ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠤᠨ ᠡᠪᠡᠳᠴᠢᠨ ᠬᠢᠵᠢᠭ ᠢ ᠰᠡᠷᠭᠡᠶᠢᠯᠡᠨ | ᠡᠵᠡᠮᠳᠡᠬᠦ ᠲᠣᠪᠴᠢᠶᠠᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠶᠢᠽᠢ ᠡᠪᠡᠳᠴᠢᠨ ᠳᠤ | ᠬᠠᠯᠳᠠᠪᠤᠷᠢᠯᠠᠭᠰᠠᠳ᠂ ᠳᠠᠷᠬᠠᠯᠠᠭ᠎ᠠ ᠮᠠᠭᠤᠳᠠᠭᠰᠠᠳ᠂ ᠰᠢᠬᠢᠷ ᠰᠢᠵᠢᠩ ᠡᠪᠡᠳᠴᠢᠲᠡᠨ᠂ ᠮᠡᠩᠭᠡᠷ ᠲᠠᠢ ᠬᠥᠮᠥᠨ᠂ | ᠨᠠᠰᠤᠲᠠᠶᠢᠴᠤᠤᠯ ᠵᠡᠷᠭᠡ ᠲᠠᠪᠤᠨ ᠲᠥᠷᠥᠯ ᠤᠨ ᠠᠮᠠᠷᠬᠠᠨ ᠡᠪᠡᠳᠴᠢᠯᠡᠳᠡᠭ ᠬᠥᠮᠥᠰ ᠵᠢᠯ ᠪᠦᠷᠢ ᠲᠣᠭᠲᠠᠮᠠᠯ | ᠬᠤᠭᠤᠴᠠᠭ᠎ᠠ ᠲᠠᠢ ᠪᠠᠷ ᠰᠦᠷᠢᠶ᠎ᠡ ᠡᠪᠡᠳᠴᠢᠨ ᠤ ᠪᠠᠶᠢᠴᠠᠭᠠᠯᠲᠠ ᠬᠢᠯᠭᠡᠪᠡᠯ ᠵᠣᠬᠢᠬᠤ ᠶᠤᠮ ᠪᠠᠶᠢᠨ᠎ᠠ᠃ ᠣᠯᠠᠨ | ᠲᠦᠮᠡᠨ ᠢ ᠵᠢᠯᠣᠭᠤᠳᠤᠨ ᠳᠠᠭᠠᠭᠤᠯᠵᠤ ᠬᠤᠪᠢ ᠬᠥᠮᠥᠨ ᠤ ᠡᠷᠡᠭᠦᠯ ᠮᠡᠨᠳᠦ ᠳᠡᠭᠡᠨ ᠬᠠᠷᠢᠭᠤᠴᠠᠬᠤ ᠤᠬᠠᠮᠰᠠᠷ ᠢ ᠪᠣᠢ | ᠪᠣᠯᠭᠠᠵᠤ᠂ ᠠᠭᠠᠷ ᠰᠠᠯᠬᠢ ᠨᠡᠪᠲᠡᠷᠡᠭᠦᠯᠵᠦ᠂ ᠳᠤᠷ᠎ᠠ ᠪᠠᠷ ᠢᠶᠠᠨ ᠨᠤᠯᠮᠤᠬᠤ ᠦᠭᠡᠢ ᠪᠠᠶᠢᠬᠤ ᠵᠡᠷᠭᠡ ᠡᠷᠡᠭᠦᠯ ᠰᠠᠶᠢᠬᠠᠨ | ᠳᠠᠳᠬᠠᠯ ᠲᠠᠢ ᠪᠣᠯᠭᠠᠵᠤ᠂ ᠬᠤᠶᠠᠷ ᠳᠣᠯᠤᠭ᠎ᠠ ᠬᠤᠨᠤᠭ ᠠᠴᠠ ᠢᠯᠡᠭᠦᠦ ᠬᠠᠨᠢᠶᠠᠬᠤ᠂ ᠴᠡᠷ ᠭᠠᠷᠬᠤ ᠵᠡᠷᠭᠡ ᠰᠦᠷᠢᠶ᠎ᠡ | ᠡᠪᠡᠳᠴᠢᠨ ᠤ ᠰᠡᠵᠢᠭᠲᠡᠢ ᠪᠠᠶᠢᠳᠠᠯ ᠢᠯᠡᠷᠡᠪᠡᠯ ᠠᠮᠠᠨ ᠤ ᠲᠠᠭᠯᠠᠭ᠎ᠠ ᠵᠡᠭᠦᠵᠦ᠂ ᠳᠠᠷᠦ᠋ᠢᠬᠠᠨ ᠡᠮᠴᠢᠯᠡᠭᠦᠯᠬᠦ ᠶᠢ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠤᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ | ᠲᠣᠪᠴᠢᠶ᠎ᠠ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠱᠠᠭᠠᠷᠳᠠᠭᠰᠠᠨ ᠪᠠᠶᠢᠨ᠎ᠠ᠃ |