ᠠᠯᠠᠱᠠ ᠶᠢᠨ 12 — 17 ᠨᠠᠰᠤᠨ ᠤ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ  ᠸᠠᠺᠼᠢᠨ ᠤ ᠲᠠᠷᠢᠯᠭ᠎ᠠ ᠳᠠᠷᠢᠬᠤ ᠴᠠᠭ ᠢ ᠲᠣᠭᠲᠠᠭᠠᠪᠠ
ᠨᠡᠶᠢᠲᠡᠯᠡᠭᠰᠡᠨ ᠴᠠᠭ᠄
2021/7/21
     ᠮᠠᠨ ᠤ ᠠᠶᠢᠮᠠᠭ 12 — 17 ᠨᠠᠰᠤᠨ ᠤ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠳᠠᠷᠢᠬᠤ ᠠᠵᠢᠯ ᠢᠶᠠᠨ ᠡᠬᠢᠯᠡᠬᠦᠯᠪᠠ᠃      ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢ ᠰᠢᠨ ᠶᠤᠸᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ 7 ᠰᠠᠷ᠎ᠠ ᠶᠢᠨ 19 ᠤ ᠡᠳᠦᠷ ᠤᠨ ᠲᠡᠭ ᠴᠠᠭ ᠪᠣᠯᠲᠠᠯ᠎ᠠ᠂ ᠮᠠᠨ ᠤ ᠠᠶᠢᠮᠠᠭ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠨᠡᠶᠢᠲᠡ 25.32 ᠲᠦᠮᠡᠨ ᠤᠳᠠᠭ᠎ᠠ ᠳᠠᠷᠢᠪᠠ᠂ ᠡᠭᠦᠨ ᠳᠤ 10 ᠲᠦᠮᠡᠨ ᠬᠥᠮᠦᠨ ᠨᠢᠭᠡᠨᠲᠡ ᠬᠤᠶᠡᠳᠡᠬᠢ ᠤᠳᠠᠭ᠎ᠠ ᠪᠠᠨ ᠳᠠᠷᠢᠭᠰᠠᠨ ᠪᠠᠶᠢᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2021 ᠣᠨ ᠤ 7 ᠰᠠᠷ᠎ᠠ ᠶᠢᠨ 19 ᠤ ᠡᠳᠦᠷ ᠠᠴᠠ ᠡᠬᠢᠯᠡᠨ᠂ ᠮᠠᠨ ᠤ ᠠᠶᠢᠮᠠᠭ 12 — 17 ᠪᠦᠬᠦᠯᠢ ᠨᠠᠰᠤᠨ ᠤ ᠬᠥᠮᠦᠰ ᠤᠨ ᠸᠠᠺᠼᠢᠨ ᠢ ᠦᠨ᠎ᠡ ᠲᠥᠯᠥᠪᠦᠷᠢ ᠥᠬᠡᠶ ᠪᠠᠷ ᠳᠠᠷᠢᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠠᠢ᠃ ︽ᠵᠣᠬᠢᠬᠤ ᠨᠠᠰᠤᠨ ᠤ ᠴᠡᠭᠡᠷ ᠥᠬᠡᠶ ᠬᠥᠮᠦᠰ ᠢ ᠪᠦᠬᠦᠨ ᠢ ᠭᠥᠯᠢᠶᠡᠨ ᠠᠪᠬᠤ︾ ᠵᠠᠷᠴᠢᠮ ᠪᠠ ︽ᠨᠠᠰᠤ ᠵᠢᠯ ᠬᠤᠪᠢᠶᠠᠨ ᠠᠮᠤᠷ ᠲᠦᠪᠰᠢᠨ ᠯᠠᠪᠳᠠᠭᠤᠨ ᠢᠶᠠᠷ ᠠᠬᠢᠭᠤᠯᠬᠤ︾ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 7 ᠰᠠᠷ᠎ᠠ ᠳᠤ᠂ 15 — 17 ᠪᠦᠬᠦᠯᠢ ᠨᠠᠰᠤᠨ ᠤ ᠬᠥᠮᠦᠰ ᠲᠤ ᠨᠢᠭᠡᠳᠦᠭᠡᠷ ᠤᠳᠠᠭᠠᠨ ᠤ ᠸᠠᠺᠼᠢᠨ ᠢ ᠲᠥᠪᠯᠡᠷᠡᠭᠦᠯᠦᠨ ᠳᠠᠷᠢᠨ᠎ᠠ︔ 8 ᠰᠠᠷ᠎ᠠ ᠳᠤ᠂ 15 — 17 ᠪᠦᠬᠦᠯᠢ ᠨᠠᠰᠤᠨ ᠤ ᠬᠥᠮᠦᠰ ᠤᠨ ᠬᠤᠶᠠᠳᠤᠭᠠᠷ ᠤᠳᠠᠭᠠᠨ ᠤ ᠸᠠᠺᠼᠢᠨ ᠢ ᠲᠥᠪᠯᠡᠷᠡᠭᠦᠯᠦᠨ ᠳᠠᠷᠢᠬᠤ ᠶᠢ ᠪᠡᠶᠡᠯᠡᠬᠦᠯᠦᠨ᠎ᠠ᠃ ᠡᠭᠦᠨ ᠤ ᠬᠠᠮᠲᠤ᠂ 12 — 14 ᠪᠦᠬᠦᠯᠢ ᠨᠠᠰᠤᠨ ᠤ ᠬᠥᠮᠦᠰ ᠲᠤ ᠠᠩᠬᠠᠳᠠᠭᠴᠢ ᠸᠠᠺᠼᠢᠨ ᠢ ᠲᠥᠪᠯᠡᠷᠡᠭᠦᠯᠦᠨ ᠳᠠᠷᠢᠨ᠎ᠠ︔ 9 ᠰᠠᠷ᠎ᠠ ᠳᠤ᠂ 12 — 14 ᠪᠦᠬᠦᠯᠢ ᠨᠠᠰᠤᠨ ᠤ ᠬᠥᠮᠦᠰ ᠤᠨ ᠬᠤᠶᠠᠳᠤᠭᠠᠷ ᠤᠳᠠᠭᠠᠨ ᠤ ᠸᠠᠺᠼᠢᠨ ᠢ ᠲᠥᠪᠯᠡᠷᠡᠭᠦᠯᠦᠨ ᠳᠠᠷᠢᠨ᠎ᠠ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠠᠴᠠ ᠮᠠᠨ ᠤ ᠠᠶᠢᠮᠠᠭ ᠲᠤ ᠲᠣᠬᠢᠷᠠᠭᠤᠯᠵᠤ ᠥᠭᠭᠦᠭᠰᠡᠨ ᠸᠠᠺᠼᠢᠨ ᠪᠣᠯ ᠮᠥᠨ ᠬᠦ ᠬᠤᠶᠠᠷ ᠤᠳᠠᠭ᠎ᠠ ᠲᠠᠷᠢᠯᠭ᠎ᠠ ᠬᠢᠬᠦ ᠸᠠᠺᠼᠢᠨ ᠪᠣᠯᠤᠨ᠎ᠠ᠃ ᠸᠠᠺᠼᠢᠨ ᠤ ᠲᠠᠷᠢᠯᠭ᠎ᠠ ᠶᠢᠨ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠪᠥᠬᠦ ᠠᠶᠢᠮᠠᠭ ᠤᠨ ᠡᠯ᠎ᠡ ᠸᠠᠺᠼᠢᠨ ᠤ ᠲᠠᠷᠢᠯᠭ᠎ᠠ ᠳᠠᠷᠢᠬᠤ ᠴᠡᠭ ᠲᠤ ᠸᠠᠺᠼᠢᠨ ᠢ ᠨᠢᠭᠡᠨᠲᠡ ᠤᠷᠢᠳᠴᠢᠯᠠᠨ ᠭᠦᠢᠴᠡᠳ ᠪᠡᠯᠡᠳᠬᠡᠵᠡᠢ᠃ 12 — 17 ᠪᠦᠬᠦᠯᠢ ᠨᠠᠰᠤᠨ ᠤ ᠬᠥᠮᠦᠰ ᠬᠡᠷ ᠤᠨ ᠠᠬᠠᠮᠠᠳ ᠲᠠᠢ ᠪᠠᠨ ᠬᠠᠮᠳᠤ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ ᠢᠶᠠᠨ ᠠᠪᠴᠤ᠂ ᠳᠤᠭᠳᠠᠭᠰᠠᠨ ᠬᠤᠭᠤᠴᠠᠭᠠᠨ ᠳᠤ ᠣᠶᠢᠷ᠎ᠠ ᠬᠠᠪᠢ ᠶᠢᠨ ᠸᠠᠺᠼᠢᠨ ᠤ ᠲᠠᠷᠢᠯᠭ᠎ᠠ ᠳᠠᠷᠢᠬᠤ ᠴᠡᠭ ᠲᠤ ᠬᠦᠷᠴᠦ ᠲᠠᠷᠢᠯᠭ᠎ᠠ ᠳᠠᠷᠢᠭᠠᠷᠠᠢ ᠬᠡᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号