︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠳᠤᠮᠳᠠᠳᠤ  ᠤᠯᠤᠰ  ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ︾ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2021/7/20
     ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 15 ᠤ ᠴᠠᠬᠢᠯᠭᠠᠨ ᠮᠡᠳᠡᠭᠡ  7 ᠰᠠᠷ᠎ᠠ ᠶᠢᠨ 16 ᠤ ᠡᠳᠦᠷ ᠬᠡᠪᠯᠡᠭᠳᠡᠭᠰᠡᠨ 14 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ  ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ  ᠤᠨ ᠤᠢ  ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ︾ ᠶᠢ ᠨᠡᠶᠢᠲᠡᠯᠡᠪᠡ᠃      ᠵᠣᠬᠢᠶᠠᠯ ᠳᠤ᠂ ᠥᠩᠭᠡᠷᠡᠭᠰᠡᠨ ᠵᠠᠭᠤᠨ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠳᠡᠭᠡᠨ᠂ ᠲᠡᠦᠬᠡᠨ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ᠤᠳᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠠᠭᠠᠨ ᠮᠤᠷᠳᠠᠯ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠤᠨ ᠤ ᠠᠤᠭ᠎ᠠ ᠦᠢᠯᠡᠰ ᠤᠨ ᠲᠦᠯᠦᠭᠡ ᠵᠣᠷᠢᠭ ᠰᠢᠭᠤᠳᠤᠨ ᠠᠵᠢᠯᠯᠠᠵᠦ ᠪᠤᠢ᠂ ᠵᠠᠭᠤᠨ ᠵᠢᠯ ᠪᠤᠯ ᠶᠠᠬ ᠬᠦᠭᠵᠢᠯ ᠪᠠᠳᠠᠷᠠᠯ ᠲᠠᠢ ᠴᠠᠬ ᠦᠶ᠎ᠡ ᠮᠦᠨ︕ ᠥᠩᠭᠡᠷᠡᠭᠰᠡᠨ ᠢᠶᠠᠨ ᠡᠷᠭᠢᠴᠡᠭᠦᠯᠵᠦ ᠢᠷᠡᠭᠡᠳᠦᠶ ᠪᠠᠨ ᠪᠠᠷᠠᠯᠠᠬᠤᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠲᠠ ᠪᠦᠯᠬᠦᠮᠳᠡᠯ ᠪᠠᠶᠢᠬᠰᠠᠨ ᠬᠤᠶᠢᠨ᠎ᠠ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠯᠠᠪᠲᠠᠶ ᠪᠡᠶᠡᠯᠡᠭᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠯᠠᠪᠲᠠᠶ ᠪᠡᠶᠡᠯᠡᠭᠳᠡᠨ᠎ᠡ︕ ᠭᠡᠵᠤ ᠴᠢᠬᠤᠯᠠᠴᠢᠯᠠᠪᠠ᠃      ᠵᠣᠬᠢᠶᠠᠯ ᠳᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠰᠤᠷᠠᠯᠳᠠ ᠦᠭᠡᠢ ᠴᠢᠷᠮᠠᠶᠢᠨ ᠲᠡᠮᠡᠴᠡᠬᠦ ᠪᠠᠷ ᠲᠠᠮᠵᠢᠵᠦ᠂ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠬᠠᠷᠢᠴᠠᠯᠠᠰᠢ ᠦᠬᠡᠢ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠣᠮᠤᠭ ᠲᠡᠭᠦᠯᠳᠡᠷ ᠤᠷᠤᠭᠰᠢᠯᠠᠵᠤ ᠪᠠᠶᠢᠨ᠎ᠠ ᠭᠡᠵᠤ ᠵᠢᠭᠠᠵᠤ ᠭᠠᠷᠭᠠᠪᠠ᠃      ᠵᠣᠬᠢᠶᠠᠯ ᠳᠤ᠂ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠠᠯᠢᠪᠠ ᠲᠡᠮᠡᠴᠡᠯ᠂ ᠠᠯᠢᠪᠠ ᠦᠷᠡᠭᠳᠡᠯ᠂ ᠠᠯᠢᠪᠠ ᠡᠭᠦᠳᠦᠨ ᠪᠦᠲᠦᠭᠡᠯᠲᠡ ᠶᠢ ᠬᠤᠷᠢᠶᠠᠩᠭᠤᠶᠢᠯᠠᠪᠠᠯ᠄ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ‍ ᠨᠢᠭᠡ ᠭᠤᠣᠯ ᠰᠡᠳᠦᠪ ᠪᠣᠯᠤᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠠᠮᠵᠢᠯᠲᠠ ᠶᠢ ᠡᠭᠦᠳᠴᠦ᠂ ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠴᠦ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠴᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠡᠶᠡᠯᠡᠭᠳᠡᠭᠦ ᠨᠢ ᠰᠦᠷᠦᠰᠢ ᠦᠭᠡᠢ ᠲᠡᠦᠭᠡᠨ ᠤᠷᠤᠰᠬᠠᠯ ᠪᠤᠯᠪᠠ︕ ᠭᠡᠵᠤ ᠲᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠵᠠᠢ ᠭᠡᠵᠤ ᠵᠢᠭᠠᠵᠤ ᠭᠠᠷᠭᠠᠪᠠ᠃      ᠵᠣᠬᠢᠶᠠᠯ ᠳᠤ᠂ ᠵᠠᠭᠤᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠢᠳᠤᠰ ᠳᠤᠮᠳᠠᠳᠤ ᠤᠯᠤᠰ ᠤᠨ ᠡᠪ ᠬᠠᠮᠲᠤ ᠨᠠᠮ ᠢ ᠡᠭᠦᠳᠦᠨ ᠪᠠᠶᠢᠭᠤᠯᠵᠤ᠂ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ ᠰᠠᠬᠢᠬᠤ᠂ ᠤᠭ ᠰᠠᠨᠠᠭ᠎ᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢᠳᠦᠯ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠣᠰᠣᠯᠳᠠᠬᠤ ᠦᠭᠡᠢ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠦᠷᠢᠯᠳᠦᠭᠦᠯᠦᠭᠰᠡᠨ ᠪᠠᠶᠢᠨ᠎ᠠ᠂ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠶᠤᠨ ᠰᠠᠨᠠᠭᠠᠨ ᠤ ᠡᠬᠢ ᠰᠤᠷᠪᠤᠯᠵᠢ ᠮᠥᠨ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠳᠤ ᠬᠤᠭᠤᠴᠠᠭᠠᠨ ᠤ ᠲᠡᠮᠡᠴᠡᠯ ᠤᠨ ᠳᠤᠮᠳᠠ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠴᠠᠳᠢᠭ ᠢ ᠪᠦᠷᠢᠯᠳᠦᠭᠦᠯᠵᠤ᠂ ᠢᠯᠡ ᠲᠣᠳᠣ ᠤᠯᠤᠰ ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠪᠠ᠃ ᠪᠢᠳᠡ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠡᠭᠦᠷᠢᠳᠡ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ︕ ᠭᠡᠵᠦ ᠵᠢᠭᠠᠵᠦ ᠭᠠᠷᠭᠠᠪᠠ᠃      ᠵᠣᠬᠢᠶᠠᠯ ᠳᠤ᠂ ᠲᠡᠦᠬᠡ ᠪᠠᠷ ᠲᠤᠯᠢ ᠪᠣᠯᠭᠠᠪᠠᠯ᠂ ᠲᠦᠷᠦ ᠭᠦᠷᠦᠨ ᠤ ᠮᠠᠨᠳᠤᠯ ᠮᠥᠬᠦᠯ ᠤᠯᠠᠷᠢᠯ ᠰᠤᠯᠢᠬᠳᠠᠯ ᠤᠨ ᠶᠤᠰᠤ ᠶᠢ ᠮᠡᠳᠡᠵᠦ ᠪᠣᠯᠤᠨ᠎ᠠ᠃ ᠪᠢᠳᠡ ᠲᠡᠦᠬᠡ ᠪᠠᠷ ᠤᠳᠤᠬᠢ ᠶᠢ ᠲᠤᠯᠢᠳᠠᠵᠦ᠂ ᠢᠷᠡᠭᠡᠳᠦᠢ ᠶᠢ ᠪᠠᠷᠠᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠢ ᠲᠣᠳᠣᠷᠬᠠᠢ ᠲᠠᠨᠢᠵᠤ᠂ ᠢᠷᠡᠭᠡᠳᠦᠢ ᠳᠤ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ ᠶᠢ ᠲᠣᠳᠣᠷᠬᠠᠢ ᠣᠶᠢᠯᠠᠭᠠᠵᠤ᠂ ᠡᠭᠦᠨ ᠤ ᠤᠯᠠᠮ ᠢᠶᠠᠷ ᠰᠢᠨ᠎ᠡ ᠠᠶᠠᠨ ᠳᠠᠭᠠᠨ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠪᠠᠨ ᠴᠣᠭᠴᠠᠯᠠᠬᠤ ᠬᠡᠷᠡᠭᠲᠡᠢ᠃ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠂ ᠡᠷᠬᠡᠪᠰᠢ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ ᠬᠡᠷᠡᠭᠲᠡᠢ᠂ ᠡᠷᠬᠡᠪᠰᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠂ ᠡᠷᠬᠡᠪᠰᠢ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠬᠦ ᠬᠡᠷᠡᠭᠲᠡᠢ᠂ ᠡᠷᠬᠡᠪᠰᠢ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠂ ᠡᠷᠬᠡᠪᠰᠢ ᠮᠠᠰᠢ ᠤᠯᠠᠨ ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠬᠢᠬᠦ ᠬᠡᠷᠡᠭᠲᠡᠢ᠂ ᠡᠷᠬᠡᠪᠰᠢ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠬᠤ ᠬᠡᠷᠡᠭᠲᠡᠢ᠂ ᠡᠷᠬᠡᠪᠰᠢ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃      ᠵᠣᠬᠢᠶᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠭᠡᠰᠢᠭᠦᠳ ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ ᠤᠯᠠᠨ ᠯᠤᠭ᠎ᠠ ᠶᠢᠨ ᠮᠢᠬ᠎ᠠ ᠴᠢᠰᠤᠨ ᠤ ᠪᠠᠷᠢᠯᠳᠤᠯᠭ᠎ᠠ ᠪᠠᠨ ᠡᠭᠦᠷᠢᠳᠡ ᠪᠠᠳᠤᠯᠠᠵᠦ᠂ ᠢᠮᠠᠭᠲᠠ ᠠᠷᠠᠳ ᠲᠦᠮᠡᠨ ᠲᠠᠢ ᠪᠤᠳᠤᠯ ᠢᠶᠠᠨ ᠨᠢᠭᠡᠳᠬᠡᠵᠦ᠂ ᠬᠦᠴᠦ ᠪᠠᠨ ᠬᠠᠮᠳᠤᠳᠬᠠᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠵᠦ ᠦᠭᠬᠦ ᠪᠠᠷ ᠴᠢᠷᠮᠠᠶᠢᠰᠤᠭᠠᠢ ᠭᠡᠵᠦ ᠤᠷᠢᠶᠠᠯᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号