ᠠᠯᠠᠱᠠ ᠠᠶᠢᠮᠠᠬ ᠤᠨ ᠦᠨᠳᠦᠰᠦᠳᠡᠨ ᠤ ᠬᠡᠯᠡ ᠪᠠᠷ ᠬᠢᠴᠢᠶᠡᠯᠯᠡᠵᠤ ᠪᠠᠶᠢᠭ᠎ᠠ ᠲᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠤᠯᠠᠮᠵᠢᠯᠠᠯᠳᠤ ᠨᠠᠭᠠᠳᠤᠮ ᠡᠬᠢᠯᠡᠯ᠎ᠠ
ᠨᠡᠶᠢᠲᠡᠯᠡᠭᠰᠡᠨ ᠴᠠᠭ᠄
2021/7/16
                ᠪᠦᠬᠦ ᠠᠶᠢᠮᠠᠬ ᠤᠨ ᠦᠨᠳᠦᠰᠦᠳᠡᠨ ᠤ ᠬᠡᠯᠡ ᠪᠠᠷ ᠬᠢᠴᠢᠶᠡᠯᠯᠡᠵᠤ  ᠪᠠᠶᠢᠭ᠎ᠠ  ᠲᠤᠮᠳᠠᠳᠤ                 ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠤᠯᠠᠮᠵᠢᠯᠠᠯᠳᠤ ᠨᠠᠭᠠᠳᠤᠮ ᠡᠬᠢᠯᠡᠯ᠎ᠠ               7 ᠰᠠᠷ᠎ᠠ ᠶᠢᠨ 13 ᠤ ᠡᠳᠦᠷ᠂ ᠠᠯᠠᠱᠠ ᠵᠡᠭᠦᠨ ᠬᠤᠰᠢᠭᠤᠨ ᠤ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠲᠤᠪᠴᠢᠶᠡᠨ ᠠᠴᠠ ᠭᠤᠤᠯᠯᠠᠨ ᠡᠷᠬᠢᠯᠡᠵᠤ᠂ ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠠᠴᠠ ᠲᠠᠭᠠᠭᠠᠴᠢᠯᠠᠵᠤ ᠡᠷᠬᠢᠯᠡᠭᠰᠡᠨ ᠪᠦᠬᠦ ᠠᠶᠢᠮᠠᠬ ᠤᠨ ᠦᠨᠳᠦᠰᠦᠳᠡᠨ ᠤ ᠬᠡᠯᠡ ᠪᠠᠷ ᠬᠢᠴᠢᠶᠡᠯᠯᠡᠵᠤ ᠪᠠᠶᠢᠭ᠎ᠠ ᠲᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠷᠪᠠᠨ ᠵᠢᠷᠭᠤᠳᠤᠭᠠᠷ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠤᠯᠠᠮᠵᠢᠯᠠᠯᠳᠤ ᠨᠠᠭᠠᠳᠤᠮ ᠪᠠᠶᠠᠨᠬᠤᠳᠠ ᠳᠤ ᠡᠬᠢᠯᠡᠭᠰᠡᠨ ᠪᠠᠶᠢᠨ᠎ᠠ᠃      ᠲᠤᠰ ᠤᠳᠠᠭᠠᠨ ᠤ ᠨᠠᠭᠠᠳᠤᠮ ᠢ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ ᠶᠢ ᠪᠡᠶᠠᠷᠯᠠᠨ ᠪᠡᠯᠭᠡᠯᠡᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤᠳᠬᠠᠨ᠂ ᠦᠨᠳᠦᠰᠦᠳᠡᠨ ᠨᠦᠭᠦᠳ ᠤᠨ ᠬᠤᠭᠤᠷᠤᠨᠳᠤᠬᠢ ᠡᠶ᠎ᠡ ᠨᠠᠶᠢᠷᠰᠠᠬ᠂ ᠪᠦᠯᠬᠦᠮᠳᠡᠯ ᠲᠠᠪᠰᠢᠯᠳᠠ ᠶᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠤᠯᠠᠮᠵᠢᠯᠠᠯᠳᠤ ᠰᠤᠶᠤᠯ ᠤᠷᠠᠯᠢᠬ ᠤᠨ ᠠᠭᠤᠯᠭ᠎ᠠ ᠶᠢ ᠪᠠᠶᠠᠯᠢᠬᠵᠢᠭᠤᠯᠬᠤ ᠵᠤᠷᠢᠯᠭ᠎ᠠ ᠪᠠᠷ ᠵᠤᠬᠢᠶᠠᠨ ᠪᠠᠶᠢᠭᠤᠯᠵᠤ᠂ 7 ᠰᠠᠷ᠎ᠠ ᠶᠢᠨ 13 — 14 ᠤ ᠡᠳᠦᠷ ᠪᠤᠯᠳᠠᠯ᠎ᠠ ︽ᠠᠯᠠᠱᠠ ᠠᠶᠠᠯᠭᠤ︾ ᠬᠤᠨᠳᠠᠭᠠᠳᠤ ᠮᠤᠩᠭᠤᠯ ᠤᠷᠳᠤ ᠶᠢᠨ ᠲᠠᠭᠤᠤ᠂ ︽ᠪᠤᠳᠤᠭᠤᠨ ᠪᠤᠶᠢᠯᠠᠭ᠎ᠠ︾ ᠠᠷᠠᠳ ᠤᠨ ᠠᠮᠠᠨ ᠦᠯᠢᠭᠡᠷ᠂ ︽ᠳ᠋ᠠᠨᠳᠠᠷ︾ ᠬᠤᠨᠳᠠᠭᠠᠳᠤ ᠰᠢᠯᠦᠭ᠂ ︽ᠲᠡᠭᠷᠢ ᠶᠢᠨ ᠰᠤᠶᠤᠷᠬᠠᠯᠳᠤ ᠲᠤᠪᠰᠢᠭᠤᠷ︾ ᠲᠤᠪᠰᠢᠭᠤᠷᠳᠠᠬᠤᠢ ᠤᠷᠠᠯᠢᠬ᠂ ︽ᠬᠦᠯᠦᠭ︾ ᠬᠤᠨᠳᠠᠭᠠᠳᠤ ᠮᠤᠩᠭᠤᠯ ᠰᠢᠳᠠᠷ᠎ᠠ᠂ ︽ᠱᠠᠯᠪᠢᠩ︾ ᠬᠤᠨᠳᠠᠭᠠᠳᠤ ᠱᠠᠯᠪᠤᠷ ᠪᠦᠬᠡ᠂ ︽ᠰᠦᠮᠪᠦᠷ ᠤᠪᠤᠭ᠎ᠠ︾ ᠬᠤᠨᠳᠠᠭᠠᠳᠤ ᠮᠤᠩᠭᠤᠯ ᠪᠦᠬᠡ ᠵᠡᠷᠭᠡ 7 ᠲᠦᠷᠦᠯ ᠤᠨ ᠤᠷᠤᠯᠳᠤᠭᠠᠨ ᠢ ᠲᠤᠬᠢᠷᠠᠭᠤᠯᠵᠠᠢ᠃      ᠪᠦᠬᠦ ᠠᠶᠢᠮᠠᠬ ᠤᠨ ᠦᠨᠳᠦᠰᠦᠳᠡᠨ ᠤ ᠬᠡᠯᠡ ᠪᠠᠷ ᠬᠢᠴᠢᠶᠡᠯᠯᠡᠵᠤ ᠪᠠᠶᠢᠭ᠎ᠠ ᠲᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠬᠦᠷᠢᠶᠡᠨ ᠤ ᠤᠯᠠᠮᠵᠢᠯᠠᠯᠳᠤ ᠨᠠᠭᠠᠳᠤᠮ ᠢ 2005 ᠤᠨ ᠳᠤ ᠠᠶᠢᠮᠠᠬ ᠤᠨ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ᠂ ᠤᠳᠬ᠎ᠠ ᠤᠷᠠᠯᠢᠬ ᠤᠨ ᠬᠢᠨ ᠤ ᠬᠤᠯᠪᠤᠭ᠎ᠠ ᠠᠴᠠ ᠭᠤᠤᠯᠯᠠᠨ ᠰᠠᠨᠠᠭᠠᠴᠢᠯᠠᠵᠤ᠂ ᠠᠯᠠᠱᠠ ᠵᠡᠭᠦᠨ ᠬᠤᠰᠢᠭᠤᠨ ᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠡ᠂ ᠤᠳᠬ᠎ᠠ ᠤᠷᠠᠯᠢᠬ ᠤᠨ ᠬᠢᠨ ᠤ ᠬᠤᠯᠪᠤᠭ᠎ᠠ ᠠᠴᠠ ᠲᠠᠭᠠᠭᠠᠴᠢᠯᠠᠨ᠂ ᠡᠨᠡ ᠵᠢᠯ ᠪᠤᠯᠬᠤ ᠳᠤ ᠠᠷᠪᠠᠨ ᠵᠢᠷᠭᠤᠳᠤᠭᠠᠷ ᠤᠳᠠᠭ᠎ᠠ ᠪᠠᠨ ᠤᠬᠳᠤᠨ ᠠᠪᠤᠬᠰᠠᠨ ᠪᠠᠶᠢᠨ᠎ᠠ᠃
 
ᠢᠷᠡᠯᠲᠡ᠄ ᠠᠯᠠᠱᠨ ᠶᠢᠨ ᠡᠲᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号