ᠡᠨᠧᠷᠭᠢ ᠶᠢᠨ ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ ᠠᠵᠢᠯ ᠤᠨ ᠳᠣᠬᠠᠢ | ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠵᠠᠬᠢᠷᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠡᠨᠧᠷᠭᠢ ᠶᠢᠨ ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ | ᠠᠵᠢᠯ ᠢ ᠦᠨᠡᠨᠬᠦ ᠪᠣᠳᠠᠲᠠᠶ ᠨᠠᠶᠢᠳᠠᠪᠤᠷᠢᠵᠢᠭᠤᠯᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 19 ᠤ ᠡᠳᠦᠷ᠂ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠴᠢᠨ ᠶᠠᠨ ᠡᠨᠧᠷᠭᠢ ᠶᠢᠨ | ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ ᠠᠵᠢᠯ ᠤᠨ ᠠᠬᠢᠭᠤᠯᠬᠤ ᠬᠤᠷᠠᠯ ᠢ | ᠡᠷᠭᠢᠯᠡᠨ ᠬᠤᠷᠠᠯᠳᠤᠭᠤᠯᠵᠤ᠂ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ | ᠶᠢᠨ ᠲᠣᠪᠴᠢᠶ᠎ᠠ᠂ ᠴᠠᠬᠢᠯᠭᠠᠨ ᠦᠢᠯᠡᠰ ᠤᠨ ᠲᠣᠪᠴᠢᠶ᠎ᠠ᠂ ᠠᠯᠠᠱᠠ ᠵᠡᠭᠦᠨ ᠬᠤᠰᠢᠭᠤ᠂ ᠠᠯᠠᠱᠠ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠬᠤᠶᠠᠷᠬᠤᠳᠳᠤᠭ ᠤᠨ ᠬᠦᠳᠡᠭᠡ ᠠᠮᠢ ᠠᠬᠤᠶ | ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠬᠤᠪᠢᠳᠠᠨ ᠠᠪᠴᠦ ᠬᠠᠮᠢᠶᠠᠷᠴᠦ ᠪᠠᠶᠢᠭ᠎ᠠ ᠤᠳᠤᠷᠢᠳᠤᠯᠭ᠎ᠠ | ᠬᠤᠷᠠᠯ ᠳᠤ ᠣᠷᠣᠯᠴᠠᠪᠠ᠃ | ᠬᠤᠷᠠᠯ ᠳᠤ᠂ ᠡᠯ᠎ᠡ ᠰᠠᠯᠠᠭ᠎ᠠ ᠮᠥᠴᠢᠷ ᠵᠢᠴᠢ ᠡᠯ᠎ᠡ ᠬᠤᠰᠢᠭᠤ ᠨᠡᠭᠡᠭᠡᠯᠳᠡ ᠶᠢᠨ ᠣᠷᠣᠨ ᠨᠢ ᠳᠡᠭᠡᠷ᠎ᠡ ᠬᠠᠭᠠᠰ | ᠵᠢᠯ ᠤᠨ ᠡᠨᠧᠷᠭᠢ ᠶᠢᠨ ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ ᠠᠵᠢᠯ ᠢ | ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ | ᠲᠣᠬᠢᠷᠠᠭᠤᠯᠤᠯᠲᠠ ᠪᠠᠨ ᠲᠣᠰ ᠲᠣᠰ ᠬᠠᠷᠢᠭᠤ ᠮᠡᠳᠡᠭᠦᠯᠪᠡ᠃ ᠠᠶᠢᠮᠠᠭ ᠤᠨ ᠳᠡᠳ᠋ ᠳᠠᠷᠤᠭ᠎ᠠ ᠴᠢᠨ ᠶᠠᠨ | ᠲᠠᠷᠠᠭᠠᠴᠢ ᠶᠢᠨ ᠠᠯᠬᠤᠮ ᠤᠨ ᠡᠨᠧᠷᠭᠢ ᠶᠢᠨ ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ | ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠣᠳᠠᠲᠠᠶ ᠱᠠᠭᠠᠷᠳᠠᠯᠭ᠎ᠠ ᠳᠤᠷᠠᠳᠪᠠ᠃ | ᠬᠤᠷᠠᠯ ᠠᠴᠠ᠂ ᠡᠨᠧᠷᠭᠢ ᠶᠢᠨ ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ ᠪᠣᠯ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ | ᠴᠢᠬᠤᠯᠠ ᠠᠷᠭ᠎ᠠ ᠬᠡᠮᠵᠢᠶ᠎ᠡ ᠮᠥᠨ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠶᠢᠨ | ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ ᠬᠦᠢᠴᠡᠳᠬᠡᠯ ᠲᠤᠭ᠎ᠠ ᠪᠣᠯ ᠮᠠᠨ ᠤ | ᠠᠶᠢᠮᠠᠭ ᠤᠨ ᠡᠷᠬᠡᠪᠰᠢ ᠪᠡᠶᠡᠯᠡᠭᠦᠯᠬᠦ ᠤᠯᠤᠰ ᠲᠥᠷᠥ ᠶᠢᠨ ᠡᠭᠦᠷᠭᠡ ᠪᠣᠯᠤᠨ᠎ᠠ᠃ ᠡᠯ᠎ᠡ ᠬᠤᠰᠢᠭᠤ ᠨᠡᠭᠡᠭᠡᠯᠳᠡ ᠶᠢᠨ | ᠣᠷᠣᠨ ᠡᠯ᠎ᠡ ᠰᠠᠯᠠᠭ᠎ᠠ ᠮᠥᠴᠢᠷ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠨᠧᠷᠭᠢ ᠶᠢᠨ | ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ | ᠴᠢᠨᠠᠷ ᠢ ᠭᠦᠢᠴᠡᠳ ᠲᠠᠨᠢᠵᠤ᠂ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠮᠠᠨ ᠤ ᠠᠶᠢᠮᠠᠭ ᠤᠨ | ᠡᠨᠧᠷᠭᠢ ᠶᠢᠨ ᠬᠤᠷᠣᠭᠳᠠᠯ ᠤᠨ ᠲᠥᠰᠦᠪ ᠤᠨ ᠬᠠᠮᠢᠶᠠᠷᠤᠯᠲᠠ ᠶᠢᠨ ᠲᠥᠰᠦᠯ ᠢᠶᠠᠨ ᠲᠡᠭᠦᠯᠳᠡᠷᠵᠢᠭᠦᠯᠵᠦ᠂ ᠡᠨᠧᠷᠭᠢ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠪᠣᠳᠠᠲᠠᠶ ᠠᠭᠤᠯᠭ᠎ᠠ᠂ ᠥᠭᠡᠷᠡᠴᠢᠯᠡᠬᠦ ᠴᠠᠭ | ᠵᠢᠴᠢ ᠡᠨᠧᠷᠭᠢ ᠠᠷᠪᠢᠯᠠᠬᠤ ᠬᠡᠮᠵᠢᠶ᠎ᠡ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠲᠣᠳᠣᠷᠬᠠᠶᠢᠯᠠᠵᠤ᠂ ᠪᠦᠲᠦᠮᠵᠢᠲᠡᠶ | ᠬᠡᠷᠡᠭᠵᠢᠭᠦᠯᠵᠦ ᠪᠣᠯᠬᠤᠶᠢᠴᠠ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠷᠭ᠎ᠠ ᠬᠡᠮᠵᠢᠶ᠎ᠡ ᠠᠪᠴᠤ᠂ ᠣᠨ ᠤ | ᠡᠨᠧᠷᠭᠢ ᠶᠢᠨ ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ ᠬᠠᠷᠠᠯᠲᠠ ᠡᠭᠦᠷᠭᠡ ᠶᠢ ᠪᠥᠬᠦ | ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ |