᠢ᠂ ᠶᠠᠨ ᠶᠠᠨ᠂ ᠱᠧᠨ ᠬᠤᠩ︶ | | | | | | | | | | | | | | | | | | | | | | | | | | | | | | | | | | | | | | | | | | | | | | | | | | | | | | | | | | | | |