ᠯᠢ ᠺᠧ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠢᠮᠦᠯᠠᠨ · ᠬᠠᠨ ᠲᠠᠢ ᠤᠲᠠᠰᠤ ᠪᠠᠷ ᠶᠠᠷᠢᠯᠴᠠᠪᠠ | ᠫᠠᠺᠢᠰᠲ᠋ᠠᠨ ᠤ ᠲᠠᠯ᠎ᠠ ᠶᠢᠨ ᠬᠢᠨ ᠫᠠᠺᠢᠰᠲ᠋ᠠᠨ ᠳᠤ ᠪᠠᠶᠢᠭ᠎ᠠ ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ | ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 16 ᠤ | ᠡᠳᠦᠷ ᠤᠨ ᠦᠳᠡ ᠶᠢᠨ ᠡᠮᠦᠨ᠎ᠡ ᠵᠥᠩ ᠨᠠᠨ ᠬᠠᠶ ᠶᠢᠨ ᠽᠢ ᠭᠤᠸᠠᠩ ᠭᠧ ᠳᠤ ᠫᠠᠺᠢᠰᠲ᠋ᠠᠨ ᠤ ᠶᠡᠷᠦᠩᠬᠡᠶ ᠰᠠᠶᠢᠳ ᠢᠮᠦᠯᠠᠨ · | ᠬᠠᠨ ᠲᠠᠢ ᠪᠣᠯᠵᠤᠭ᠎ᠠ ᠶᠣᠰᠣᠭᠠᠷ ᠤᠲᠠᠰᠤ ᠪᠠᠷ ᠶᠠᠷᠢᠯᠴᠠᠪᠠ᠃ | ᠢᠮᠦᠯᠠᠨ · ᠬᠠᠨ ᠶᠠᠭᠤᠨ ᠤ ᠡᠮᠦᠨ᠎ᠡ ᠫᠠᠺᠢᠰᠲ᠋ᠠᠨ ᠤ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠡᠮᠦᠨ᠎ᠡ ᠠᠴᠠ | ᠲᠦᠷᠦᠭᠦᠬᠡᠨ ᠳᠤ ᠫᠠᠺᠢᠰᠲ᠋ᠠᠨ ᠳᠤ ᠰᠦᠷᠳᠡᠭᠦᠯᠦᠯ ᠤᠨ ᠦᠵᠡᠯ ᠤᠨ ᠲᠠᠭᠠᠷᠢᠯᠳᠠ ᠶᠢᠨ ᠬᠡᠷᠡᠭ ᠡᠭᠦᠰᠴᠦ᠂ ᠳᠤᠮᠳᠠᠳᠤ ᠶᠢᠨ | ᠲᠠᠯ᠎ᠠ ᠶᠢᠨ ᠬᠥᠮᠦᠰ ᠬᠦᠨᠳᠦ ᠨᠣᠴᠢᠲᠠᠢ ᠦᠬᠦᠵᠦ ᠰᠢᠷᠬᠠᠳᠤᠭᠰᠠᠨ ᠲᠤᠬᠠᠢ ᠳᠤᠮᠳᠠᠳᠤ ᠤᠯᠤᠰ ᠤᠨ ᠵᠠᠰᠠᠭ ᠤᠨ | ᠣᠷᠳᠣᠨ ᠳᠤ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠷᠬᠡᠶᠢᠯᠡᠵᠦ᠂ ᠠᠳᠡᠭᠰᠡᠳ ᠤᠨ ᠭᠡᠷ | ᠪᠦᠯᠢ ᠶᠢᠨ ᠬᠢᠨ ᠳᠤ ᠭᠦᠨ᠎ᠡ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠭᠰᠡᠨ ᠪᠥᠭᠡᠳ ᠫᠠᠺᠢᠰᠲ᠋ᠠᠨ ᠤ ᠲᠠᠯ᠎ᠠ ᠶᠢᠨ | ᠱᠠᠳᠤᠴᠢ ᠴᠢᠨᠠᠷᠲᠠᠢ ᠪᠠᠶᠢᠴᠠᠭᠠᠯᠲᠠ ᠶᠢᠨ ᠠᠬᠢᠴᠠ ᠪᠣᠯᠤᠨ ᠳᠠᠷᠠᠭᠠᠴᠢ ᠶᠢᠨ ᠶᠠᠪᠤᠳᠠᠯ ᠢ ᠰᠢᠢᠳᠪᠦᠷᠢᠯᠡᠬᠦ ᠠᠵᠢᠯ ᠤᠨ ᠪᠠᠶᠢᠳᠠᠯ ᠢ | ᠵᠠᠷᠯᠠᠨ ᠮᠡᠳᠡᠭᠳᠡᠵᠡᠢ᠃ | ᠯᠢ ᠺᠧ ᠴᠢᠶᠠᠩ ᠫᠠᠺᠢᠰᠲ᠋ᠠᠨ ᠤ ᠲᠠᠯ᠎ᠠ ᠶᠢᠨ ᠬᠢᠨ ᠬᠡᠷᠡᠭ ᠭᠠᠷᠤᠭᠰᠠᠨ ᠤ ᠳᠠᠷᠠᠭ᠎ᠠ ᠲᠡᠷᠡ ᠳᠠᠷᠤᠢ ᠳᠤᠨᠢ | ᠰᠢᠷᠬᠠᠲᠤᠭᠰᠠᠳ ᠢ ᠠᠪᠤᠷᠠᠨ ᠡᠮᠨᠡᠬᠦ ᠪᠠ ᠠᠳᠡᠯ ᠤᠨ ᠪᠠᠶᠢᠴᠠᠭᠠᠯᠲᠠ ᠬᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠯᠢ ᠺᠧ ᠴᠢᠶᠠᠩ ᠴᠢᠬᠤᠯᠠᠴᠢᠯᠠᠬᠤ ᠳᠠᠭᠠᠨ᠂ ᠠᠮᠢ ᠨᠠᠰᠤ ᠠᠯᠢᠪᠠ ᠠᠴᠠ ᠴᠢᠬᠤᠯᠠ᠂ ᠳᠤᠮᠳᠠᠳᠤ ᠤᠯᠤᠰ ᠤᠨ ᠵᠠᠰᠠᠭ ᠤᠨ | ᠣᠷᠳᠣᠨ ᠠᠴᠠ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠪᠣᠯᠤᠨ ᠪᠠᠶᠢᠭᠤᠯᠤᠮᠵᠢ ᠶᠢᠨ ᠠᠮᠤᠷ | ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠣᠳᠣᠬᠠᠨ ᠤ ᠪᠠᠴᠢᠮ ᠡᠭᠦᠷᠭᠡ ᠪᠣᠯ | ᠰᠢᠷᠬᠠᠲᠤᠭᠰᠠᠳ ᠢ ᠪᠦᠬᠦ ᠬᠦᠴᠦᠨ ᠢᠶᠠᠷ ᠠᠪᠤᠷᠠᠨ ᠡᠮᠨᠡᠵᠦ᠂ ᠦᠷᠡᠭᠳᠡᠯ ᠰᠢᠷᠬᠠᠲᠤᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠵᠤ᠂ ᠠᠳᠡᠭᠰᠡᠳ ᠤᠨ ᠬᠤᠵᠢᠮ ᠤᠨ ᠶᠠᠪᠤᠳᠠᠯ ᠢ ᠰᠠᠶᠢᠲᠤᠷ ᠰᠢᠢᠳᠪᠦᠷᠢᠯᠡᠬᠦ ᠶᠠᠪᠤᠳᠠᠯ ᠪᠣᠯᠤᠨ᠎ᠠ᠃ ᠳᠤᠮᠳᠠᠳᠤ ᠶᠢᠨ | ᠲᠠᠯ᠎ᠠ ᠶᠢᠨ ᠠᠵᠢᠯᠯᠠᠬᠤ ᠳᠤᠭᠤᠶᠢᠯᠠᠩ ᠨᠢᠭᠡᠨᠲᠡ ᠫᠠᠺᠢᠰᠲ᠋ᠠᠨ ᠳᠤ ᠬᠦᠷᠴᠡᠢ᠂ ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ | ᠨᠢᠭᠲᠠ ᠬᠠᠮᠵᠢᠯᠴᠠᠵᠤ᠂ ᠫᠠᠺᠢᠰᠲ᠋ᠠᠨ ᠤ ᠲᠠᠯ᠎ᠠ ᠶᠢᠨ ᠬᠢᠨ ᠠᠵᠢᠯᠯᠠᠬᠤ ᠳᠤᠭᠤᠶᠢᠯᠠᠩ ᠳᠤ ᠬᠠᠪᠰᠤᠷᠤᠯᠭ᠎ᠠ ᠬᠠᠩᠭᠠᠵᠤ᠂ | ᠴᠢᠬᠤᠯᠠ ᠪᠦᠬᠦᠢ ᠠᠷᠭ᠎ᠠ ᠬᠡᠮᠵᠢᠶ᠎ᠡ ᠪᠦᠬᠦᠨ ᠢ ᠬᠡᠷᠡᠭᠯᠡᠵᠦ᠂ ᠪᠣᠳᠠᠲᠤ ᠬᠡᠷᠡᠭ ᠤᠨ ᠦᠨᠡᠨ ᠪᠠᠶᠢᠳᠠᠯ ᠢ ᠨᠠᠷᠢᠨ ᠬᠢᠨᠠᠮᠠᠭᠠᠢ᠂ | ᠬᠠᠷᠢᠭᠤᠴᠠᠯᠭ᠎ᠠ ᠲᠠᠢ᠂ ᠣᠨᠣᠪᠴᠢᠲᠠᠢ ᠪᠠᠶᠢᠴᠠᠭᠠᠨ ᠲᠤᠳᠤᠯᠠᠵᠤ᠂ ᠰᠦᠷᠳᠡᠭᠦᠯᠦᠯ ᠤᠨ ᠦᠵᠡᠯ ᠤᠨ ᠲᠠᠭᠠᠷᠢᠯᠳᠠ ᠶᠢᠨ | ᠶᠠᠷᠭᠠᠴᠢᠨ ᠢ ᠡᠷᠬᠡᠪᠰᠢ ᠬᠠᠤᠯᠢ ᠪᠠᠷ ᠰᠢᠳᠬᠡᠬᠦ ᠶᠢ ᠬᠦᠰᠡᠵᠦ ᠪᠠᠶᠢᠨ᠎ᠠ ᠭᠡᠵᠡᠢ᠃ ᠯᠢ ᠺᠧ ᠴᠢᠶᠠᠩ ᠬᠦᠰᠡᠬᠦ ᠳᠡᠭᠡᠨ᠂ | ᠫᠠᠺᠢᠰᠲ᠋ᠠᠨ ᠤ ᠲᠠᠯ᠎ᠠ ᠶᠢᠨ ᠬᠢᠨ ᠦᠨᠡᠨ ᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠫᠠᠺᠢᠰᠲ᠋ᠠᠨ ᠳᠤ ᠪᠠᠶᠢᠭ᠎ᠠ | ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ | ᠡᠶᠢᠮᠦᠷᠬᠦ ᠬᠡᠷᠡᠭ ᠳᠠᠬᠢᠨᠲᠠ ᠭᠠᠷᠬᠤ ᠶᠢ ᠪᠦᠬᠦ ᠬᠦᠴᠦᠨ ᠢᠶᠠᠷ ᠰᠡᠷᠭᠡᠶᠢᠯᠡᠬᠦ ᠬᠡᠷᠡᠭᠲᠡᠢ ᠭᠡᠵᠡᠢ᠃ | ᠯᠢ ᠺᠧ ᠴᠢᠶᠠᠩ ᠵᠢᠭᠠᠬᠤ ᠳᠠᠭᠠᠨ᠂ ᠣᠳᠣᠬᠠᠨ ᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠤ ᠨᠠᠷᠢᠨ | ᠪᠤᠳᠤᠯᠢᠶᠠᠨᠲᠠᠢ ᠪᠥᠭᠡᠳ ᠭᠦᠨᠵᠡᠭᠡᠢ ᠬᠤᠪᠢᠷᠠᠯᠲᠠ ᠭᠠᠷᠴᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ | ᠫᠠᠺᠢᠰᠲ᠋ᠠᠨ ᠤ ᠬᠠᠷᠢᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠪᠢᠳᠡ ᠪᠣᠯ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠮᠥᠨ᠂ ᠳᠤᠷᠠᠲᠠᠶ᠎ᠠ ᠫᠠᠺᠢᠰᠲ᠋ᠠᠨ ᠤ ᠲᠠᠯ᠎ᠠ ᠶᠢᠨ ᠬᠢᠨ ᠲᠠᠢ ᠪᠠᠶᠢᠯᠳᠤᠬᠤ | ᠪᠤᠳᠤᠯᠭ᠎ᠠ ᠶᠢᠨ ᠤᠯᠤᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠭᠠᠵᠠᠷ ᠣᠷᠣᠨ ᠤ ᠡᠩᠬᠡ ᠲᠠᠶᠢᠪᠤᠩ ᠠᠮᠤᠷ ᠲᠦᠪᠰᠢᠨ ᠢ ᠬᠠᠮᠠᠭᠠᠯᠠᠵᠤ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠢᠮᠦ᠋ᠯᠠᠨ · ᠬᠠᠨ ᠢᠯᠡᠷᠬᠡᠶᠢᠯᠡᠬᠦ ᠳᠡᠭᠡᠨ᠂ ᠫᠠᠺᠢᠰᠲ᠋ᠠᠨ ᠤ ᠲᠠᠯ᠎ᠠ ᠶᠢᠨ ᠬᠢᠨ ᠡᠳᠦᠷ ᠰᠥᠨᠢ ᠢᠯᠭᠠᠯ ᠦᠭᠡᠢ ᠪᠥᠬᠦ | ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ ᠵᠠᠰᠠᠵᠤ ᠪᠠᠶᠢᠨ᠎ᠠ᠂ ᠪᠥᠬᠦ ᠬᠦᠴᠦᠨ ᠢᠶᠠᠷ ᠢᠶᠠᠨ ᠬᠡᠷᠡᠭ ᠤᠨ ᠦᠨᠡᠨ | ᠪᠠᠶᠢᠳᠠᠯ ᠢ ᠲᠦᠢᠯᠪᠤᠷᠢᠲᠠᠶ ᠪᠠᠶᠢᠴᠠᠭᠠᠵᠤ᠂ ᠵᠢᠩᠬᠢᠨᠢ ᠶᠠᠷᠭᠠᠴᠢᠨ ᠢ ᠠᠯᠢ ᠲᠦᠷᠭᠡᠨ ᠢᠶᠠᠷ ᠬᠠᠤᠯᠢ ᠪᠠᠷ ᠪᠠᠶᠢᠴᠠᠭᠠᠨ ᠰᠢᠳᠬᠡᠨ᠎ᠡ᠃ | ᠫᠠᠺᠢᠰᠲ᠋ᠠᠨ ᠤ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠠᠵᠢᠯᠯᠠᠬᠤ ᠳᠤᠭᠤᠶᠢᠯᠠᠩ ᠤᠨ ᠠᠵᠢᠯ ᠢᠶᠠᠨ | ᠥᠷᠨᠢᠭᠦᠯᠬᠦ ᠳᠤ ᠬᠠᠪᠰᠤᠷᠤᠨ ᠳᠡᠮᠵᠢᠨ᠎ᠡ ᠭᠡᠵᠡᠢ᠃ | ᠢᠮᠦᠯᠠᠨ · ᠬᠠᠨ ᠴᠢᠬᠤᠯᠠᠴᠢᠯᠠᠬᠤ ᠳᠠᠭᠠᠨ᠂ ᠫᠠᠺᠢᠰᠲ᠋ᠠᠨ ᠤ ᠲᠠᠯ᠎ᠠ ᠶᠢᠨ ᠬᠢᠨ ᠫᠠᠺᠢᠰᠲ᠋ᠠᠨ ᠳᠤ ᠪᠠᠶᠢᠭ᠎ᠠ | ᠳᠤᠮᠳᠠᠳᠤ ᠶᠢᠨ ᠲᠠᠯ᠎ᠠ ᠶᠢᠨ ᠬᠥᠮᠦᠰ ᠪᠣᠯᠤᠨ ᠪᠠᠶᠢᠭᠤᠯᠤᠮᠵᠢ ᠶᠢᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠢᠭᠡᠨᠲᠡ ᠬᠡᠷᠡᠭᠵᠢᠭᠦᠯᠦᠭᠰᠡᠨ ᠪᠥᠭᠡᠳ | ᠦᠷᠭᠦᠯᠵᠢᠯᠡᠨ ᠴᠢᠩᠭᠠᠳᠬᠠᠵᠤ᠂ ᠫᠠᠺᠢᠰᠲ᠋ᠠᠨ ᠳᠤᠮᠳᠠᠳᠤ ᠶᠢᠨ ᠬᠠᠮᠲᠤᠷᠠᠯᠴᠠᠭᠠᠨ ᠤ ᠲᠦᠷᠦᠯ ᠵᠦᠢᠯ ᠤᠨ ᠠᠮᠤᠷ ᠲᠦᠪᠰᠢᠨ | ᠪᠥᠭᠡᠳ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠪᠣᠯᠤᠨ᠎ᠠ ᠭᠡᠵᠦ ᠴᠢᠬᠤᠯᠠᠴᠢᠯᠠᠪᠠ᠃ | ᠡᡁᠧ ᠯᠢ ᠹᠧᠩ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |