ᠮᠠᠨ ᠤ ᠤᠷᠤᠨ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢ ᠭᠤᠷᠪᠠᠨ ᠳᠠᠯ᠎ᠠ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2021/7/13
    ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡᠨ ᠤ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢ ᠭᠤᠷᠪᠠᠨ ᠲᠠᠯ᠎ᠠ ᠪᠠᠷ ᠠᠬᠢᠭᠤᠯᠬᠤ ᠪᠠᠷ ᠪᠤᠯᠪᠠ᠃     ᠨᠢᠬᠡ ᠳᠤ᠂ ᠱᠠᠲᠤ ᠬᠤᠪᠢᠶᠠᠨ ᠳᠡᠰ ᠬᠤᠪᠢᠶᠠᠨ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠢ ᠭᠤᠤᠯᠳᠠᠭᠤ ᠠᠶᠢᠮᠠᠭ ᠬᠤᠲᠠ ᠶᠢᠨ ᠱᠠᠲᠤᠨ ᠤ ᠡᠮᠨᠡᠯᠭᠡ ᠶᠢᠨ ᠬᠤᠷᠢᠶ᠎ᠠ ᠳᠤ ᠬᠦᠴᠢᠷ ᠲᠦᠪᠡᠭᠲᠡᠶ ᠨᠠᠷᠢᠨ ᠪᠤᠳᠤᠯᠢᠶᠠᠨᠲᠠᠶ ᠡᠪᠡᠳᠴᠢᠨ ᠤ ᠵᠢᠱᠢᠶ᠎ᠡ ᠶᠢᠨ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠬᠠᠩᠭᠠᠨ᠎ᠠ︔ ᠠᠶᠢᠮᠠᠭ ᠬᠤᠲᠠ ᠶᠢᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠢ ᠭᠤᠤᠯᠳᠠᠭᠤ ᠬᠠᠷᠢᠶ᠎ᠠ ᠣᠷᠣᠨ ᠤ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠳᠤ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠬᠠᠩᠭᠠᠨ᠎ᠠ︔ ᠬᠤᠰᠢᠭᠤ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠢ ᠭᠤᠣᠯᠳᠠᠭᠤ ᠬᠤᠰᠢᠭᠤ ᠰᠢᠶᠠᠨ ᠤ ᠬᠡᠪᠴᠢᠶᠡᠨ ᠳᠣᠲᠣᠷᠠᠬᠢ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃     ᠬᠤᠶᠠᠷ ᠲᠤ᠂ ᠠᠯᠤᠰ ᠡᠵᠡᠮᠰᠢᠯᠲᠦ ᠡᠮᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠣᠯᠤᠨ ᠠᠯᠤᠰ ᠪᠤᠶᠢᠳᠠ ᠬᠢᠯᠢ ᠬᠢᠵᠠᠭᠠᠷ ᠣᠷᠣᠨ ᠳᠤ ᠭᠤᠤᠯᠳᠠᠯᠭ᠎ᠠ ᠲᠠᠢ ᠬᠠᠨᠳᠤᠭᠤᠯᠤᠨ᠎ᠠ︔ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ᠂ ᠠᠵᠢᠯ ᠲᠥᠷᠥᠯ ᠢᠶᠠᠷ ᠢᠶᠠᠨ ᠲᠤᠰᠠᠯᠠᠬᠤ ᠵᠡᠷᠭᠡ ᠡᠭᠦᠷᠭᠡ ᠲᠠᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠬᠢᠭᠡᠳ ᠲᠤᠰᠠᠯᠠᠮᠵᠢ ᠬᠦᠷᠲᠡᠬᠦ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ᠂ ᠡᠮᠨᠡᠯᠭᠡ ᠶᠢᠨ ᠬᠤᠯᠪᠣᠭᠠᠲᠤ ᠴᠣᠭᠴᠠ ᠶᠢᠨ ᠳᠠᠭᠠᠭᠤᠯᠤᠭᠴᠢ ᠡᠮᠨᠡᠯᠭᠡ ᠶᠢᠨ ᠬᠤᠷᠢᠶ᠎ᠠ ᠬᠢᠭᠡᠳ ᠪᠦᠷᠢᠯᠳᠦᠬᠦᠨ ᠨᠢᠭᠡᠴᠢ ᠶᠢᠨ ᠬᠤᠭᠤᠷᠣᠨᠳᠣ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡᠨ ᠤ ᠬᠠᠷᠢᠴᠠᠭ᠎ᠠ ᠪᠠᠶᠢᠭᠤᠯᠤᠨ᠎ᠠ᠃     ᠭᠤᠷᠪᠠ ᠳᠤ᠂ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠡᠯ᠎ᠡ ᠭᠠᠵᠠᠷ ᠤᠨ ᠬᠢᠨ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠡᠮᠴᠢᠯᠡᠭᠡᠨ ᠤ ᠶᠠᠰᠤ ᠴᠢᠨᠠᠷ ᠪᠠ ᠡᠪᠡᠳᠴᠢᠲᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠣᠳᠣ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠠᠴᠠ ᠳᠠᠪᠠᠵᠤ ᠪᠣᠯᠬᠤ ᠦᠭᠡᠢ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠠᠯᠤᠰ ᠡᠵᠡᠮᠰᠢᠯᠳᠦ ᠡᠮᠴᠢᠯᠡᠭᠡᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ ᠠᠵᠢᠯ ᠡᠷᠭᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠵᠢᠴᠢ ᠬᠠᠮᠢᠶᠠᠷᠤᠯᠲᠠ ᠶᠢ ᠲᠠᠰᠤᠷᠠᠯᠲᠠ ᠥᠬᠡᠶ ᠵᠢᠷᠤᠮᠵᠢᠭᠤᠯᠵᠤ᠂ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡᠨ ᠤ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号