ᠠᠯᠠᠱᠠ ᠵᠡᠬᠦᠨ ᠬᠤᠰᠢᠭᠤᠨ ᠤ ᠡᠪᠯᠡᠯ ᠤᠨ ᠬᠤᠷᠢᠶ᠎ᠠ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠦᠷᠨᠢᠬᠦᠯᠦᠯ᠎ᠠ
ᠨᠡᠶᠢᠲᠡᠯᠡᠭᠰᠡᠨ ᠴᠠᠭ᠄
2021/7/12
                ᠵᠢᠷᠤᠬ ᠪᠤᠯ᠂ ᠤᠳᠬ᠎ᠠ ᠲᠡᠬᠦᠯᠳᠡᠷ ᠠᠵᠢᠯᠯᠠᠭ᠎ᠠ ᠪᠠᠷ ᠨᠠᠮ ᠪᠠᠶᠢᠭᠤᠯᠤᠭᠳᠠᠭᠰᠠᠨ                100 ᠵᠢᠯ ᠤᠨ ᠤᠢ ᠶᠢ ᠪᠡᠯᠭᠡᠯᠡᠵᠦ ᠪᠠᠶᠢᠨ᠎ᠠ         ᠤᠢᠢᠷ᠎ᠠ ᠶᠢᠨ ᠡᠳᠦᠷ᠂ ᠠᠯᠠᠱᠠ ᠵᠡᠬᠦᠨ ᠬᠤᠰᠢᠭᠤᠨ ᠤ ᠡᠪᠯᠡᠯ ᠤᠨ ᠬᠤᠷᠢᠶ᠎ᠠ ᠶᠢᠨ ᠬᠢᠨ ᠲᠤᠮᠳᠠᠲᠦ ᠤᠯᠤᠰ ᠤᠨ ᠡᠪ ᠬᠠᠮᠲᠦ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠬᠡᠯᠡᠬᠦ ᠭᠤᠤᠯ ᠰᠡᠳᠦᠪᠲᠦ ᠠᠵᠢᠯᠯᠠᠭ᠎ᠠ ᠦᠷᠨᠢᠬᠦᠯᠵᠦ᠂ ᠪᠦᠬᠦ ᠬᠤᠰᠢᠭᠤᠨ ᠤ ᠡᠯ᠎ᠠ ᠠᠵᠢᠯ ᠤᠨ ᠪᠠᠶᠢᠷᠢᠨ ᠲᠡᠬᠡᠷᠡᠬᠢ ᠵᠠᠭᠤ ᠭᠠᠷᠤᠢ ᠡᠪᠯᠡᠯ ᠤᠨ ᠺᠠᠳ᠋ᠷ ᠠᠵᠢᠯᠳᠠᠨ᠂ ᠡᠪᠯᠡᠯ ᠤᠨ ᠬᠡᠰᠢᠬᠦᠨ ᠤ ᠲᠦᠯᠦᠬᠡᠯᠡᠭᠴᠢ ᠤᠷᠤᠯᠴᠠᠭᠰᠠᠨ ᠪᠠᠶᠢᠨ᠎ᠠ᠃     ᠠᠵᠢᠯᠯᠠᠭ᠎ᠠ ᠳᠤ ᠤᠷᠤᠯᠴᠠᠭᠰᠠᠳ ᠡᠪᠯᠡᠯ ᠳᠤ ᠤᠷᠤᠬᠤ ᠲᠠᠩᠭᠠᠷᠢᠭ ᠢᠶᠠᠨ ᠲᠠᠬᠢᠨᠳᠠ ᠲᠠᠩᠭᠠᠷᠢᠠᠠᠯᠠᠵᠦ᠂ ︽ᠡᠪ ᠬᠠᠮᠲᠦ ᠨᠠᠮ ᠪᠠᠶᠢᠬᠤ ᠦᠬᠡᠢ ᠪᠤᠯ ᠰᠢᠨ᠎ᠠ ᠲᠤᠮᠳᠠᠲᠦ ᠤᠯᠤᠰ ᠪᠠᠶᠢᠵᠦ ᠴᠢᠳᠠᠬᠤ ᠦᠬᠡᠢ︾ ᠲᠠᠭᠤᠤ ᠶᠢ ᠬᠠᠮᠳᠤ ᠪᠠᠷ ᠲᠠᠭᠤᠯᠠᠨ᠂ ᠠᠭᠤᠤ ᠨᠠᠮ ᠳᠠᠭᠠᠨ ᠬᠦᠨᠳᠤᠳᠬᠡᠯ ᠢᠶᠠᠨ ᠲᠡᠪᠰᠢᠬᠦᠯᠵᠠᠢ᠃ ᠡᠬᠦᠨ ᠤ ᠲᠠᠷᠠᠭ᠎ᠠ ᠪᠠᠷ ᠪᠠᠰᠠ ᠳ᠋ᠸᠡᠭ ᠰᠢᠶᠤᠤ ᠫᠢᠡᠭ ᠨᠦᠬᠦᠷ ᠤᠨ ᠬᠠᠭᠤᠴᠢᠨ ᠰᠠᠭᠤᠴᠠ ᠶᠢᠨ ᠦᠵᠡᠬᠦᠯᠦᠯᠭᠡ ᠶᠢᠨ ᠤᠷᠳᠤᠨ ︵ᠠᠯᠠᠱᠠ ᠳᠠᠬᠢ ᠦᠵᠡᠬᠦᠯᠦᠯᠭᠡ ᠶᠢᠨ ᠤᠷᠳᠤᠨ︶ ᠢᠶᠠᠷ ᠬᠦᠷᠴᠦ᠂ ᠮᠠᠨ ᠤ ᠨᠠᠮ ᠤᠨ ᠲᠡᠮᠡᠴᠡᠵᠦ ᠢᠷᠡᠭᠰᠡᠨ ᠲᠡᠤᠬᠡᠨ ᠶᠠᠪᠤᠴᠠ ᠶᠢ ᠤᠯᠠᠮ ᠨᠢᠬᠡ ᠠᠯᠬᠤᠮ ᠤᠢᠢᠯᠠᠭᠠᠭᠰᠠᠨ ᠪᠠᠶᠢᠨ᠎ᠠ᠃
 
ᠢᠷᠡᠯᠲᠡ᠄ ᠠᠯᠠᠱᠨ ᠶᠢᠨ ᠡᠲᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号