ᠪᠠᠶᠠᠨᠳᠤᠤᠷᠠᠢ ᠰᠤᠮᠤ ︽ᠴᠤᠭᠯᠠᠭ᠎ᠠ ᠮᠠᠶᠢᠮᠠᠶ︾ ᠪᠠᠷ ᠠᠴᠢᠶᠠᠯᠠᠪᠤᠷᠢ ᠪᠣᠯᠭᠠᠵᠤ ᠤᠯᠠᠨ ᠲᠦᠮᠡᠨ ᠤ  ᠣᠷᠣᠯᠭ᠎ᠠ ᠶᠢ ᠨᠡᠮᠡᠭᠳᠡᠭᠦᠯᠬᠦ ᠰᠢᠨ᠎ᠡ ᠬᠠᠭᠤᠳᠠᠰᠤ ᠶᠢ ᠪᠢᠴᠢᠭᠯᠡᠨ᠎ᠠ
ᠨᠡᠶᠢᠲᠡᠯᠡᠭᠰᠡᠨ ᠴᠠᠭ᠄
2021/7/22
     ᠤᠢᠢᠷ᠎ᠠ ᠶᠢᠨ ᠡᠳᠦᠷ᠂ ᠡᠵᠡᠨ᠎ᠡ ᠬᠤᠰᠢᠭᠤᠨ ᠤ ᠪᠠᠶᠠᠨᠲᠣᠣᠷᠠᠢ ᠰᠤᠮᠤᠨ ᠤ ᠤᠡᠭᠭᠤᠴᠠ ᠶᠢᠨ ᠲᠤᠤᠷᠡᠢ ᠭᠠᠴᠠᠭᠠᠨ ᠳᠤ ︽ᠬᠥᠳᠡᠭᠡ ᠲᠣᠰᠬᠤᠨ ᠤ ᠵᠠᠬ᠎ᠠ ᠳᠡᠯᠭᠡᠭᠦᠷ ᠢ ᠪᠠᠶᠠᠯᠢᠠᠠᠵᠢᠭᠤᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠢᠴᠢ ᠪᠠᠶᠠᠨᠲᠣᠣᠷᠠᠢ ᠰᠤᠮᠤᠨ ᠤ ᠳᠥᠷᠪᠡᠳᠦᠭᠡᠷ ᠬᠤᠭᠤᠴᠠᠭᠠᠨ ᠤ ᠠᠩᠬᠠᠳᠠᠭᠴᠢ ᠴᠤᠭᠯᠠᠭ᠎ᠠ ᠮᠠᠶᠢᠮᠠᠢ ᠶᠢᠨ ᠡᠳᠦᠷ︾ ᠤᠨ ᠠᠵᠢᠯᠯᠠᠭ᠎ᠠ ᠶᠠᠪᠤᠭᠳᠠᠵᠦ᠂ ᠬᠤᠳᠠ ᠪᠠᠯᠭᠠᠰᠤᠨ ᠤ ᠮᠠᠰᠢ ᠤᠯᠠᠨ ᠰᠠᠭᠤᠭᠠᠯᠢ ᠠᠷᠠᠳ ᠪᠣᠯᠤᠨ ᠭᠠᠳᠠᠨᠡᠬᠢ ᠶᠢᠨ ᠲᠤᠭᠤᠷᠢᠨ ᠵᠤᠭᠠᠴᠠᠭᠰᠠᠳ ᠤᠨ ᠰᠤᠨᠢᠷᠬᠠᠯ ᠢ ᠲᠠᠳᠠᠭᠰᠠᠨ ᠪᠠᠶᠢᠨ᠎ᠠ᠃      ᠥᠷᠯᠥᠭᠡ ᠡᠷᠲᠡ ᠵᠠᠬ᠎ᠠ ᠳᠤ ᠨᠢᠭᠡᠨᠲᠡ ᠬᠥᠮᠦᠨ ᠬᠠᠷ᠎ᠠ ᠬᠤᠷᠡᠵᠦ᠂ ᠬᠥᠷ ᠨᠠᠷᠭᠢᠶᠠᠨ ᠢᠶᠠᠷ ᠪᠢᠯᠬᠠᠵᠠᠢ᠃ ᠳ᠋ᠦᠩᠹᠧᠩ ᠪᠠᠯᠭᠠᠰᠤᠨ ᠤ ᠮᠠᠯᠴᠢᠨ ᠥᠨᠢᠷ ᠢᠷᠡᠭᠰᠡᠨ ᠵᠣᠴᠢᠳ ᠲᠠᠭᠠᠨ ᠪᠢᠰᠢᠯᠠᠭ ᠪᠣᠯᠤᠨ ᠢᠡᠭᠬᠡᠨ ᠰᠦᠨ ᠰᠢᠬᠢᠷ ᠢᠶᠠᠨ ᠲᠠᠨᠢᠯᠴᠠᠭᠤᠯᠵᠤ ᠪᠠᠶᠢᠯ᠎ᠠ᠃ ᠲᠡᠬᠦᠨ ᠤ ᠲᠠᠨᠢᠯᠴᠠᠭᠤᠯᠬᠤ ᠪᠠᠷ᠂ ᠡᠨᠡ ᠪᠣᠯ ᠲᠡᠬᠦᠨ ᠤ ᠴᠤᠭᠯᠠᠭ᠎ᠠ ᠮᠠᠶᠢᠮᠠᠶ ᠳᠤ ᠣᠷᠣᠯᠴᠠᠵᠤ ᠪᠠᠶᠢᠭ᠎ᠠ ᠭᠤᠷᠪᠠᠳᠠᠬᠢ ᠤᠳᠠᠭ᠎ᠠ ᠮᠥᠨ᠂ ᠤᠳᠠᠭ᠎ᠠ ᠪᠦᠷᠢ ᠥᠪᠡᠷ ᠤᠨ ᠪᠤᠯᠪᠠᠰᠤᠷᠠᠭᠤᠯᠤᠭᠰᠠᠨ ᠢᠡᠭᠬᠡᠨ ᠰᠦ ᠵᠡᠷᠭᠡ ᠴᠠᠭᠠᠨ ᠢᠳᠡᠭᠡ ᠪᠠᠨ ᠪᠤᠷᠤᠯᠠᠭᠤᠯᠤᠭᠠᠳ ᠡᠳᠦᠷ ᠤᠨ ᠤᠷᠤᠯᠭ᠎ᠠ ᠨᠢ ᠪᠠᠷᠤᠭ 3000 — 4000 ᠲᠦᠬᠦᠷᠢᠭ ᠲᠤ ᠬᠦᠷᠴᠦ ᠪᠤᠢ ᠬᠡᠨ᠎ᠠ᠃      ᠲᠣᠰ ᠤᠳᠠᠭᠠᠨ ᠤ ᠠᠵᠢᠯᠯᠠᠭ᠎ᠠ ᠳᠤ ︽ᠭᠤᠷᠪᠠᠨ ᠠᠷᠪᠢᠨ᠂ ᠨᠢᠭᠡ ᠥᠨᠳᠥᠷ︾ ᠤᠨ ᠪᠠᠶᠢᠳᠠᠯ ᠢᠯᠡᠷᠡᠵᠠᠢ᠃ ᠲᠠᠷᠤᠢ᠄ ᠬᠤᠳᠠᠯᠳᠤᠭᠠᠨ ᠤ ᠣᠷᠣ ᠶᠢᠨ ᠲᠤᠭ᠎ᠠ ᠨᠢ ᠬᠠᠮᠤᠭ ᠤᠨ ᠠᠷᠪᠢᠨ — ᠴᠤᠭᠯᠠᠭ᠎ᠠ ᠮᠠᠶᠢᠮᠠᠶ ᠳᠤ ᠨᠡᠶᠢᠲᠡ 60 ᠭᠠᠷᠤᠶ ᠪᠠᠶᠢᠷᠢ ᠲᠤᠬᠢᠷᠠᠭᠤᠯᠵᠦ᠂ ᠡᠭᠦᠨ ᠳᠤ ᠵᠢᠮᠢᠰ ᠨᠣᠭᠤᠭ᠎ᠠ ᠶᠢᠨ 17 ᠪᠠᠶᠢᠷᠢ᠂ ᠤᠨᠴᠠᠯᠢᠭᠳᠤ ᠴᠠᠭᠠᠨ ᠢᠳᠡᠭᠡᠨ ᠤ 10 ᠪᠠᠶᠢᠷᠢ᠂ ᠤᠨᠴᠠᠯᠢᠭᠳᠤ ᠰᠤᠯᠠ ᠢᠳᠡᠭᠡᠨ ᠤ 10 ᠪᠠᠶᠢᠷᠢ᠂ ᠬᠡᠷ ᠤᠨ ᠲᠡᠵᠢᠭᠡᠪᠦᠷᠢ ᠠᠮᠢᠳᠠᠨ ᠤ ᠮᠢᠬᠠᠨ ᠤ 8 ᠪᠠᠶᠢᠷᠢ᠂ ᠭᠠᠷ ᠤᠷᠠᠯᠠᠯ ᠤᠨ ᠪᠦᠲᠦᠭᠡᠭᠳᠡᠬᠦᠨ ᠪᠤᠯᠤᠨ ᠡᠳᠦᠷ ᠲᠤᠲᠤᠮ ᠤᠨ ᠬᠡᠷᠡᠭᠯᠡᠭᠡᠨ ᠤ 6 ᠪᠠᠶᠢᠷᠢ᠂ ᠪᠤᠰᠤᠳ ᠲᠦᠷᠦᠯ ᠤᠨ ᠵᠢᠵᠢᠭ ᠪᠠᠷᠠᠭ᠎ᠠ ᠲᠠᠸᠡᠷ ᠤᠨ 13 ᠪᠠᠶᠢᠷᠢ ᠪᠠᠭᠳᠠᠵᠦ ᠪᠤᠢ᠃ ᠲᠠᠸᠠᠷ ᠤᠨ ᠲᠥᠷᠥᠯ ᠵᠦᠢᠯ ᠨᠢ ᠬᠠᠮᠤᠭ ᠤᠨ ᠠᠷᠪᠢᠨ — ᠬᠠᠴᠢᠨ ᠴᠢᠯᠠᠭᠤ᠂ ᠰᠢᠨ᠎ᠡ ᠰᠣᠷᠭᠤᠭ ᠢᠳᠡᠰᠢᠨ ᠨᠣᠭᠤᠭ᠎ᠠ ᠵᠢᠮᠢᠰ᠂ ᠴᠠᠭᠠᠨ ᠢᠳᠡᠭᠡ᠂ ᠭᠠᠷ ᠤᠷᠠᠯᠠᠯ ᠤᠨ ᠪᠦᠲᠦᠭᠡᠭᠳᠡᠬᠦᠨ᠂ ᠰᠢᠨ᠎ᠡ ᠰᠣᠷᠭᠤᠭ ᠦᠬᠡᠷ ᠬᠤᠨᠢ ᠭᠠᠭ᠋ᠠᠶ ᠪᠠ ᠵᠢᠭᠠᠰᠦᠨ ᠤ ᠮᠢᠬ᠎ᠠ᠂ ᠡᠯ᠎ᠡ ᠵᠦᠢᠯ ᠤᠨ ᠬᠡᠦᠬᠡᠳ ᠤᠨ ᠲᠤᠭᠯᠠᠭᠠᠮ᠂ ᠤᠷᠠᠨ ᠵᠢᠷᠤᠭ ᠤᠨ ᠨᠣᠮ ᠵᠡᠷᠭᠡ ᠪᠣᠶ᠃ ᠴᠤᠭᠯᠠᠭᠠᠨ ᠳᠤ ᠣᠴᠢᠬᠰᠠᠨ ᠬᠥᠮᠦᠨ ᠤ ᠲᠤᠭ᠎ᠠ ᠨᠢ ᠬᠠᠮᠤᠭ ᠤᠨ ᠠᠷᠪᠢᠨ — ᠲᠣᠰ ᠤᠳᠠᠭᠠᠨ ᠤ ᠴᠤᠭᠯᠠᠭᠠᠨ ᠳᠤ ᠡᠷᠬᠢᠨ ᠲᠣᠭᠤᠷᠢᠨ ᠤ ᠰᠤᠮᠤ ᠪᠠᠯᠭᠠᠰᠤᠨ ᠤ ᠮᠠᠯᠴᠢᠨ ᠲᠠᠷᠢᠶᠠᠴᠢᠨ᠂ ᠰᠠᠭᠤᠭᠠᠯᠢ ᠠᠷᠠᠳ᠂ ᠭᠠᠳᠠᠷ ᠣᠷᠣᠨ ᠤ ᠵᠤᠭᠠᠴᠠᠭᠰᠠᠳ ᠵᠡᠷᠭᠡ 4000 ᠭᠠᠷᠤᠶ ᠬᠥᠮᠦᠨ ᠣᠷᠣᠯᠴᠠᠵᠠᠶ᠃ ᠪᠣᠷᠣᠯᠠᠭᠤᠯᠭ᠎ᠠ ᠶᠢᠨ ᠨᠣᠷᠮ᠎ᠠ ᠨᠢ ᠬᠠᠮᠤᠭ ᠤᠨ ᠥᠨᠳᠥᠷ — ᠵᠥᠪᠬᠡᠨ 4 ᠴᠠᠭ ᠤᠨ ᠲᠤᠳᠤᠷ᠎ᠠ ᠨᠠᠶᠢᠳᠠ 18 ᠲᠦᠮᠡᠨ ᠲᠥᠭᠦᠷᠢᠭ ᠤᠨ ᠦᠷᠳᠡᠭ ᠪᠦᠬᠦᠢ ᠪᠠᠷᠠᠭ᠎ᠠ ᠲᠠᠸᠡᠷ ᠢ ᠪᠤᠷᠤᠯᠠᠭᠤᠯᠤᠭᠰᠠᠨ ᠪᠠᠶᠢᠨ᠎ᠠ᠃      ᠪᠠᠶᠠᠨᠲᠤᠤᠷᠠᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠶᠢᠨ ᠨᠠ᠂ ᠴᠤᠭᠯᠠᠭ᠎ᠠ ᠮᠠᠶᠢᠮᠠᠢ ᠨᠢ ᠨᠢᠬᠡᠨᠳᠠ ᠮᠠᠨ ᠤ ᠰᠤᠮᠤᠨ ᠤ ᠨᠢᠬᠡᠨ ᠬᠢᠯᠪᠠᠭᠠᠲᠦ ᠴᠡᠭ ᠪᠤᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠠ ᠠᠷᠭ᠎ᠠ ᠵᠠᠮ ᠪᠤᠯᠵᠠᠢ ᠬᠡᠵᠦ ᠪᠠᠶᠢᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠪᠠᠶᠠᠨᠲᠤᠤᠷᠠᠢ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷᠠᠴᠤᠳ ᠠᠷᠢᠭᠤᠨ ᠴᠡᠪᠡᠷ ᠢ  ᠪᠠᠳᠣᠯᠠᠬᠤ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠠᠮᠤᠷ ᠢ ᠬᠠᠮᠠᠭᠠᠯᠠᠵᠦ ᠪᠠᠶᠢᠴᠠᠭᠠᠬᠤ ᠵᠢᠴᠢ ᠬᠥᠲᠥᠯᠥᠨ ᠵᠢᠯᠣᠭᠤᠳᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢᠨ ᠬᠠᠮᠲᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠳᠤᠯᠠᠬᠤ᠂ ᠲᠡᠮᠦᠷ ᠵᠠᠮ ᠢ ᠬᠠᠮᠠᠭᠠᠯᠠᠬᠤ᠂ ᠭᠠᠵᠢᠭᠤ ᠨᠣᠮᠯᠠᠯ ᠢ ᠡᠰᠡᠷᠭᠦᠴᠡᠬᠦ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠦᠨᠳᠦᠰᠦᠲᠡᠨ ᠤ ᠪᠦᠯᠬᠦᠮᠳᠡᠯ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠲᠠᠯ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ 1000 ᠭᠠᠷᠤᠶ ᠬᠤᠪᠢ ᠤᠬᠠᠭᠤᠯᠭ᠎ᠠ ᠶᠢᠨ ᠳᠡᠪᠲᠡᠷ ᠪᠠ ᠮᠠᠲ᠋ᠧᠷᠢᠶᠠᠯ ᠲᠠᠷᠬᠠᠭᠠᠭᠰᠠᠨ ᠪᠠᠶᠢᠨ᠎ᠠ᠃      ᠣᠶᠢᠷ᠎ᠠ ᠶᠢᠨ ᠵᠢᠯ ᠠᠴᠠ᠂ ᠪᠠᠶᠠᠨᠲᠤᠤᠷᠠᠢ ᠰᠤᠮᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠤᠤᠷ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠱᠠᠭᠠᠷᠳᠠᠯᠭ᠎ᠠ ᠶᠣᠰᠣᠭᠠᠷ᠂     ︽ᠠᠵᠤ ᠦᠢᠯᠡᠰ ᠬᠥᠭᠵᠢᠭᠰᠡᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠴᠢᠭᠯᠡᠯᠲᠡ ᠶᠢ ᠦᠢᠯᠡᠳᠦᠯᠭᠡᠵᠢᠭᠦᠯᠵᠦ᠂ ᠬᠥᠳᠡᠭᠡ ᠲᠣᠰᠬᠤᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠤᠨ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠶ ᠨᠢ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠰᠢᠨ᠎ᠠ ᠠᠷᠭ᠎ᠠ ᠵᠠᠮ ᠪᠤᠯᠤᠭᠰᠠᠨ ᠪᠠᠶᠢᠨ᠎ᠠ᠃ ᠡᠬᠦᠨ ᠠᠴᠠ ᠭᠠᠳᠠᠨ᠎ᠠ ᠲᠤᠰ ᠰᠤᠮᠤ ᠪᠠᠰᠠ ︽ᠴᠤᠭᠯᠠᠭ᠎ᠠ ᠮᠠᠶᠢᠮᠠᠶ︾ ᠪᠠᠷ ᠠᠴᠢᠶᠠᠯᠠᠪᠤᠷᠢ ᠪᠤᠯᠭᠠᠵᠦ᠂ ᠲᠠᠷᠢᠶᠠᠯᠠᠩ ᠤᠨ ᠵᠢᠭᠤᠯᠴᠢᠯᠠᠯ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ᠂ ᠲᠠᠷᠢᠶᠠᠯᠠᠩ ᠢ ᠲᠤᠰᠠᠯᠠᠵᠤ ᠣᠷᠣᠯᠭ᠎ᠠ ᠶᠢ ᠨᠡᠮᠡᠭᠳᠡᠭᠦᠯᠬᠦ ᠰᠢᠨ᠎ᠡ ᠬᠠᠭᠤᠳᠠᠰᠤ ᠶᠢ ᠪᠢᠴᠢᠭᠯᠡᠵᠦ᠂ ᠪᠠᠶᠠᠨᠲᠤᠤᠷᠠᠢ ᠰᠤᠮᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠪᠥᠬᠦ ᠲᠠᠯ᠎ᠠ ᠪᠠᠷ ᠡᠬᠢᠯᠡᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠬᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号