ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ | ᠳ᠋ᠦᠩᠨᠡᠯᠲᠡ ᠶᠢᠨ ᠬᠤᠷᠠᠯ 13 ᠤ ᠦᠳᠡ ᠶᠢᠨ ᠡᠮᠦᠨ᠎ᠡ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠡᠯᠭᠡᠯᠡᠬᠦ ᠠᠵᠢᠯᠯᠠᠭ᠎ᠠ ᠶᠢᠨ ᠪᠡᠯᠡᠳᠬᠡᠯ ᠠᠵᠢᠯ ᠤᠨ ᠡᠯ᠎ᠡ | ᠲᠠᠯ᠎ᠠ ᠶᠢᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠳᠡᠳᠡᠨ ᠳᠤ ᠴᠢᠩ ᠰᠡᠳᠬᠢᠯ ᠤᠨ ᠲᠠᠯᠠᠷᠬᠠᠯ ᠪᠠ | ᠮᠡᠨᠳᠦᠴᠢᠯᠡᠯ ᠬᠥᠷᠬᠡᠵᠥ ᠪᠠᠶᠢᠬᠤ ᠪᠠᠨ ᠢᠯᠡᠳᠬᠡᠵᠦ᠂ ᠳᠡᠳᠡᠨ ᠤ ᠰᠢᠷᠭᠠᠭᠤ ᠬᠠᠲᠠᠭᠤᠵᠢᠯᠲᠠᠢ ᠠᠵᠢᠯᠯᠠᠬᠰᠠᠨ ᠪᠠ ᠰᠢᠯᠢᠳᠡᠭ | ᠠᠮᠵᠢᠯᠲᠠ ᠤᠯᠤᠬᠰᠠᠨ ᠢ ᠭᠦᠢᠴᠡᠳ ᠨᠤᠲᠠᠯᠠᠵᠤ᠂ ᠤᠯᠠᠨ ᠢ ᠡᠷᠡᠮᠡᠬᠡᠶᠢᠯᠡᠨ ᠤᠷᠤᠭᠰᠢᠯᠠᠵᠤ᠂ ᠳᠠᠬᠢᠨᠲᠠ ᠰᠢᠯᠢᠳᠡᠭ ᠠᠮᠵᠢᠯᠲᠠ | ᠪᠦᠲᠦᠮᠵᠢ ᠭᠠᠷᠭᠠᠭᠠᠷᠠᠢ ᠭᠡᠵᠦ ᠵᠣᠷᠢᠭᠵᠢᠭᠤᠯᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ | ᠸᠠᠩ ᠶᠠᠩ᠂ ᠵᠤᠤ ᠯᠧ ᠵᠢᠢ᠂ ᠬᠠᠨ ᠵᠧᠩ ᠠᠭᠤᠯᠵᠠᠯᠲᠠ ᠳᠤ ᠣᠷᠣᠯᠴᠠᠪᠠ᠃ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠬᠤ᠋ ᠨᠢᠩ ᠠᠭᠤᠯᠵᠠᠯᠲᠠ ᠳᠤ ᠣᠷᠣᠯᠴᠠᠭᠰᠠᠨ ᠪᠥᠭᠡᠳ | ᠳ᠋ᠦᠩᠨᠡᠯᠲᠡ ᠶᠢᠨ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃ | 13 ᠤ ᠦᠳᠡ ᠶᠢᠨ ᠡᠮᠦᠨ᠎ᠡ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ | ᠳ᠋ᠧᠩ ᠤᠨ ᠬᠡᠷᠡᠯ ᠳᠤᠸᠠᠯᠠᠵᠤ᠂ ᠬᠦᠷ ᠬᠥᠭᠵᠢᠶᠡᠨ ᠢᠶᠠᠷ ᠪᠢᠯᠬᠠᠨ᠎ᠠ᠃ 11 ᠴᠠᠭ ᠤᠨ ᠦᠶ᠎ᠡ ᠪᠠᠷ᠂ ᠰᠢ ᠶᠢᠨ ᠫᠢᠩ ᠨᠡᠷ | ᠠᠳᠡ ᠬᠦᠷᠴᠤ ᠢᠷᠡᠬᠦ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠰᠢ ᠶᠢᠨ ᠫᠢᠩ ᠨᠡᠷ | ᠲᠥᠯᠥᠭᠡᠯᠡᠭᠴᠢᠳ ᠤᠨ ᠳᠤᠮᠳᠠ ᠬᠦᠷᠴᠦ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠶᠢᠨ ᠰᠡᠭᠦᠳᠡᠷ | ᠲᠠᠲᠠᠭᠤᠯᠵᠤ ᠳᠤᠷᠠᠰᠬᠠᠯ ᠦᠯᠡᠳᠡᠭᠡᠪᠡ᠃ | | | | | | | | | | | | 7 ᠰᠠᠷ᠎ᠠ ᠶᠢᠨ 13 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠺᠧ ᠴᠢᠶᠠᠩ᠂ | ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠨᠠᠷ ᠪᠡᠬᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠭᠦ ᠠᠵᠢᠯᠯᠠᠭ᠎ᠠ | ᠶᠢᠨ ᠪᠡᠯᠡᠳᠬᠡᠯ ᠠᠵᠢᠯ ᠤᠨ ᠬᠤᠯᠪᠤᠬᠳᠠᠯ ᠪᠦᠬᠦᠢ ᠲᠠᠯ᠎ᠠ ᠶᠢᠨ ᠲᠥᠯᠥᠭᠡᠯᠡᠭᠴᠢᠳ ᠲᠠᠢ ᠠᠭᠤᠯᠵᠠᠪᠠ᠃ | ᠰᠢᠨᠬᠤᠧᠠ ᠬᠤᠷᠢᠶᠠᠨ ᠤ ᠰᠤᠷᠪᠤᠯᠵᠢᠯᠠᠬᠴᠢ ᠶᠢᠨ ᠪᠦᠸᠧ ᠭᠦ᠋ ᠰᠡᠬᠦᠳᠡᠷᠯᠡᠪᠡ | | | | | | | ᠲᠦᠷᠦᠭᠦᠬᠡᠨ᠂ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ | ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠡᠯᠭᠡᠯᠡᠬᠦ ᠠᠵᠢᠯᠯᠠᠭ᠎ᠠ ᠶᠢᠨ ᠳ᠋ᠦᠩᠨᠡᠯᠲᠡ ᠶᠢᠨ ᠮᠡᠳᠡᠭᠦᠯᠦᠯᠲᠡ ᠶᠢ | ᠲᠤᠰᠬᠠᠶᠢᠯᠠᠨ ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠭᠦ ᠪᠣᠯ ᠨᠠᠮ ᠤᠨ ᠲᠥᠪ | ᠬᠤᠷᠢᠶᠠᠨ ᠤ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ | ᠪᠠᠶᠢᠷᠢᠯᠠᠭᠤᠯᠤᠯᠲᠠ ᠮᠥᠨ᠂ ᠨᠠᠮ ᠪᠠ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠶᠡᠭᠡ ᠶᠠᠪᠤᠳᠠᠯ ᠮᠥᠨ᠃ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠡᠯ᠎ᠡ ᠱᠠᠲᠤ ᠡᠯ᠎ᠡ ᠲᠠᠯ᠎ᠠ ᠶᠢᠨ ᠬᠠᠮᠲᠤ ᠶᠢᠨ | ᠴᠢᠷᠮᠠᠶᠢᠯᠭ᠎ᠠ ᠪᠠᠷ᠂ ᠪᠡᠯᠭᠡᠯᠡᠬᠦ ᠠᠵᠢᠯᠯᠠᠭ᠎ᠠ ᠦᠪᠡᠳᠡᠭᠰᠢ ᠶᠡᠭᠡ ᠪᠦᠭᠡᠳ ᠲᠦᠪ ᠶᠡᠬᠡᠮᠰᠦᠭ᠂ ᠰᠦᠷ ᠳᠠᠯᠠᠶᠢᠴᠠᠲᠠᠢ᠂ ᠡᠮᠬᠢ | ᠵᠢᠷᠤᠮ ᠲᠠᠢ ᠪᠦᠭᠡᠳ ᠶᠣᠰᠣ ᠲᠢᠭᠯᠢᠮ ᠲᠠᠢ᠂ ᠪᠠᠶᠠᠰᠬᠤᠯᠠᠩᠳᠤ ᠰᠠᠶᠢᠬᠠᠨ ᠶᠠᠪᠤᠬᠳᠠᠵᠤ᠂ ᠶᠣᠰᠣᠯᠠᠯ ᠤᠨ ᠲᠦᠷᠦᠭᠳᠡᠯ᠂ | ᠣᠷᠣᠯᠴᠠᠬᠤ ᠲᠦᠷᠦᠭᠳᠡᠯ᠂ ᠤᠳᠤᠬᠢᠴᠢ ᠲᠦᠷᠦᠭᠳᠡᠯ ᠢ ᠭᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠬᠡᠪ ᠨᠠᠮᠪᠠ᠂ | ᠳᠤᠮᠳᠠᠳᠤ ᠤᠯᠤᠰ ᠤᠨ ᠴᠤᠭ ᠵᠢᠪᠬᠤᠭ᠎ᠠ᠂ ᠳᠤᠮᠳᠠᠳᠤ ᠤᠯᠤᠰ ᠤᠨ ᠲᠦᠷᠰᠤ ᠪᠠᠶᠢᠳᠠᠯ ᠢ ᠬᠠᠷᠠᠭᠤᠯᠤᠨ᠂ ᠦᠵᠡᠯ | ᠰᠠᠨᠠᠭ᠎ᠠ ᠶᠢ ᠨᠢᠭᠡᠳᠬᠡᠬᠦ᠂ ᠬᠦᠴᠦᠨ ᠴᠢᠳᠠᠯ ᠢ ᠨᠢᠭᠲᠠᠷᠠᠭᠤᠯᠬᠤ᠂ ᠬᠥᠮᠦᠰ ᠤᠨ ᠰᠡᠳᠬᠢᠯ ᠢ ᠬᠥᠭᠵᠢᠭᠡᠬᠦ᠂ ᠡᠷᠴᠢ ᠵᠣᠷᠢᠭ ᠢ | ᠬᠥᠪᠴᠢᠯᠡᠬᠦ ᠦᠢᠯᠡᠳᠦᠯ ᠦᠵᠡᠭᠦᠯᠵᠦ᠂ ᠵᠢᠱᠢᠭᠰᠡᠨ ᠬᠠᠷᠠᠯᠲᠠ ᠳᠠᠭᠠᠨ ᠪᠦᠷᠢᠮᠦᠰᠦᠨ ᠬᠦᠷᠴᠠᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠪᠡᠯᠭᠡᠯᠡᠬᠦ ᠠᠵᠢᠯᠯᠠᠭ᠎ᠠ ᠶᠢᠨ ᠬᠤᠯᠪᠣᠭᠳᠠᠭᠰᠠᠨ ᠨᠢᠭᠡᠴᠡ ᠤᠯᠠᠨ᠂ | ᠣᠷᠣᠯᠴᠠᠭᠰᠠᠨ ᠬᠥᠮᠦᠨ ᠤᠯᠠᠨ᠂ ᠴᠠᠭ ᠤᠨ ᠠᠯᠤᠰᠯᠠᠴᠠ ᠤᠷᠳᠤ᠂ ᠵᠣᠬᠢᠴᠠᠭᠤᠯᠭ᠎ᠠ ᠶᠢᠨ ᠬᠦᠴᠢᠷᠳᠡᠯ ᠶᠡᠭᠡ ᠪᠠᠶᠢᠵᠦ᠂ | ᠪᠡᠯᠭᠡᠯᠡᠬᠦ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠵᠢᠴᠢ ᠡᠯ᠎ᠡ ᠠᠵᠢᠯ ᠤᠨ ᠪᠠᠶᠢᠭᠤᠯᠤᠮᠵᠢ᠂ ᠡᠯ᠎ᠡ ᠬᠤᠯᠪᠣᠭᠳᠠᠯ | ᠪᠦᠬᠦᠢ ᠲᠠᠯ᠎ᠠ ᠪᠣᠯᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠳᠣᠣᠱᠯᠠᠭᠤᠯᠵᠦ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠥᠨᠳᠥᠷ | ᠵᠣᠭᠰᠣᠴᠠ ᠠᠴᠠ ᠵᠣᠬᠢᠴᠠᠭᠤᠯᠵᠤ᠂ ᠥᠨᠳᠥᠷ ᠲᠦᠪᠰᠢᠨ ᠢᠶᠠᠷ ᠬᠡᠷᠡᠭᠵᠢᠭᠦᠯᠵᠦ᠂ ᠮᠠᠰᠢ ᠪᠦᠲᠦᠮᠵᠢᠲᠡᠢ ᠠᠵᠢᠯᠯᠠᠵᠦ᠂ | ᠪᠡᠯᠭᠡᠯᠡᠬᠦ ᠠᠵᠢᠯᠯᠠᠭ᠎ᠠ ᠶᠢ ᠨᠠᠮ ᠤᠨ ᠦᠪᠡᠳᠡᠭᠰᠢ ᠶᠣᠰᠣᠯᠠᠯ᠂ ᠠᠷᠠᠳ ᠲᠦᠮᠡᠨ ᠤ ᠪᠠᠶᠠᠷ ᠤᠨ ᠡᠳᠦᠷ ᠪᠣᠯᠭᠠᠵᠠᠢ ᠭᠡᠵᠤ | ᠵᠢᠭᠠᠵᠤ ᠭᠠᠷᠭᠠᠪᠠ᠃ | ᠰᠢ ᠶᠢᠨ ᠫᠢᠩ᠂ ᠪᠡᠯᠭᠡᠯᠡᠬᠦ ᠠᠵᠢᠯᠯᠠᠭ᠎ᠠ ᠶᠢᠨ ᠭᠤᠣᠯ ᠴᠣᠭᠴᠠ ᠶᠢᠨ ᠠᠵᠢᠯ ᠨᠢᠭᠡᠨᠲᠡ ᠲᠡᠭᠦᠰ ᠠᠮᠵᠢᠯᠲᠠ ᠲᠠᠢ | ᠳᠠᠭᠤᠰᠤᠭᠰᠠᠨ ᠪᠣᠯᠪᠠᠴᠤ ᠠᠵᠢᠯᠯᠠᠭ᠎ᠠ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠬᠦ ᠲᠠᠯ᠎ᠠ ᠪᠠᠷ ᠪᠠᠰᠠ ᠮᠠᠰᠢ | ᠤᠯᠠᠨ ᠠᠵᠢᠯ ᠢ ᠬᠢᠬᠦ ᠴᠢᠬᠤᠯᠠᠲᠠᠢ ᠪᠠᠶᠢᠨ᠎ᠠ᠃ ᠪᠡᠯᠭᠡᠯᠡᠬᠦ ᠠᠵᠢᠯᠯᠠᠭ᠎ᠠ ᠶᠢᠨ ᠬᠥᠭᠵᠢᠭᠡᠭᠰᠡᠨ ᠣᠷᠭᠢᠯᠤᠮ᠎ᠠ ᠬᠠᠯᠠᠭᠤᠨ | ᠰᠡᠳᠬᠢᠯᠭᠡ ᠪᠣᠯᠤᠨ ᠬᠦᠴᠦᠷᠬᠡᠭ ᠶᠡᠭᠡ ᠢᠳᠡᠪᠬᠢ ᠬᠦᠴᠦᠨ ᠢ ᠭᠦᠢᠴᠡᠳ ᠠᠰᠢᠬᠯᠠᠵᠤ᠂ ᠨᠡᠶᠢᠭᠡᠮ ᠵᠢᠷᠤᠮᠳᠦ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠲᠡᠢ᠃ 100 ᠵᠢᠯ ᠤᠨ ᠨᠠᠮ ᠤᠨ | ᠲᠡᠦᠬᠡ ᠶᠢᠨ ᠵᠥᠪ ᠪᠤᠷᠤᠭᠤ ᠬᠤᠶᠠᠷ ᠲᠠᠯ᠎ᠠ ᠶᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠲᠡᠦᠬᠡ ᠶᠢᠨ ᠤᠶᠤᠨ ᠤᠬᠠᠭᠠᠨ ᠢ | ᠰᠤᠷᠤᠯᠴᠠᠨ ᠬᠡᠷᠡᠭᠯᠡᠬᠦ ᠳᠤᠮᠳᠠ ᠲᠡᠦᠬᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ | ᠡᠵᠡᠮᠳᠡᠬᠦ ᠬᠡᠷᠡᠭᠲᠡᠢ᠃ ᠲᠡᠦᠬᠡ ᠪᠠ ᠪᠦᠬᠦ ᠲᠠᠯ᠎ᠠ ᠶᠢᠨ ᠦᠨᠳᠦᠷᠴᠡ ᠠᠴᠠ ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ | ᠪᠣᠯᠭᠠᠨ ᠪᠠᠶᠢᠭᠤᠯᠵᠤ᠂ ᠨᠠᠮ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ | ᠤᠳᠤᠷᠢᠳᠬᠤ ᠭᠤᠣᠯᠯᠠᠭᠴᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠦᠯᠢᠭᠡᠷ ᠢ ᠴᠢᠨᠠᠭᠰᠢᠳᠠ ᠰᠠᠶᠢᠲᠤᠷ ᠶᠠᠷᠢᠵᠤ᠂ ᠮᠠᠨ ᠤ ᠨᠠᠮ ᠪᠣᠯᠤᠨ ᠤᠯᠤᠰ ᠤᠨ ᠳᠡᠯᠡᠬᠡᠢ ᠳᠡᠭᠡᠷᠡᠬᠢ | ᠨᠥᠯᠥᠭᠡᠯᠡᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠪᠡᠯᠭᠡᠯᠡᠬᠦ ᠠᠵᠢᠯᠯᠠᠭ᠎ᠠ ᠶᠢᠨ ᠠᠮᠵᠢᠯᠲᠠ ᠲᠠᠢ | ᠲᠤᠷᠰᠢᠯᠭ᠎ᠠ ᠶᠢ ᠰᠠᠶᠢᠲᠤᠷ ᠳ᠋ᠦᠩᠨᠡᠨ ᠰᠠᠶᠢᠲᠤᠷ ᠬᠡᠷᠡᠭᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠲᠤᠮᠤ ᠨᠠᠮ ᠲᠤᠮᠤ ᠤᠯᠤᠰ ᠤᠨ ᠶᠣᠰᠣᠯᠠᠯ ᠤᠨ ᠲᠦᠷᠢᠮ ᠢ ᠲᠠᠰᠤᠷᠠᠯᠳᠡ ᠦᠭᠡᠢ ᠪᠠᠶᠠᠯᠢᠭᠵᠢᠭᠤᠯᠤᠨ ᠲᠡᠭᠦᠯᠳᠡᠷᠵᠢᠭᠦᠯᠬᠦ | ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠪᠡᠯᠭᠡᠯᠡᠬᠦ ᠠᠵᠢᠯᠯᠠᠭ᠎ᠠ ᠶᠢᠨ ᠬᠤᠶᠢᠨᠠᠬᠢ ᠠᠵᠢᠯ ᠢ ᠰᠠᠶᠢᠲᠤᠷ ᠬᠢᠬᠦ ᠲᠠᠢ ᠤᠶᠠᠯᠳᠤᠭᠤᠯᠤᠨ᠂ ᠪᠡᠯᠭᠡᠯᠡᠬᠦ | ᠠᠵᠢᠯᠯᠠᠭ᠎ᠠ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠥᠷᠭᠡᠳᠬᠡᠵᠦ᠂ ᠡᠯ᠎ᠡ ᠵᠦᠢᠯ ᠤᠨ ᠠᠵᠢᠯ ᠢ | ᠬᠦᠴᠦᠯᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠦ ᠵᠢᠭᠠᠵᠤ | ᠭᠠᠷᠭᠠᠪᠠ᠃ | ᠬᠤᠷᠠᠯ ᠠᠴᠠ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠪᠠ᠃ | ᠸᠠᠩ ᠬᠤ᠋ ᠨᠢᠩ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠡᠯᠭᠡᠯᠡᠬᠦ ᠠᠵᠢᠯᠯᠠᠭ᠎ᠠ ᠶᠢᠨ ᠪᠡᠯᠡᠳᠬᠡᠯ ᠠᠵᠢᠯ ᠢ ᠭᠦᠢᠴᠡᠳ | ᠨᠤᠲᠠᠯᠠᠵᠤ᠂ ᠪᠡᠯᠭᠡᠯᠡᠬᠦ ᠠᠵᠢᠯᠯᠠᠭ᠎ᠠ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠬᠦ ᠲᠤᠬᠠᠢ ᠲᠣᠳᠣᠷᠬᠠᠢ | ᠱᠠᠭᠠᠷᠳᠠᠯᠭ᠎ᠠ ᠳᠤᠷᠠᠳᠴᠠᠢ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ | ᠠᠵᠢᠯ ᠢ ᠰᠠᠶᠢᠲᠤᠷ ᠠᠳᠬᠤᠬᠤ ᠬᠡᠷᠡᠭᠲᠡᠢ᠃ ᠪᠡᠯᠭᠡᠯᠡᠬᠦ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠶᠠᠪᠤᠳᠠᠯ ᠪᠣᠯ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ | ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠨᠡᠶᠢᠭᠡᠮ ᠤᠨ ᠡᠯ᠎ᠡ ᠡᠲᠡᠭᠡᠳ ᠪᠣᠯᠤᠨ ᠠᠷᠠᠳ ᠤᠯᠠᠨ ᠤ ᠶᠡᠭᠡ ᠪᠠᠷ | ᠳᠡᠮᠵᠢᠭᠰᠡᠨ ᠦᠷ᠎ᠡ ᠳ᠋ᠦᠩ ᠮᠥᠨ᠂ ᠡᠯ᠎ᠡ ᠠᠵᠢᠯ ᠤᠨ ᠪᠠᠶᠢᠭᠤᠯᠤᠮᠵᠢ ᠪᠣᠯᠤᠨ ᠪᠦᠬᠦ ᠣᠷᠣᠯᠴᠠᠭᠴᠢ ᠶᠢᠨ ᠬᠠᠮᠲᠤ ᠪᠠᠷ | ᠴᠢᠷᠮᠠᠶᠢᠭᠰᠠᠨ ᠤ ᠦᠷ᠎ᠡ ᠳ᠋ᠦᠩ ᠮᠥᠨ᠂ ᠠᠮᠵᠢᠯᠲᠠ ᠲᠠᠢ ᠠᠷᠭ᠎ᠠ ᠬᠢᠳᠡᠯ ᠪᠣᠯᠤᠨ ᠲᠤᠷᠰᠢᠯᠭ᠎ᠠ ᠪᠠᠨ ᠨᠠᠷᠢᠨ ᠬᠢᠨᠠᠮᠠᠭᠠᠢ | ᠳ᠋ᠦᠩᠨᠡᠵᠦ᠂ ᠪᠡᠯᠭᠡᠯᠡᠬᠦ ᠠᠵᠢᠯᠯᠠᠭ᠎ᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠶᠡᠷᠦᠩᠬᠡᠢ | ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠳᠣᠣᠱᠯᠠᠭᠤᠯᠬᠤ ᠠᠵᠢᠯ ᠢ ᠭᠦᠨᠵᠡᠭᠡᠶᠢᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ | ᠂ ᠨᠠᠮ ᠤᠨ ᠲᠡᠦᠬᠡ ᠶᠢᠨ ᠭᠤᠣᠯ ᠰᠡᠳᠦᠪᠲᠦ ᠦᠵᠡᠬᠦᠯᠦᠯᠭᠡ ᠵᠡᠷᠭᠡ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ | ᠪᠡᠯᠭᠡᠯᠡᠬᠦ ᠠᠵᠢᠯᠯᠠᠭ᠎ᠠ ᠶᠢᠨ ᠦᠷ᠎ᠡ ᠪᠦᠲᠦᠭᠡᠯ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠥᠷᠭᠡᠨ ᠤᠯᠠᠨ ᠨᠠᠮ ᠤᠨ | ᠭᠡᠰᠢᠭᠦᠨ᠂ ᠺᠠᠳ᠋ᠷ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠡᠯᠭᠡᠯᠡᠬᠦ ᠠᠵᠢᠯᠯᠠᠭ᠎ᠠ ᠶᠢᠨ ᠬᠦᠭᠵᠢᠭᠡᠭᠰᠡᠨ ᠤᠷᠬᠢᠯᠤᠮ᠎ᠠ | ᠬᠠᠯᠠᠭᠤᠨ ᠰᠡᠳᠬᠢᠯᠭᠡ ᠶᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠤᠰᠬᠠᠬᠤ | ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠡᠯᠭᠡᠯᠡᠬᠦ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠳ᠋ᠢᠩ ᠰᠢᠤᠸᠠᠢ ᠰᠢᠶᠠᠩ᠂ ᠶᠠᠩ ᠵᠢᠶᠧ | ᡂᠢ᠂ ᠵᠠᠩ ᠶᠢᠦ ᠰᠢᠶᠠ᠂ ᠴᠧᠨ ᠰᠢ᠂ ᠬᠤᠸᠠᠩ ᠺᠦᠨ ᠮᠢᠩ᠂ ᠼᠠᠢ ᠴᠢ᠂ ᠰᠢᠶᠤᠤ ᠵᠢᠶᠧ᠂ ᠵᠤᠤ ᠺᠧ ᡁᠢ | ᠠᠭᠤᠯᠵᠠᠯᠲᠠ ᠳᠤ ᠣᠷᠣᠯᠴᠠᠭᠰᠠᠨ ᠪᠥᠭᠡᠳ ᠬᠤᠷᠠᠯ ᠳᠤ ᠣᠷᠣᠯᠴᠠᠪᠠ᠃ ᠪᠡᠯᠭᠡᠯᠡᠬᠦ ᠠᠵᠢᠯᠯᠠᠭ᠎ᠠ ᠶᠢᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠡᠯ᠎ᠡ ᠠᠵᠢᠯ ᠤᠨ ᠪᠠᠶᠢᠭᠤᠯᠤᠮᠵᠢ ᠪᠠ ᠬᠤᠯᠪᠣᠭᠳᠠᠯ ᠪᠦᠬᠦᠢ ᠲᠠᠯ᠎ᠠ ᠶᠢᠨ | ᠬᠠᠷᠢᠭᠤᠴᠠᠯᠭᠠᠲᠠᠨ ᠨᠥᠬᠦᠳ ᠵᠢᠴᠢ ᠠᠵᠢᠯᠳᠠᠨ᠂ ᠴᠢᠯᠥᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠬᠦᠮ᠂ | ᠶᠣᠰᠣᠯᠠᠯ ᠤᠨ ᠠᠩᠬᠢ᠂ ᠨᠢᠰᠦᠯᠲᠡ ᠶᠢᠨ ᠱᠠᠲᠤᠯᠵᠢᠨ ᠠᠩᠬᠢ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠠ | ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ᠂ ᠨᠠᠶᠢᠷᠠᠯ ᠳᠠᠭᠤᠤ ᠶᠢᠨ ᠪᠦᠯᠬᠦᠮ᠂ ᠲᠣᠭᠯᠠᠭᠴᠢ᠂ ᠠᠮᠤᠷ ᠢ | ᠬᠠᠮᠠᠭᠠᠯᠠᠬᠤ ᠡᠮᠦᠨ᠎ᠡ ᠹᠷᠣᠨᠲ ᠤᠨ ᠵᠢᠵᠢᠭᠦᠷᠯᠡᠭᠴᠢ᠂ ᠰᠠᠶᠢᠨ ᠳᠤᠷᠠᠴᠤᠳ᠂ ᠦᠢᠯᠡᠴᠢᠯᠡᠭᠡ ᠪᠠᠲᠤᠯᠠᠭ᠎ᠠ ᠶᠢᠨ ᠠᠵᠢᠯᠳᠠᠨ᠂ | ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠲᠥᠯᠥᠭᠡᠯᠡᠭᠴᠢ ᠨᠠᠷ ᠠᠵᠢᠯᠯᠠᠭ᠎ᠠ ᠳᠤ ᠣᠷᠣᠯᠴᠠᠵᠠᠢ᠃ ︵ᠰᠢᠨᠬᠤᠸᠠ | ᠬᠤᠷᠢᠶᠠᠨ ᠤ ᠪᠡᠭᠡᠵᠢᠩ ᠤᠨ 7 ᠰᠠᠷ᠎ᠠ ᠶᠢᠨ 13 ᠤ ᠴᠠᠬᠢᠯᠭᠠᠨ ᠮᠡᠳᠡᠭᠡ︶ | | | | | |