ᠨᠢᠭᠡ᠂ ︽ᠲᠥᠰᠦᠯ︾ ᠢ ᠳᠣᠭᠳᠠᠭᠠᠭᠰᠠᠨ ᠦᠨᠳᠦᠰᠦᠯᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠭᠠᠷ ᠣᠳᠠᠰᠣ ᠪᠠᠷ | ᠬᠦᠢᠴᠡᠳᠬᠡᠬᠦ﹀ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠬᠤ ᠳᠣᠬᠠᠢ ᠬᠡᠷᠡᠭᠵᠢᠭᠦᠯᠬᠦ ᠲᠥᠰᠦᠯ︾᠃ | ᠬᠤᠶᠠᠷ᠂ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾ ᠶᠢᠨ ᠠᠭᠤᠯᠤᠭᠳᠠᠬᠤᠨ | ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾ ᠪᠣᠯ ᠮᠥᠩᠬᠡ ᠰᠤᠪᠠᠭ ᠤᠨ ᠰᠢᠯᠵᠢᠶ᠎ᠡ ᠶᠢᠨ | ᠬᠠᠮᠤᠷᠬᠤ ᠬᠡᠪᠴᠢᠶ᠎ᠡ ᠬᠢᠭᠡᠳ ᠬᠡᠷᠡᠭᠯᠡᠭᠡᠨ ᠤ ᠦᠷ᠎ᠡ ᠪᠦᠲᠦᠮᠵᠢ ᠶᠢ ᠲᠦᠷᠭᠡᠳᠬᠡᠨ ᠥᠷᠭᠡᠳᠬᠡᠵᠦ᠂ ᠥᠪᠡᠷᠲᠡᠭᠡᠨ | ᠵᠠᠰᠠᠬᠤ ᠣᠷᠣᠨ ᠨᠢᠭᠡᠳᠦᠯᠲᠡᠶ ᠲᠥᠯᠥᠪᠵᠢᠭᠦᠯᠦᠭᠰᠡᠨ᠂ ᠠᠶᠢᠮᠠᠭ ᠬᠤᠲᠠ᠂ ᠬᠤᠰᠢᠭᠤ ᠰᠢᠶᠠᠨ ᠬᠠᠮᠲᠤ ᠪᠠᠷ | ᠪᠠᠶᠢᠭᠤᠯᠵᠤ ᠬᠠᠮᠲᠤ ᠪᠠᠷ ᠬᠡᠷᠡᠭᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠯᠵᠢᠮᠡᠯ ᠲᠠᠪᠴᠠᠩ ᠪᠠ ᠠᠵᠤ | ᠠᠬᠤᠶᠢᠯᠠᠯ ᠣᠯᠠᠨ ᠲᠦᠮᠡᠨ ᠤ ᠡᠯ᠎ᠡ ᠲᠥᠷᠥᠯ ᠤᠨ ᠠᠵᠢᠯ ᠶᠠᠪᠤᠳᠠᠯ ᠬᠦᠢᠴᠡᠳᠬᠡᠬᠦ ᠭᠤᠭᠴᠤᠭ᠎ᠠ ᠵᠢᠴᠢ ᠠᠳᠠᠯᠢ ᠪᠤᠰᠤ | ᠲᠠᠯᠠᠪᠤᠷ ᠲᠠᠬᠢ ᠺᠣᠳ᠋ ᠰᠢᠷᠪᠢᠵᠦ ᠦᠨᠡᠮᠯᠡᠯ ᠣᠯᠭᠤᠬᠤ ᠴᠢᠬᠤᠯᠠ ᠪᠠᠭᠠᠵᠢ ᠶᠢ ᠪᠣᠶ ᠪᠣᠯᠭᠠᠵᠤ᠂ ᠨᠠᠩ ᠣᠯᠠᠨ ᠥᠨᠳᠥᠷ | ᠳᠠᠪᠲᠠᠮᠵᠢᠲᠤ ᠣᠯᠠᠨ ᠨᠡᠶᠢᠲᠡ ᠶᠢᠨ ᠦᠢᠯᠡᠴᠢᠯᠡᠬᠡᠨ ᠤ ᠵᠦᠢᠯᠡᠰ ᠢ ᠭᠠᠷ ᠣᠳᠠᠰᠣ ᠪᠠᠷ ᠬᠦᠢᠴᠡᠳᠬᠡᠬᠦ ᠶᠢ ᠠᠬᠢᠭᠤᠯᠤᠨ᠂ | ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠤᠨ | ᠪᠦᠲᠦᠮᠵᠢᠲᠡᠶ ᠦᠷᠭᠡᠵᠢᠯ ᠪᠣᠯᠤᠨ᠎ᠠ᠃ | ᠭᠤᠷᠪᠠ᠂ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾ ᠶᠢ ᠬᠡᠷᠡᠭᠵᠢᠭᠦᠯᠬᠦ ᠶᠢᠨ ᠠᠴᠢ | ᠬᠤᠯᠪᠣᠭᠳᠠᠯ | ︽ᠨᠢᠭᠡ ᠲᠠᠪᠴᠠᠩ᠂ ᠤᠯᠡᠠ ᠠᠷᠭ᠎ᠠ ᠵᠡᠮ᠂ ᠥᠷᠭᠡᠨ ᠢᠶᠠᠷ ᠬᠠᠮᠤᠷᠬᠤ︾ ᠰᠡᠳᠬᠢᠴᠡ ᠶᠣᠰᠣᠭᠠᠷ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠲᠠᠪᠴᠠᠩ ᠢᠶᠠᠷ ᠭᠤᠤᠯ ᠠᠷᠭ᠎ᠠ ᠵᠠᠮ ᠪᠣᠯᠭᠠᠨ᠂ ᠰᠢᠯᠵᠢᠮᠡᠯ | ᠦᠵᠦᠭᠦᠷ ᠤᠨ ᠵᠢᠵᠢᠭ ᠫᠷᠤᠭ᠍ᠷᠠᠮ᠂ ᠸᠢᠴᠠᠲ ᠳᠠᠪᠴᠠᠩ ᠵᠡᠷᠭᠡ ᠣᠯᠠᠨ ᠠᠷᠭ᠎ᠠ ᠵᠠᠮ ᠢᠶᠠᠷ ᠵᠡᠷᠭᠡᠴᠡᠨ ᠣᠷᠣᠰᠢᠭᠰᠠᠨ | ᠨᠢᠭᠡᠳᠦᠯᠲᠡᠶ ᠳᠦᠷᠢᠮᠵᠢᠭᠰᠡᠨ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾ ᠦᠢᠯᠡᠴᠢᠯᠡᠬᠡᠨ ᠤ | ᠰᠢᠰᠲ᠋ᠧᠮᠵᠢ᠂ ᠪᠦᠬᠦ ᠣᠷᠣᠨ ᠤ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠲᠠᠪᠴᠠᠩ ᠢ | ᠪᠠᠶᠢᠭᠤᠯᠬᠤ ᠪᠠᠷ ᠳᠠᠮᠵᠢᠭᠤᠯᠤᠨ᠂ ᠬᠤᠶᠢᠨᠠᠬᠢ ᠰᠠᠭᠤᠷᠢ ᠶᠢᠨ ᠲᠤᠯᠭᠠᠭᠤᠷᠢᠯᠠᠬᠤ ᠴᠢᠳᠠᠪᠤᠷᠢ ᠶᠢ ᠪᠠᠬᠢᠵᠢᠬᠦᠯᠦᠨ᠂ | ᠦᠢᠯᠡᠴᠢᠯᠡᠬᠡᠨ ᠤ ᠡᠬᠢ ᠪᠠᠶᠠᠯᠢᠭ ᠢ ᠭᠦᠨᠵᠡᠭᠡᠶ ᠡᠮᠬᠢᠯᠡᠨ ᠨᠡᠶᠢᠯᠡᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠵᠦᠢᠯᠡᠰ ᠤᠨ ᠰᠢᠯᠵᠢᠮᠡᠯ ᠦᠵᠦᠭᠦᠷ ᠤᠨ ᠬᠦᠢᠴᠡᠳᠬᠡᠵᠦ ᠪᠣᠯᠬᠤᠶᠢᠴᠠ ᠬᠠᠷᠢᠴᠠᠯ ᠢ ᠠᠯᠬᠤᠮ ᠠᠯᠬᠤᠮ ᠢᠶᠠᠷ | ᠳᠡᠭᠡᠭᠰᠢᠯᠡᠬᠦᠯᠦᠨ᠂ ᠡᠮᠦᠨ᠎ᠡ ᠦᠵᠦᠭᠦᠷ ᠤᠨ ᠠᠵᠢᠯ ᠶᠠᠪᠤᠳᠠᠯ ᠬᠦᠢᠴᠡᠳᠬᠡᠬᠦ ᠦᠢᠯᠡᠴᠢᠯᠡᠬᠡᠨ ᠤ ᠴᠢᠳᠠᠪᠤᠷᠢ ᠶᠢ | ᠳᠡᠭᠡᠭᠰᠢᠯᠡᠬᠦᠯᠵᠦ᠂ ᠠᠪᠴᠠᠯᠳᠣᠯ ᠨᠢ ᠨᠠᠩ ᠨᠢᠭᠲᠠ᠂ ︽ᠡᠮᠦᠨ᠎ᠡ ᠦᠵᠦᠭᠦᠷ᠂ ᠳᠤᠮᠳᠠ ᠬᠡᠰᠡᠭ᠂ ᠠᠷᠤ ᠦᠵᠦᠭᠦᠷ︾ | ᠤᠨ ᠦᠢᠯᠡᠴᠢᠯᠡᠭᠡᠨ ᠤ ᠲᠠᠪᠴᠠᠩ ᠢ ᠪᠣᠢ ᠪᠣᠯᠭᠠᠵᠦ᠂ ᠮᠥᠩᠬᠡ ᠰᠤᠪᠠᠭ ᠤᠨ ᠰᠢᠯᠵᠢᠮᠡᠯ ᠦᠵᠦᠭᠦᠷ ᠢ ᠠᠷᠠᠳ | ᠣᠯᠠᠨ ᠤ ︽ᠬᠡᠷᠡᠭᠴᠡᠭᠡ ᠲᠠᠢ᠂ ᠦᠵᠡᠬᠦ ᠳᠤᠷᠠᠲᠠᠶ ᠬᠡᠷᠡᠭᠯᠡᠬᠦ ᠳᠤᠷᠠᠲᠠᠶ᠂ ᠦᠷᠭᠦᠯᠵᠢ ᠦᠵᠡᠵᠦ ᠦᠷᠬᠦᠯᠵᠢ | ᠬᠡᠷᠡᠭᠯᠡᠳᠡᠭ᠂ ᠵᠠᠪᠠᠯ ᠦᠵᠡᠵᠦ ᠵᠠᠪᠠᠯ ᠬᠡᠷᠡᠭᠯᠡᠳᠡᠭ︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠯᠵᠢᠮᠡᠯ | ᠲᠠᠪᠴᠠᠩ ᠪᠣᠯᠭᠠᠨ᠎ᠠ᠃ | ᠳᠥᠷᠪᠡ᠂ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾ ᠶᠢ ᠬᠡᠷᠡᠭᠵᠢᠭᠦᠯᠬᠦ ᠵᠠᠷᠴᠢᠮ | ︵ᠨᠢᠭᠡ︶ ᠨᠢᠭᠡᠳᠦᠯᠲᠡᠶ ᠲᠠᠪᠴᠠᠩ᠃ ᠥᠪᠡᠷᠲᠡᠭᠡᠨ ᠵᠠᠰᠠᠬᠤ ᠣᠷᠣᠨ ᠤ ᠮᠥᠩᠬᠡ ᠰᠤᠪᠠᠭ ᠤᠨ ᠰᠢᠯᠵᠢᠮᠡᠯ | ᠦᠵᠦᠭᠦᠷ ᠤᠨ ᠪᠠᠷᠢᠮᠵᠢᠶ᠎ᠠ ᠶᠢᠨ ᠳᠦᠷᠢᠮᠵᠢᠯ ᠪᠠ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠲᠤᠤᠱᠯᠠᠭᠤᠯᠤᠨ | ᠨᠠᠶᠢᠳᠠᠪᠣᠷᠢᠵᠢᠭᠤᠯᠵᠦ᠂ ᠲᠠᠪᠴᠠᠩ ᠤᠨ ᠠᠮᠤᠷ ᠲᠦᠪᠰᠢᠨ ᠡᠮᠬᠢ ᠵᠢᠷᠤᠮ ᠲᠠᠢ ᠠᠵᠢᠯᠯᠠᠬᠤ ᠶᠢ ᠦᠨᠡᠨᠬᠦ ᠪᠠᠲᠤᠯᠠᠨ᠎ᠠ︔ | ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠴᠢᠩᠭᠠᠳᠬᠠᠵᠤ᠂ ᠲᠡᠦᠬᠡ ᠶᠢᠨ ᠲᠤᠭ᠎ᠠ ᠪᠠᠷᠢᠮᠲᠠ ᠶᠢ ᠬᠤᠷᠠᠮᠳᠤᠭᠤᠯᠬᠤ | ᠪᠠ ᠡᠯᠧᠺᠲᠷᠣᠨ ᠲᠠᠮᠠᠭ᠎ᠠ ᠳᠠᠷᠤᠬᠤ ᠶᠢ ᠪᠥᠬᠦ ᠲᠠᠯ᠎ᠠ ᠪᠠᠷ ᠠᠬᠢᠭᠤᠯᠤᠨ᠂ ᠬᠡᠶᠢᠰᠪᠦᠷᠢ ᠺᠠᠷᠲ ᠤᠨ ᠲᠥᠷᠥᠯ ᠵᠦᠢᠯ ᠢ | ᠪᠠᠶᠠᠯᠢᠭᠵᠢᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠺᠣᠳ᠋ ᠰᠢᠷᠪᠢᠵᠦ ᠭᠡᠷᠡᠴᠢ ᠪᠠᠨ ᠭᠠᠷᠭᠠᠬᠤ ᠶᠢ | ᠪᠦᠲᠦᠮᠵᠢᠲᠡᠶ ᠳᠡᠮᠵᠢᠨ᠎ᠡ᠃ | ︵ᠬᠤᠶᠠᠷ︶ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠰᠢᠯᠵᠢᠮᠡᠯ ᠬᠡᠷᠡᠭᠯᠡᠭᠡᠨ ᠤ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠵᠦ᠂ ᠨᠠᠩ ᠣᠯᠠᠨ ᠥᠨᠳᠥᠷ | ᠳᠠᠪᠲᠠᠮᠵᠢᠲᠤ ᠣᠯᠠᠨ ᠨᠡᠶᠢᠲᠡ ᠶᠢᠨ ᠦᠢᠯᠡᠴᠢᠯᠡᠬᠡᠨ ᠤ ᠵᠦᠢᠯᠡᠰ ᠢ ᠭᠠᠷ ᠣᠳᠠᠰᠣ ᠪᠠᠷ ᠬᠦᠢᠴᠡᠳᠬᠡᠬᠦ ᠶᠢ | ᠠᠬᠢᠭᠤᠯᠤᠨ᠎ᠠ᠃ | ︵ᠭᠤᠷᠪᠠ︶ ᠬᠠᠮᠢᠶᠠᠷᠤᠯᠲᠠ ᠪᠠᠨ ᠴᠢᠩᠭᠠᠳᠬᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠵᠢᠯ | ᠬᠤᠪᠢᠶᠠᠷᠢᠯᠠᠨ ᠬᠠᠷᠢᠭᠤᠴᠠᠭᠰᠠᠨ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠠᠵᠢᠯᠯᠠᠭᠤᠯᠵᠤ ᠪᠠᠲᠤᠯᠠᠬᠤ | ᠰᠢᠰᠲ᠋ᠧᠮᠵᠢ ᠶᠢ ᠪᠦᠷᠢᠯᠳᠦᠭᠦᠯᠵᠦ᠂ ︽ᠲᠤᠷᠰᠢᠨ ᠬᠡᠷᠡᠭᠯᠡᠭᠴᠢ︾᠂ ︽ᠦ ᠡᠷᠢᠬᠦ︾ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠬᠡᠷᠡᠭᠯᠡᠭᠴᠢᠳ ᠤᠨ ᠪᠡᠶᠡᠴᠢᠯᠡᠨ ᠣᠶᠢᠯᠠᠭᠠᠯᠲᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ᠠᠮᠤᠷ | ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠲᠠᠪᠤ᠂ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾ ᠶᠢ ᠬᠡᠷᠡᠭᠵᠢᠭᠦᠯᠬᠦ ᠬᠡᠪᠴᠢᠶ᠎ᠡ | ᠪᠦᠬᠦ ᠠᠶᠢᠮᠠᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠮᠵᠢ ᠶᠢ ᠬᠠᠩᠭᠠᠵᠤ ᠪᠦᠬᠦᠢ | ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠃ ᠡᠯ᠎ᠡ | ᠬᠤᠰᠢᠭᠤ ᠨᠡᠭᠡᠭᠡᠯᠳᠡ ᠶᠢᠨ ᠣᠷᠣᠨ ᠨᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠯᠠᠪᠯᠠᠯᠲᠠ ᠪᠣᠯᠭᠠᠨ ᠲᠣᠭᠲᠠᠭᠠᠨ᠎ᠠ᠃ | ᠵᠢᠷᠭᠤᠭ᠎ᠠ᠂ ︽ᠮᠥᠩᠬᠡ ᠰᠤᠪᠠᠭ ·ᠭᠠᠷ ᠣᠳᠠᠰᠣ ᠪᠠᠷ ᠬᠦᠢᠴᠡᠳᠬᠡᠬᠦ︾ ᠶᠢ ᠬᠡᠷᠡᠭᠵᠢᠭᠦᠯᠬᠦ ᠴᠠᠭ | ᠬᠤᠭᠤᠴᠠᠭ᠎ᠠ | 2021 ᠣᠨ ᠤ 4 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠯᠡᠵᠦ ᠡᠮᠬᠢᠯᠡᠨ ᠳᠢᠭᠯᠡᠬᠦ ᠠᠵᠢᠯ ᠢ | ᠪᠡᠶᠡᠯᠡᠭᠦᠯᠵᠦ᠂ ᠨᠠᠩ ᠣᠯᠠᠨ ᠣᠯᠠᠨ ᠨᠡᠶᠢᠲᠡ ᠶᠢᠨ ᠦᠢᠯᠡᠴᠢᠯᠡᠬᠡᠨ ᠤ ᠵᠦᠢᠯᠡᠰ ᠢ ᠮᠥᠩᠬᠡ ᠰᠤᠪᠠᠭ ᠤᠨ ᠰᠢᠯᠵᠢᠮᠡᠯ | ᠦᠵᠦᠭᠦᠷ ᠲᠤ ᠵᠠᠯᠭᠠᠨ ᠣᠷᠣᠭᠤᠯᠬᠤ ᠶᠢ ᠦᠷᠭᠦᠯᠵᠢᠯᠡᠨ ᠠᠬᠢᠭᠤᠯᠤᠨ᠎ᠠ᠃ | |