[ᠨᠠᠮ ᠪᠠᠶᠢᠭᠤᠯᠤᠭᠳᠠᠨᠰᠠᠨ 100 ᠵᠢᠯ ᠤᠨ ᠤᠢ] 400 ᠭᠠᠷᠤᠢ ᠠᠬᠠᠮᠠᠳ ᠺᠠᠳ᠋ᠷ ᠤᠨ ᠤᠷᠠᠨ ᠰᠠᠶᠢᠬᠠᠨ ᠤ ᠲᠣᠭᠯᠠᠯᠲᠠ ᠪᠤᠯᠤᠯ᠎ᠠ
ᠨᠡᠶᠢᠲᠡᠯᠡᠭᠰᠡᠨ ᠴᠠᠭ᠄
2021/7/1
        ᠠᠬᠠᠮᠠᠳ ᠺᠠᠳ᠋ᠷᠴᠤᠳ ᠤᠨ ᠭᠤᠴᠤ ᠲᠤᠬᠯᠠᠯᠳᠠ᠃              6 ᠰᠠᠷ᠎ᠠ ᠶᠢᠨ 24 ᠤ ᠡᠳᠦᠷ᠂ ︽ᠡᠭᠦᠷᠢᠳᠡ ᠨᠠᠮ ᠢᠶᠠᠨ ᠲᠠᠭᠠᠶ᠎ᠠ︾ — ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠪᠦᠬᠦ ᠠᠶᠢᠮᠠᠭ ᠤᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠤᠷᠠᠨ ᠰᠠᠶᠢᠬᠠᠨ ᠤ ᠲᠣᠭᠯᠠᠯᠲᠠ ᠪᠠᠶᠠᠨᠬᠤᠳᠠ ᠳᠤ ᠶᠠᠪᠤᠭᠳᠠᠪᠠ᠃ ᠠᠶᠢᠮᠠᠭ ᠤᠨ ᠤᠳᠤᠷᠢᠳᠤᠯᠭ᠎ᠠ ᠳᠠᠶᠢᠴᠢᠨ᠂ ᠸᠠᠩ ᠸᠧᠶ ᠳ᠋ᠦᠩ᠂ ᠯᠦ ᠯᠢ ᠮᠢᠩ᠂ ᠸᠠᠩ ᠯᠢᠶᠠᠩ᠂ ᠯᠢᠦ ᠬᠠᠶ ᠲᠤᠤ᠂ ᠰᠢᠨ ᠰᠢᠶᠤᠤ ᠷᠦᠢ᠂ ᠯᠢᠦ ᠰᠢᠶᠤᠤ ᠳ᠋ᠦᠩ᠂ ᠶᠣᠣ ᠽᠧ ᠶᠤᠸᠠᠨ ᠮᠠᠨ ᠤ ᠠᠶᠢᠮᠠᠭ ᠤᠨ ︽ᠢᠷᠠᠭᠤ ᠠᠯᠳᠠᠷᠲᠤ 50 ᠵᠢᠯ ︾ ᠤᠨ ᠳᠤᠷᠠᠰᠬᠠᠯ ᠤᠨ ᠲᠡᠮᠳᠡᠭ ᠬᠦᠷᠲᠡᠭᠰᠡᠳ ᠲᠠᠢ ᠬᠠᠮᠲᠦ ᠲᠣᠭᠯᠠᠯᠲᠠ ᠰᠣᠨᠢᠷᠬᠠᠪᠠ᠃      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠵᠦ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠦᠢᠯᠡᠳᠦᠯ ᠢ ᠦᠷᠬᠦᠯᠵᠢᠯᠡᠨ ᠪᠠᠳᠠᠷᠠᠭᠤᠯᠬᠤ ᠶᠢᠨ ᠲᠤᠰᠠᠳᠠ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠶᠢᠮᠠᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶᠠᠨ ᠤ ᠬᠢᠨ ᠲᠤᠰ ᠤᠳᠠᠭᠠᠨ ᠤ ᠲᠣᠭᠯᠠᠯᠲᠠ ᠶᠢ ᠵᠤᠬᠢᠶᠠᠨ ᠪᠠᠶᠢᠭᠤᠯᠵᠠᠢ᠃ ᠲᠤᠭᠯᠠᠯᠳᠠ ᠳᠤ ᠠᠵᠢᠯ ᠠᠴᠠ ᠪᠠᠨ ᠠᠮᠠᠷᠠᠭᠰᠠᠨ 400 ᠭᠠᠷᠤᠶ ᠺᠠᠳ᠋ᠷ ᠣᠷᠣᠯᠴᠠᠵᠦ᠂ ᠲᠠᠭᠤᠤ ᠪᠦᠵᠢᠭ᠂ ᠰᠢᠯᠦᠭ ᠵᠡᠷᠬᠡ ᠭᠤᠴᠤ ᠲᠤᠭᠯᠠᠯᠳᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠬᠡᠯᠡᠨ᠂ ᠡᠬᠡ ᠤᠯᠤᠰ᠂ ᠳᠤᠮᠳᠠᠳᠤ ᠤᠯᠤᠰ ᠤᠨ ᠡᠪ ᠬᠠᠮᠲᠤ ᠨᠠᠮ᠂ ᠪᠦᠬᠦ ᠠᠶᠢᠮᠠᠭ ᠤᠨ ᠠᠷᠠᠳ ᠲᠦᠮᠡᠨ ᠳᠤ ᠰᠠᠶᠢᠨ ᠰᠠᠶᠢᠬᠠᠨ ᠬᠦᠰᠡᠯ ᠵᠥᠩᠨᠡᠯ ᠢᠶᠠᠨ ᠲᠡᠪᠰᠢᠬᠦᠯᠪᠠ᠃      ᠦᠳᠡᠰᠢᠯᠡᠭᠡ ᠶᠢᠨ ᠭᠤᠣᠯ ᠰᠡᠳᠦᠪ ᠢᠯᠡ ᠲᠣᠳᠣ ᠪᠤᠯᠵᠦ᠂ ᠭᠤᠴᠦ ᠰᠠᠶᠢᠬᠠᠨ ᠲᠣᠭᠯᠠᠯᠲᠠ ᠨᠢ ᠦᠵᠡᠭᠴᠢᠳ ᠤᠨ ᠲᠠᠭᠠᠰᠢᠶᠠᠯ ᠳᠤ ᠬᠦᠷᠦᠭᠰᠡᠨ ᠪᠠᠶᠢᠨ᠎ᠠ᠃ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠥᠪᠡᠷ ᠤᠨ ᠠᠷᠭ᠎ᠠ ᠬᠡᠯᠪᠡᠷᠢ ᠪᠠᠷ ᠢᠶᠠᠨ ᠮᠠᠨ ᠤ ᠨᠠᠮ ᠤᠨ ᠴᠣᠭᠴᠠᠯᠠᠨ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠠᠭᠤᠤ ᠶᠡᠭᠡ ᠡᠬᠡ ᠤᠯᠤᠰ ᠲᠠᠭᠠᠨ ᠴᠢᠩ ᠦᠨᠡᠨᠴᠢ ᠬᠠᠶᠢᠷ᠎ᠠ ᠰᠡᠳᠬᠢᠯᠭᠡ ᠪᠠᠨ ᠢᠯᠡᠳᠬᠡᠬᠦ ᠶᠢᠨ ᠬᠠᠮᠲᠦ᠂ ᠨᠠᠮ ᠤᠨ ᠲᠦᠷᠦ ᠶᠢᠨ ᠪᠤᠳᠤᠯᠭ᠎ᠠ ᠶᠢᠨ ᠬᠠᠯᠠᠮᠵᠢᠯᠠᠯ ᠳᠣᠣᠷ᠎ᠠ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠥᠲᠡᠯᠪᠡᠯ ᠰᠤᠷᠤᠯᠴᠠᠬᠤ ᠶᠠᠭᠤᠮ᠎ᠠ ᠲᠠᠢ᠂ ᠥᠲᠡᠯᠪᠡᠯ ᠬᠢᠬᠦ ᠶᠠᠭᠤᠮ᠎ᠠ ᠲᠠᠢ᠂ ᠥᠲᠡᠯᠪᠡᠯ ᠪᠠᠶᠠᠷ ᠪᠠᠶᠠᠰᠤᠯ ᠲᠠᠢ ᠵᠣᠯ ᠵᠢᠷᠭᠠᠯ ᠲᠠᠢ ᠠᠮᠢᠳᠤᠷᠠᠵᠤ ᠪᠠᠶᠢᠬᠤ ᠶᠢ ᠠᠮᠢᠳᠤᠯᠢᠭ ᠢᠶᠠᠷ ᠲᠤᠰᠬᠠᠪᠠ᠃
 
ᠢᠷᠡᠯᠲᠡ᠄ ᠠᠯᠠᠱᠠ ᠶᠢᠨ ᠡᠳᠦᠷ ᠤᠨ ᠰᠦ᠋‌‍ᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号