ᠰᠢ ᠶᠢᠨ ᠫᠢᠩ ᠪᠠᠷᠪᠠᠳᠤᠰ ᠤᠨ ᠶᠡᠷᠦᠩᠬᠡᠢ ᠰᠠᠶᠢᠳ ᠮᠤᠲ᠋ᠧᠯᠢ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/7/16
     ᠤᠯᠤᠰ ᠤᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 13 ᠤ ᠤᠷᠤᠢ ᠪᠠᠷᠪᠠᠳᠤᠰ ᠤᠨ ᠶᠡᠷᠦᠩᠬᠡᠢ ᠰᠠᠶᠢᠳ ᠮᠤᠲ᠋ᠧᠯᠢ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ᠂ ᠪᠠᠷᠪᠠᠳᠤᠰ ᠪᠣᠯ ᠳᠤᠮᠳᠠᠳᠤ ᠤᠯᠤᠰ ᠤᠨ ᠵᠡᠭᠦᠨ ᠺᠠᠷᠢᠪᠧ ᠣᠷᠣᠨ ᠳᠠᠬᠢ ᠰᠠᠶᠢᠨ ᠨᠠᠶᠢᠵᠠ᠂ ᠰᠠᠶᠢᠨ ᠬᠠᠨᠢᠲᠠᠨ ᠮᠥᠨ᠃ ᠳᠤᠮᠳᠠᠳᠤ ᠪᠠᠷᠪᠠᠳᠤᠰ ᠬᠠᠷᠢᠯᠴᠠᠭ᠎ᠠ ᠪᠠᠶᠢᠭᠤᠯᠤᠭᠰᠠᠨ 44 ᠵᠢᠯ ᠤᠨ ᠲᠤᠷᠰᠢ᠂ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠲᠠᠰᠤᠷᠠᠰᠢ ᠦᠬᠡᠢ ᠶᠠᠪᠤᠯᠴᠠᠵᠦ᠂ ᠡᠯᠪᠡᠭ ᠪᠠᠶᠠᠯᠢᠭ ᠬᠠᠮᠳᠤᠷᠠᠯᠴᠠᠭᠠᠨ ᠤ ᠦᠷ᠎ᠡ ᠪᠦᠲᠦᠭᠡᠯ ᠤᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠬᠦᠰᠦᠭᠰᠡᠨ ᠠᠴᠠ ᠨᠠᠭᠠᠰᠢ᠂ ᠳᠤᠮᠳᠠᠳᠤ ᠪᠠᠷᠪᠠᠳᠤᠰ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠪᠠ᠃ ᠣᠳᠣᠬᠠᠨ ᠳᠤ᠂ ᠬᠢᠵᠢᠭ ᠤᠨ ᠪᠠᠶᠢᠳᠠᠯ ᠮᠥᠨ ᠬᠦ ᠪᠦᠬᠦ ᠪᠥᠮᠪᠥᠷᠴᠡᠭ ᠲᠤ ᠦᠷᠪᠢᠰᠦᠨ ᠳᠡᠯᠭᠡᠷᠡᠵᠦ ᠪᠤᠢ᠂ ᠬᠠᠪᠰᠤᠷᠤᠯᠭ᠎ᠠ ᠬᠦᠰᠡᠭᠰᠡᠨ ᠨᠠᠶᠢᠵᠠ ᠳᠠᠭᠠᠨ ᠲᠤᠰᠠᠯᠠᠮᠵᠢ ᠦᠵᠡᠬᠦᠯᠬᠦ ᠳᠤ ᠪᠢᠳᠡ ᠬᠤᠶᠢᠰᠢ ᠤᠬᠤᠷᠢᠬᠤ ᠶᠤᠰᠤ ᠦᠬᠡᠢ ᠶᠤᠮ᠃ ᠳᠤᠮᠳᠠᠳᠤ ᠤᠯᠤᠰ ᠦᠷᠭᠦᠯᠵᠢᠯᠡᠨ ᠪᠠᠷᠪᠠᠳᠤᠰ ᠤᠨ ᠬᠢᠨ ᠲᠠᠢ ᠸᠠᠺᠼᠢᠨ᠂ ᠡᠮᠴᠢᠯᠡᠬᠡᠨ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠷᠪᠠᠳᠤᠰ ᠤᠨ ᠬᠢᠨ ᠤ ᠬᠢᠵᠢᠭ ᠤᠨ ᠪᠠᠶᠢᠳᠠᠯ ᠢ ᠡᠷᠲᠡᠬᠡᠨ ᠢᠯᠠᠨ ᠳᠠᠪᠠᠭ᠋ᠤ ᠳᠤ ᠬᠦᠴᠦᠨ ᠨᠡᠮᠡᠷᠢᠯᠡᠨ᠎ᠡ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠳᠤᠮᠳᠠᠳᠤ ᠪᠠᠷᠪᠠᠳᠤᠰ ᠬᠤᠶᠠᠷ ᠤᠯᠤᠰ ᠴᠥᠮ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠪᠠᠷᠪᠠᠳᠤᠰ ᠤᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠪᠠᠨ ᠰᠤᠯᠢᠯᠴᠠᠬᠤ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠨ᠂ ᠳᠤᠮᠳᠠᠳᠤ ᠪᠠᠷᠪᠠᠳᠤᠰ ᠤᠨ ᠬᠠᠷᠢᠯᠴᠠᠭ᠎ᠠ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠪᠠᠷᠪᠠᠳᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠴᠢᠳᠠᠯ ᠤᠨ ᠢᠶᠠᠨ ᠴᠢᠨᠡᠭᠡ ᠪᠠᠷ ᠬᠠᠪᠰᠤᠷᠤᠯᠭ᠎ᠠ ᠦᠵᠡᠭᠦᠯᠦᠨ᠎ᠡ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠪᠠᠯ ᠵᠣᠬᠢᠨ᠎ᠠ᠃ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠨᠡᠩ ᠤᠯᠠᠨ ᠬᠠᠮᠲᠤ ᠪᠠᠷ ᠬᠥᠭᠵᠢᠬᠦ ᠠᠵᠠ ᠲᠣᠬᠢᠶᠠᠯ ᠢ ᠡᠭᠦᠳᠴᠡᠢ᠂ ᠳᠤᠮᠳᠠᠳᠤ ᠤᠯᠤᠰ ᠳᠤᠷᠠᠲᠠᠶ᠎ᠠ ᠪᠠᠷᠪᠠᠳᠤᠰ ᠵᠡᠷᠭᠡ ᠺᠠᠷᠢᠪᠧ ᠣᠷᠣᠨ ᠤ ᠤᠯᠤᠰ ᠤᠳ ᠲᠠᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠶᠢ ᠠᠬᠢᠭᠤᠯᠤᠨ᠎ᠠ᠂ ᠪᠠᠷᠪᠠᠳᠤᠰ ᠤᠨ ᠬᠢᠨ ᠳᠤᠮᠳᠠᠳᠤ ᠤᠯᠤᠰ ᠪᠣᠯᠤᠨ ᠺᠠᠷᠢᠪᠧ ᠶᠢᠨ ᠬᠠᠮᠲᠤ ᠶᠢᠨ ᠴᠣᠭᠴᠠ ᠶᠢᠨ ᠬᠠᠮᠲᠤᠷᠠᠯᠴᠠᠭ᠎ᠠ ᠪᠣᠯᠤᠨ ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠮᠤᠲ᠋ᠧᠯᠢ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠬᠤᠯᠠ ᠶᠢᠨ ᠬᠠᠷᠠᠴᠠ ᠬᠤᠷᠴᠠ ᠲᠠᠨᠢᠯᠲᠠ ᠪᠣᠯᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠠᠮᠵᠢᠯᠲᠠ ᠲᠠᠢ ᠪᠡᠶᠡᠯᠡᠭᠦᠯᠵᠦ᠂ ᠬᠠᠷᠢᠴᠠᠯᠠᠰᠢ ᠦᠬᠡᠢ ᠶᠠᠳᠠᠭᠤ ᠬᠦᠴᠢᠷᠳᠡᠯ ᠠᠴᠠ ᠠᠩᠭᠢᠵᠢᠷᠠᠪᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠲᠠᠢ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠰᠢᠨ᠎ᠡ ᠠᠶᠠᠨ ᠳᠠᠭᠠᠨ ᠨᠡᠩ ᠶᠡᠭᠡ ᠠᠮᠵᠢᠯᠲᠠ ᠤᠯᠬᠤ ᠶᠢ ᠢᠲᠡᠭᠡᠵᠦ ᠪᠠᠶᠢᠬᠤ ᠪᠥᠭᠡᠳ ᠬᠦᠰᠡᠨ ᠵᠥᠩᠨᠡᠵᠦ ᠪᠠᠶᠢᠨ᠎ᠠ᠃ ᠪᠠᠷᠪᠠᠳᠤᠰ ᠤᠨ ᠬᠢᠨ ᠳᠤᠮᠳᠠᠳᠤ ᠤᠯᠤᠰ ᠰᠢᠭ᠋ ᠡᠶᠢᠮᠦ ᠨᠠᠶᠢᠵᠠ ᠲᠠᠢ ᠳᠠᠭᠠᠨ ᠮᠠᠰᠢ ᠪᠠᠶᠠᠷᠯᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠣᠯᠤᠨ ᠤᠯᠠᠨ ᠲᠠᠯ᠎ᠠ ᠶᠢᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠵᠤ᠂ ᠪᠠᠷᠪᠠᠳᠤᠰ ᠳᠤᠮᠳᠠᠳᠤ ᠶᠢᠨ ᠬᠠᠷᠢᠯᠴᠠᠭ᠎ᠠ ᠪᠣᠯᠤᠨ ᠯᠠᠲ᠋ᠢᠨ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ᠃ ᠪᠠᠷᠪᠠᠳᠤᠰ ᠤᠨ ᠬᠢᠨ ᠤ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠳᠤᠮᠳᠠᠳᠤ ᠤᠯᠤᠰ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠪᠠᠷᠪᠠᠳᠤᠰ ᠤᠨ ᠬᠢᠨ ᠸᠢᠷᠦ᠋ᠰ ᠤᠨ ᠡᠬᠢ ᠡᠬᠦᠰᠦᠯ ᠢ ᠮᠦᠷᠳᠡᠬᠦ ᠠᠰᠠᠭᠤᠳᠠᠯ ᠢ ᠤᠯᠤᠰ ᠲᠦᠷᠦᠴᠢᠯᠡᠬᠦ ᠶᠢ ᠡᠰᠡᠷᠭᠦᠴᠡᠨ᠎ᠡ᠂ ᠳᠤᠮᠳᠠᠳᠤ ᠤᠯᠤᠰ ᠸᠠᠺᠼᠢᠨ ᠢ ᠬᠥᠭᠵᠢᠵᠦ ᠪᠠᠶᠢᠭ᠎ᠠ ᠤᠯᠤᠰ ᠲᠤ ᠡᠷᠬᠡ ᠲᠡᠭᠰᠢ ᠪᠠᠷ ᠬᠤᠪᠢᠶᠠᠷᠢᠯᠠᠬᠤ ᠶᠢ ᠠᠬᠢᠭᠤᠯᠬᠤ  ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠢ ᠮᠠᠭᠲᠠᠨ ᠰᠠᠶᠢᠰᠢᠶᠠᠵᠤ ᠪᠠᠶᠢᠨ᠎ᠠ᠂ ᠳᠤᠮᠳᠠᠳᠤ ᠤᠯᠤᠰ ᠯᠤᠭ᠎ᠠ ᠸᠠᠺᠼᠢᠨ ᠤ ᠬᠠᠮᠲᠤᠷᠠᠯᠴᠠᠭ᠎ᠠ  ᠪᠠᠨ ᠴᠢᠩᠭᠠᠳᠬᠠᠬᠤ  ᠶᠢ ᠬᠦᠰᠡᠵᠦ ᠪᠠᠶᠢᠨ᠎ᠠ ᠬᠡᠵᠥ ᠢᠯᠡᠳᠬᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号