ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ ᠲᠥᠷᠥᠯ ᠵᠦᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/7/21
      7 ᠰᠠᠷ᠎ᠠ ᠶᠢᠨ 19 ᠤ ᠡᠳᠦᠷ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ ᠲᠥᠷᠥᠯ ᠵᠦᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ ᠤᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠰᠦᠨ ᠮᠢᠨ᠂ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠠᠵᠤ ᠦᠢᠯᠡᠳᠪᠦᠷᠢ ᠶᠢᠨ ᠲᠤᠷᠰᠢᠯᠲᠠ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠴᠧᠨ ᠰᠢ ᠹᠧᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠴᠢᠨ ᠶᠠᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
      ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ ᠰᠢᠨᠵᠢᠯᠡᠭᠡ ᠮᠡᠷᠭᠡᠵᠢᠯ ᠤᠨ ᠬᠠᠮᠲᠤᠷᠠᠯᠴᠠᠭ᠎ᠠ ᠪᠣᠯᠤᠨ ᠰᠢᠨ᠎ᠡ ᠮᠠᠲ᠋ᠧᠷᠢᠶᠠᠯ ᠢ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠬᠠᠮᠲᠤᠷᠠᠯᠴᠠᠭᠠᠨ ᠤ ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ ᠲᠣᠭᠲᠠᠭᠰᠠᠨ ᠪᠥᠭᠡᠳ ᠶᠠᠷᠢᠯᠴᠠᠨ ᠰᠣᠯᠢᠯᠴᠠᠪᠠ᠃
      ᠴᠢᠨ ᠶᠠᠨ ᠶᠠᠷᠢᠯᠴᠠᠬᠤ ᠬᠤᠷᠠᠯ ᠳᠤ ᠰᠠᠨᠠᠯ ᠢᠶᠠᠨ ᠰᠣᠯᠢᠯᠴᠠᠬᠤ ᠳᠠᠭᠠᠨ᠂ ᠠᠯᠠᠱᠠ ᠠᠶᠢᠮᠠᠭ ᠪᠠᠶᠢᠭᠤᠯᠣᠭᠳᠠᠭᠰᠠᠨ ᠠᠴᠠ ᠨᠠᠰᠢᠬᠢ 40 ᠭᠠᠷᠤᠶ ᠵᠢᠯ ᠤᠨ ᠲᠤᠷᠰᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠪᠣᠯᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠶᠢ ᠢᠮᠠᠭᠲᠠ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠴᠡᠷᠢᠭ ᠲᠡᠶᠢᠨ ᠤ ᠲᠡᠮᠡᠴᠡᠯ ᠤᠨ ᠪᠡᠯᠡᠳᠬᠡᠯ ᠪᠣᠯᠤᠨ ᠴᠡᠷᠢᠭ ᠠᠩᠭᠢ ᠶᠢᠨ ᠲᠡᠶᠢᠨ ᠤ ᠪᠡᠯᠡᠳᠬᠡᠯ᠂ ᠪᠣᠯᠪᠠᠰᠤᠷᠠᠯ ᠵᠢᠴᠢ ᠵᠢᠩᠬᠢᠨᠢᠴᠢᠯᠡᠯᠲᠡ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠭᠤᠯᠵᠤ᠂ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠪᠣᠳᠠᠲᠠᠶ ᠠᠵᠢᠯ ᠬᠢᠵᠦ ᠥᠭᠴᠦ᠂ ︽ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ᠂ ᠴᠡᠷᠢᠭ ᠠᠷᠠᠳ ᠬᠠᠮᠲᠤ ᠪᠠᠷ ᠪᠠᠶᠢᠭᠤᠯᠬᠤ᠂ ᠪᠣᠯᠪᠠᠰᠤᠨ ᠡᠶ᠎ᠡ ᠵᠣᠬᠢᠴᠠᠩᠭᠤᠶ︾ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠵᠡᠶ ᠭᠡᠪᠡ᠃       ᠴᠢᠨ ᠶᠠᠨ ᠠᠴᠠ᠂ ᠬᠤᠶᠠᠷ ᠲᠠᠯ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ ᠨᠡᠩ ᠰᠠᠶᠢᠲᠤᠷ ᠠᠬᠢᠭᠤᠯᠬᠤ ᠶᠢᠨ ᠲᠥᠯᠥᠭᠡ᠂ ᠠᠯᠠᠱᠠ ᠠᠶᠢᠮᠠᠭ ᠲᠥᠪ ᠪᠠ ᠥᠪᠡᠷᠲᠡᠭᠡᠨ ᠵᠠᠰᠠᠬᠤ ᠣᠷᠣᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠲᠤᠬᠠᠢ ᠰᠢᠢᠳᠪᠦᠷᠢᠲᠦ ᠪᠤᠳᠤᠯᠭ᠎ᠠ ᠪᠣᠯᠤᠨ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠷᠢᠨ ᠬᠢᠨᠠᠮᠠᠭᠠᠢ ᠳᠣᠣᠱᠯᠠᠭᠤᠯᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠮᠠᠨ ᠤ ᠠᠶᠢᠮᠠᠭ ᠤᠨ ᠣᠳᠣᠬᠠᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠲᠤᠯᠭᠠᠷᠠᠵᠤ ᠪᠠᠶᠢᠭ᠎ᠠ ᠪᠠᠶᠢᠳᠠᠯ ᠢ ᠣᠨᠣᠪᠴᠢᠲᠠᠢ  ᠡᠵᠡᠮᠰᠢᠵᠦ᠂ ᠴᠡᠷᠢᠭ ᠢᠶᠠᠷ ᠠᠷᠠᠳ ᠢ ᠳᠠᠶᠢᠴᠢᠯᠠᠬᠤ᠂ ᠠᠷᠠᠳ ᠢᠶᠠᠷ ᠴᠡᠷᠢᠭ ᠢ ᠠᠬᠢᠭᠤᠯᠬᠤ᠂ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠲᠦᠷᠦᠯ ᠵᠦᠢᠯ ᠪᠣᠯᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠵᠦ᠂ ᠴᠡᠷᠢᠭ ᠤᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠮᠠᠨ ᠤ ᠠᠶᠢᠮᠠᠭ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠳᠤ ᠰᠠᠭᠤᠷᠢᠯᠠᠵᠤ᠂ ᠳᠡᠭᠡᠳᠦ ᠰᠢᠨ᠎ᠡ ᠮᠡᠷᠭᠡᠵᠢᠯ ᠵᠢᠴᠢ ᠥᠷᠲᠡᠭ ᠤᠨ ᠤᠷᠲᠤᠳᠬᠠᠯ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠬᠤᠳᠠᠯᠳᠤᠭᠠᠨ ᠤ ᠰᠠᠨᠰᠠᠷ ᠠᠶᠠᠯᠠᠯ᠂ ᠮᠡᠳᠡᠭᠡ ᠵᠠᠩᠭᠢ ᠶᠢᠨ ᠠᠮᠤᠷ ᠲᠦᠪᠰᠢᠨ᠂ ᠥᠨᠳᠥᠷ ᠢᠯᠭᠠᠮᠵᠢᠳᠤ ᠳᠣᠬᠢᠭᠤᠷ ᠲᠤᠯᠤᠭᠠᠨ ᠣᠲᠣ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠡᠷᠡᠭᠯᠡᠯᠲᠡ᠂ ᠴᠡᠷᠢᠭ ᠤᠨ ᠠᠵᠤ ᠦᠢᠯᠡᠳᠪᠦᠷᠢ ᠶᠢᠨ ᠵᠡᠪᠰᠡᠭ ᠲᠣᠨᠣᠭᠯᠠᠯ ᠤᠨ ᠰᠣᠷᠢᠯᠲᠠ ᠵᠡᠷᠭᠡ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠭᠤᠤᠯᠯᠠᠬᠤ ᠥᠷᠢᠰᠥᠯᠳᠦᠬᠦ ᠬᠦᠴᠦᠨ ᠲᠠᠢ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠤᠨ ᠳᠣᠭᠳᠠᠯᠴᠠᠭ᠎ᠠ ᠪᠣᠯᠤᠨ ᠠᠵᠤ ᠦᠢᠯᠡᠰ ᠤᠨ ᠳᠦᠪᠯᠡᠷᠡᠯ ᠢ ᠪᠣᠢ ᠪᠣᠯᠭᠠᠬᠤ ᠬᠡᠷᠡᠭᠲᠡᠶ᠃ ︽ᠳᠤᠮᠳᠠᠳᠤ ᠤᠯᠤᠰ · ᠠᠯᠠᠱᠠ ᠶᠢᠨ ᠣᠯᠠᠨ ᠤᠯᠤᠰ ᠤᠨ ᠬᠠᠮᠠᠭᠠᠯᠠᠯᠲᠠ ᠶᠢᠨ ᠠᠵᠢᠯ ᠤᠨ ᠦᠵᠡᠭᠦᠯᠦᠯᠭᠡ︾ ᠶᠢ ᠡᠷᠬᠢᠯᠡᠬᠦ ᠪᠠᠷ ᠢᠳᠡᠪᠬᠢᠲᠡᠢ ᠭᠤᠶᠤᠴᠢᠯᠠᠨ ᠮᠡᠳᠡᠭᠦᠯᠵᠦ᠂ ᠠᠯᠠᠱᠠ ᠠᠶᠢᠮᠠᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢ ᠵᠡᠷᠭᠡᠪᠡᠷ ᠠᠬᠢᠭᠤᠯᠵᠤ᠂ ᠬᠠᠮᠲᠤᠪᠠᠷ ᠬᠥᠭᠵᠢᠬᠦ ᠶᠢ ᠪᠡᠶᠡᠯᠡᠭᠦᠯᠦᠨ᠎ᠡ ᠭᠡᠪᠡ᠃
 
ᠢᠷᠡᠯᠲᠡ᠄ ᠳᠡᠮᠡᠭᠡᠳᠦ ᠨᠣᠳᠤᠭ ᠤᠨ ᠨᠡᠶᠢᠳᠡᠯᠡᠯ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号