ᠳᠠᠶᠢᠴᠢᠨ᠄ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ
ᠨᠡᠶᠢᠲᠡᠯᠡᠭᠰᠡᠨ ᠴᠠᠭ᠄
2021/7/22
      ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠯᠢ ᠤᠯᠠᠨ ᠰᠢᠨ᠎ᠡ ᠴᠢᠬᠤᠯᠠ ᠶᠡᠭᠡ ᠦᠵᠡᠯ ᠰᠠᠨᠠᠭ᠎ᠠ᠂ ᠴᠢᠬᠤᠯᠠ ᠶᠡᠭᠡ ᠦᠵᠡᠯᠲᠡ᠂ ᠴᠢᠬᠤᠯᠠ ᠶᠡᠭᠡ ᠨᠤᠲᠠᠯᠠᠯᠲᠠ ᠶᠢ ᠳᠤᠷᠠᠳᠴᠤ᠂ ᠮᠠᠷᠺᠰ ᠤᠨ ᠦᠵᠡᠯ ᠤᠨ ᠦᠨᠡᠨ ᠶᠣᠰᠣᠨ ᠤ ᠬᠡᠷᠡᠯ ᠭᠢᠯᠪᠠᠭ᠎ᠠ ᠶᠢ ᠰᠠᠴᠤᠷᠠᠭᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠶᠢ ᠵᠣᠷᠢᠭᠵᠢᠭᠤᠯᠬᠤ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠥᠲᠥᠯᠪᠦᠷᠢ ᠪᠠᠶᠢᠵᠤ᠂ ᠲᠦᠢᠯ ᠤᠨ ᠴᠢᠬᠤᠯᠠ ᠤᠯᠤᠰ ᠲᠦᠷᠦ ᠶᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ ᠪᠠ ᠠᠬᠤᠶᠢᠴᠢ ᠠᠴᠢ ᠬᠤᠯᠪᠣᠭᠳᠠᠯ ᠲᠠᠢ ᠶᠤᠮ︾ ᠭᠡᠵᠦ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠣᠶᠢᠷ᠎ᠠ ᠳᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠢᠩᠬᠢᠵᠦ ᠶᠠᠷᠢᠯ᠎ᠠ᠃       ᠠᠯᠠᠱᠠ ᠠᠶᠢᠮᠠᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽7 .1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠤᠯᠠᠮ ᠴᠢᠨᠠᠭᠰᠢᠳᠠ ᠰᠤᠷᠤᠯᠴᠠᠨ ᠲᠤᠤᠱᠯᠠᠭᠤᠯᠬᠤ ᠲᠤᠬᠠᠢ ᠶᠠᠷᠢᠬᠤ ᠳᠠᠭᠠᠨ ᠳᠠᠶᠢᠴᠢᠨ  ᠠᠴᠠ᠂ ᠶᠡᠷᠦᠩᠬᠡᠢ ᠱᠦᠵᠢ ᠰᠢ ᠶᠢᠨ ᠫᠢᠩ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠳᠣᠳᠬᠠᠬᠤ᠂ ᠠᠩᠬᠠᠨ ᠤ ᠵᠣᠷᠢᠯᠳᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠦᠷᠡᠭᠳᠡᠯ ᠰᠦᠢᠳᠦᠯ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠣᠰᠣᠯᠳᠠᠬᠤ ᠦᠭᠡᠢ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠲᠣᠳᠣᠷᠬᠠᠢ ᠳᠤᠷᠠᠳᠴᠠᠢ᠃ ᠠᠯᠠᠱᠠ ᠠᠶᠢᠮᠠᠭ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠪᠠ ᠪᠠᠶᠠᠯᠢᠭ ᠠᠭᠤᠯᠤᠭᠳᠠᠬᠤᠨ ᠢ ᠭᠦᠨᠵᠡᠭᠡᠶ ᠣᠶᠢᠯᠠᠭᠠᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠷᠢᠭ ᠰᠠᠨᠠᠭᠠᠨ ᠤ ᠡᠬᠢ ᠰᠤᠷᠪᠤᠯᠵᠢ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠦ᠂ ᠤᠷᠳᠤ ᠬᠤᠭᠤᠴᠠᠭᠠᠨ ᠤ ᠲᠡᠮᠡᠴᠡᠯ ᠤᠨ ᠳᠤᠮᠳᠠ ᠪᠠᠶᠢᠭᠤᠯᠤᠭᠳᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠴᠠᠳᠢᠭ᠂ ᠳᠠᠪᠲᠠᠨ ᠪᠣᠯᠪᠠᠰᠤᠷᠠᠭᠤᠯᠤᠭᠰᠠᠨ ᠢᠯᠡ ᠲᠣᠳᠣ ᠤᠯᠤᠰ ᠲᠥᠷᠥ ᠶᠢᠨ ᠬᠡᠪ ᠴᠢᠨᠠᠷ ᠮᠦᠨ ᠭᠡᠳᠡᠭ ᠢ ᠬᠦᠨᠵᠡᠬᠡᠢ ᠣᠶᠢᠯᠠᠭᠠᠵᠦ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠨᠠᠮ ᠤᠨ ᠭᠡᠰᠢᠭᠦᠨ ᠳᠤ ᠲᠠᠯᠪᠢᠭᠰᠠᠨ ᠠᠭᠤᠤ ᠶᠡᠭᠡ ᠤᠷᠢᠶᠠᠯᠠᠭ᠎ᠠ ᠶᠢ ᠢᠳᠡᠪᠬᠢᠲᠡᠢ ᠴᠣᠣᠷᠢᠶᠠᠳᠣᠨ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠬᠤ᠂ ᠬᠤᠪᠢᠰᠬᠠᠯᠲᠤ ᠣᠯᠠᠮᠵᠢᠯᠠᠯ ᠢ ᠤᠯᠠᠮᠵᠢᠯᠠᠨ ᠵᠠᠯᠭᠠᠮᠵᠢᠯᠠᠬᠤ᠂ ᠠᠩᠬᠠᠨ ᠤ ᠵᠣᠷᠢᠯᠳᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠳᠤ ᠠᠭᠤᠯᠤᠭᠳᠠᠵᠤ ᠪᠠᠢᠭ᠎ᠠ ᠦᠨᠡᠨ ᠶᠣᠰᠣᠨ ᠤ ᠬᠦᠴᠦᠨ᠂ ᠰᠦᠰᠦᠭ ᠪᠢᠰᠢᠷᠡᠯ ᠤᠨ ᠬᠦᠴᠦᠨ᠂ ᠵᠠᠩ ᠠᠷᠠᠨᠰᠢᠨ ᠤ ᠬᠦᠴᠦᠨ ᠢ ᠰᠢᠨ᠎ᠡ ᠠᠶᠠᠨ ᠵᠠᠮ᠂ ᠭᠡᠷᠡᠯ ᠰᠠᠴᠤᠷᠠᠩᠭᠤᠶ ᠰᠢᠨ᠎ᠡ ᠠᠮᠵᠢᠯᠲᠠ ᠶᠢ ᠡᠭᠦᠳᠬᠦ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠪᠣᠯᠭᠠᠨ ᠬᠤᠪᠢᠷᠠᠭᠤᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ ᠬᠡᠪᠡ᠃      ᠨᠢᠭᠡ ᠳᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠡᠷᠡᠰ ᠪᠡᠶᠡᠯᠡᠭᠦᠯᠬᠦ ᠬᠡᠷᠡᠭᠲᠡᠶ᠃ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠶᠢ ᠲᠣᠳᠣᠷᠬᠠᠢ ᠤᠯᠤᠰ ᠲᠦᠷᠦ ᠶᠢᠨ ᠪᠠᠷᠢᠮᠵᠢᠶ᠎ᠠ ᠪᠠ ᠦᠨᠳᠦᠰᠦᠨ ᠤᠯᠤᠰ ᠲᠦᠷᠦ ᠶᠢᠨ ᠱᠠᠭᠠᠷᠳᠠᠯᠭ᠎ᠠ ᠪᠣᠯᠭᠠᠨ᠂ ᠰᠡᠳᠬᠢᠯ ᠳᠤ ᠬᠤᠨᠣᠭᠰᠢᠭᠤᠯᠣᠨ᠂ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠬᠦᠯᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠮᠠᠭᠲᠠ ᠪᠠᠷᠢᠮᠳᠠᠯᠠᠨ᠂ ᠬᠡᠯᠡᠬᠦ ᠬᠢᠬᠦ ᠨᠢ ᠠᠳᠠᠯᠢ᠂ ᠮᠡᠳᠡᠬᠦᠶ ᠬᠢᠬᠦᠶ ᠶᠢ ᠨᠢᠭᠡᠳᠬᠡᠬᠦ᠂ ᠬᠡᠵᠢᠶ᠎ᠡ ᠴᠦ ᠭᠡᠰᠡᠨ ᠶᠠᠮᠠᠷ ᠪᠠᠶᠢᠳᠠᠯ ᠳᠤᠤᠷ᠎ᠠ ᠴᠤ ᠭᠡᠰᠡᠨ ᠰᠡᠳᠬᠢᠯ ᠬᠤᠪᠢᠷᠠᠬᠤ ᠦᠭᠡᠢ᠂ ᠵᠣᠷᠢᠭ ᠰᠢᠭᠤᠳᠣᠨ᠂ ᠣᠣᠷ ᠴᠢᠨᠠᠷ  ᠢᠶᠠᠨ ᠬᠠᠳᠠᠭᠠᠯᠠᠵᠦ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠨ᠂ ᠡᠷᠡᠰ ᠪᠠᠲᠤ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠦ᠂ ᠭᠤᠣᠯᠯᠠᠭᠴᠢ ᠳᠠᠭᠠᠨ ᠢᠮᠠᠭᠲᠠ ᠦᠨᠡᠨᠴᠢ ᠰᠢᠳᠤᠷᠭᠤ ᠪᠠᠶᠢᠬᠤ᠂ ᠭᠤᠣᠯᠯᠠᠭᠴᠢ ᠶᠢ ᠬᠠᠮᠠᠭᠠᠯᠠᠬᠤ᠂  ᠭᠤᠣᠯᠯᠠᠭᠴᠢ ᠪᠠᠷ ᠳᠠᠭᠤᠷᠢᠶᠠᠯ ᠪᠣᠯᠭᠠᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠬᠦᠯᠬᠦ ᠴᠢᠳᠠᠪᠣᠷᠢ ᠪᠠᠨ ᠳᠡᠭᠡᠭᠰᠢᠯᠡᠬᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠠᠯᠠᠱᠠ  ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃       ᠬᠤᠶᠠᠷ ᠲᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠤᠨᠤᠯ ᠤᠨ ᠵᠡᠪᠰᠡᠭᠯᠡᠯ ᠢᠶᠠᠨ ᠴᠢᠩᠭᠠᠳᠬᠠᠬᠤ ᠬᠡᠷᠡᠭᠲᠡᠢ᠃ ᠣᠨᠣᠯ ᠤᠨ ᠰᠢᠨ᠎ᠡ ᠡᠭᠦᠳᠦᠯᠲᠡ ᠶᠢ ᠨᠢᠭᠡ ᠠᠯᠬᠤᠮ ᠣᠷᠣᠭᠰᠢᠯᠠᠭᠤᠯᠪᠠᠯ᠂ ᠣᠨᠣᠯ ᠤᠨ ᠵᠡᠪᠰᠡᠭᠯᠡᠯᠳᠡ ᠶᠢ ᠳᠠᠭᠠᠭᠤᠯᠬᠤ ᠶᠢ ᠪᠠᠷᠢᠮᠳᠠᠯᠠᠨ᠂ ᠮᠠᠷᠺᠰ ᠤᠨ ᠦᠵᠡᠯ ᠵᠢᠴᠢ ᠳᠤᠮᠳᠠᠳᠤ ᠤᠯᠤᠰᠴᠢᠯᠠᠭᠰᠠᠨ ᠰᠢᠨ᠎ᠡ ᠶᠢ ᠡᠭᠦᠳᠬᠦ ᠣᠨᠣᠯ ᠢ ᠭᠦᠨᠵᠡᠭᠡᠶ ᠰᠣᠷᠣᠯᠴᠠᠵᠦ᠂ ᠢᠯᠠᠩᠭᠤᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠭᠡᠬᠦ ᠡᠨᠡᠬᠦ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠣᠭᠡᠷ ᠵᠠᠭᠤᠨ ᠤ ᠮᠠᠷᠺᠰ ᠤᠨ ᠦᠵᠡᠯ ᠢ ᠬᠦᠨᠵᠡᠬᠡᠢ ᠣᠶᠢᠯᠠᠭᠠᠵᠦ᠂ ᠡᠭᠦᠨ ᠤ ᠳᠤᠮᠳᠠ ᠠᠴᠠ ᠰᠢᠨᠵᠢᠯᠡᠬᠦ ᠤᠬᠠᠭᠠᠨ ᠤ ᠦᠨᠡᠨ ᠶᠣᠰᠣᠨ ᠤ ᠬᠦᠴᠦᠨ ᠢ ᠰᠢᠩᠭᠡᠭᠡᠨ ᠠᠪᠴᠦ᠂ ᠬᠦᠴᠦᠷᠬᠡᠭ ᠶᠡᠭᠡ ᠦᠢᠯᠡᠳᠦᠯᠬᠡ ᠶᠢᠨ ᠬᠦᠴᠦᠨ᠂ ᠥᠨᠢ ᠤᠳᠠᠭᠠᠨ ᠤ ᠰᠢᠨ᠎ᠡ ᠶᠢ ᠡᠭᠦᠳᠬᠦ ᠬᠦᠴᠦᠨ ᠢ ᠡᠵᠡᠮᠰᠢᠵᠦ᠂ ᠦᠨᠡᠨ ᠣᠶᠢᠯᠠᠭᠠᠵᠤ ᠦᠨᠡᠨ ᠢᠳᠡᠭᠡᠨ᠂ ᠣᠶᠣᠨ ᠲᠠᠷᠢᠬᠢᠨ ᠳᠠᠭᠠᠨ ᠰᠠᠭᠤᠭᠳᠠᠭᠤᠯᠵᠦ᠂ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ ᠢᠶᠠᠨ ᠪᠠᠳᠣᠳᠬᠠᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠶ ᠢᠲᠡᠭᠡᠯ ᠵᠣᠷᠢᠭ ᠢᠶᠠᠨ ᠪᠠᠳᠣᠳᠬᠠᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠢᠲᠡᠭᠡᠯ ᠵᠣᠷᠢᠭ ᠢᠶᠠᠨ ᠪᠠᠳᠣᠳᠬᠠᠵᠦ᠂ ᠤᠬᠠᠮᠰᠠᠷ ᠠᠴᠠ ᠪᠠᠨ ᠡᠨᠡᠬᠦ ᠠᠭᠤᠤ ᠶᠡᠭᠡ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠨ᠂ ᠦᠢᠯᠡᠳᠦᠯᠭᠡ ᠶᠢ ᠵᠢᠯᠣᠭᠤᠳᠣᠭᠤᠯᠣᠨ᠂ ᠠᠵᠢᠯ ᠢᠶᠠᠨ ᠠᠬᠢᠭᠤᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠢ ᠲᠠᠰᠤᠷᠠᠯᠲᠠ ᠦᠭᠡᠢ ᠬᠡᠷᠡᠭᠯᠡᠨ ᠴᠢᠬᠤᠯᠠ ᠶᠡᠭᠡ ᠥᠷᠢᠰᠥᠯᠳᠦᠭᠡᠨ ᠢ ᠠᠷᠭᠠᠴᠠᠭᠠᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠡᠰᠡᠷᠭᠦᠴᠡᠬᠦ᠂ ᠬᠦᠨᠳᠦ ᠶᠡᠭᠡ ᠬᠠᠷᠰᠢ ᠰᠠᠭᠠᠳ ᠢ ᠢᠯᠠᠨ ᠳᠠᠪᠠᠭ᠋ᠤ᠂ ᠬᠦᠨᠳᠦ ᠶᠡᠭᠡ ᠵᠥᠷᠢᠴᠡᠯ ᠢ ᠠᠷᠢᠯᠭᠠᠬᠤ᠂ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠬᠦᠯᠬᠦ ᠬᠡᠷᠡᠭᠳᠡᠢ᠃       ᠭᠤᠷᠪᠠ ᠳᠤ᠂ ᠠᠮᠢ ᠠᠬᠤᠢ ᠶᠢᠨ ᠣᠷᠴᠢᠨ ᠳᠣᠭᠤᠷᠢᠨ ᠢ ᠡᠷᠡᠰ ᠭᠤᠶᠢᠪᠢᠰᠢ ᠦᠭᠡᠢ ᠬᠠᠮᠠᠭᠠᠯᠠᠬᠤ ᠬᠡᠷᠡᠭᠲᠡᠢ᠃ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠰᠯᠠᠭᠤᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠭᠤᠶᠢᠪᠢᠰᠢ ᠥᠬᠡᠶ᠂ ᠰᠤᠯᠠᠷᠠᠭᠤᠯᠤᠯ ᠥᠬᠡᠶ᠂ ᠴᠢᠩᠭ᠎ᠠ ᠠᠳᠬᠤᠬᠤ ᠶᠢ ᠪᠠᠷᠢᠮᠲᠠᠯᠠᠵᠤ᠂ ᠠᠮᠢ ᠠᠬᠤᠶ ᠶᠢ ᠳᠡᠷᠢᠬᠦᠨ ᠳᠤ ᠳᠠᠯᠪᠢᠵᠦ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠲᠦᠢᠯ ᠤᠨ ᠬᠡᠪᠡᠷᠡᠭ ᠣᠷᠣᠨ ᠳᠤ ᠨᠡᠭᠡᠭᠡᠨ ᠬᠥᠭᠵᠢᠭᠦᠯᠬᠦ ᠶᠢ ᠬᠢᠵᠠᠭᠠᠷᠯᠠᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠪᠠᠶᠢᠭᠠᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠬᠢᠵᠠᠭᠠᠷ ᠢ ᠰᠠᠬᠢᠵᠤ᠂ ᠠᠯᠠᠱᠠᠴᠣᠳ ᠤᠨ ᠣᠷᠣᠰᠢᠨ ᠠᠮᠢᠳᠤᠷᠠᠬᠤ  ᠦᠯᠦᠬᠡᠢ ᠨᠣᠳᠤᠭ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠦᠯᠯᠡᠷᠭᠡᠭᠵᠢᠯ ᠢ ᠵᠠᠰᠠᠬᠤ ᠶᠢ ᠲᠡᠷᠢᠭᠦᠨ ᠳᠤ ᠲᠠᠯᠪᠢᠵᠤ᠂ ᠬᠠᠳᠤᠨ ᠭᠤᠣᠯ ᠤᠨ ᠰᠠᠪᠠ ᠭᠠᠵᠠᠷ᠂ ᠠᠯᠠᠱᠠ ᠠᠭᠤᠯᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠲᠤᠪᠤᠶᠢᠯᠭᠠᠨ ᠰᠠᠶᠢᠲᠤᠷ ᠠᠳᠬᠤᠵᠤ᠂ ᠠᠯᠠᠱᠠ ᠠᠭᠤᠯᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠡᠷᠭᠡ ᠰᠡᠳᠦᠪ ᠤᠨ ᠰᠢᠢᠳᠪᠦᠷᠢᠯᠡᠯᠳᠡ ᠶᠢ ᠡᠷᠡᠰ ᠰᠠᠶᠢᠲᠤᠷ ᠬᠢᠵᠦ᠂ ᠠᠯᠠᠱᠠ ᠶᠢᠨ ︽ᠡᠭᠡ ᠠᠭᠤᠯᠠ︾ ᠬᠥᠬᠡᠮᠳᠦᠭ ᠨᠣᠭᠤᠭᠠᠨ᠂ ᠤᠰᠤ ᠨᠢ ᠲᠤᠩᠭᠠᠯᠠᠭ ᠪᠠᠶᠢᠵᠦ᠂ ᠦᠷ᠎ᠡ ᠬᠤᠶᠢᠴᠢᠰ ᠲᠠᠭᠠᠨ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠶᠢ ᠦᠷᠭᠦᠯᠵᠢᠯᠡᠨ ᠰᠠᠶᠢᠲᠤᠷ ᠬᠢᠵᠦ᠂ ᠠᠯᠠᠱᠠ ᠶᠢ ᠣᠭᠲᠠᠷᠭᠤᠢ ᠨᠢ ᠨᠡᠩ ᠴᠡᠯᠮᠡᠭ᠂ ᠤᠰᠤ ᠨᠢ ᠨᠡᠩ ᠲᠤᠩᠭᠠᠯᠠᠭ᠂ ᠬᠥᠷᠥᠰᠥ ᠰᠢᠷᠣᠢ ᠨᠢ ᠨᠡᠩ ᠴᠡᠪᠡᠷ᠂ ᠣᠷᠴᠢᠨ ᠲᠣᠭᠤᠷᠢᠨ ᠨᠢ ᠨᠡᠩ ᠦᠵᠡᠰᠬᠦᠯᠡᠩᠲᠦ ᠰᠠᠶᠢᠬᠠᠨ ᠪᠣᠯᠭᠠᠨ᠎ᠠ᠃       ᠲᠦᠷᠪᠡ ᠳᠤ᠂ ᠲᠡᠷᠢᠭᠦᠨ ᠴᠢᠬᠤᠯᠠ ᠡᠭᠦᠷᠭᠡ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠳᠠᠯᠪᠢᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠣᠨᠣᠪᠴᠢᠲᠠᠶ ᠪᠦᠷᠢᠨ ᠪᠦᠲᠦᠨ ᠳᠣᠣᠱᠯᠠᠭᠤᠯᠵᠦ᠂ ᠰᠢᠨ᠎ᠡ ᠬᠥᠭᠵᠢᠯᠲᠡ ᠶᠢᠨ ᠳᠦᠯᠦᠪᠰᠢᠯ ᠢ ᠪᠣᠢ ᠪᠣᠯᠭᠠᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠭᠤᠤᠯᠳᠠᠯᠭ᠎ᠠ ᠪᠣᠯᠭᠠᠨ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠶᠢᠨ ᠠᠵᠤ ᠠᠬᠤᠶ ᠶᠢᠨ ᠳᠣᠭᠳᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠸᠧ ᠶᠤᠸᠠᠨ ᠪᠠᠶᠢᠭᠠᠯᠢ ᠶᠢᠨ ᠬᠤᠵᠢᠷ᠂ ᠬᠣ᠋ ᠮᠧᠩ ᠳᠡᠭᠡᠳᠦ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ᠂ ᠠᠯᠠᠱᠠ ᠠᠴᠠ ᠱᠠᠩᠬᠤ ᠶᠢᠨ ᠰᠦᠮ᠎ᠡ  ᠬᠦᠷᠬᠦ 160 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠵᠡᠷᠭᠡ ᠪᠠᠯᠠ ᠣᠷᠣᠭᠤᠯᠤᠯᠲᠠ ᠨᠢ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠪᠠᠶᠠᠠᠬᠤᠳᠠ  ᠠᠴᠠ ᠢᠷᠭᠠᠢ ᠬᠦᠷᠬᠦ ᠳᠡᠭᠡᠳᠦ ᠬᠤᠷᠳᠣᠴᠠᠳᠣ ᠲᠡᠮᠦᠷ ᠵᠠᠮ᠂ ᠠᠯᠠᠱᠠ ᠵᠡᠭᠦᠨ ᠬᠤᠰᠢᠭᠤᠨ ᠤ ᠠᠵᠢᠯ ᠤᠨ ᠬᠡᠷᠡᠭᠯᠡᠭᠡᠨ  ᠤ ᠨᠢᠰᠬᠡᠯ ᠤᠨ ᠪᠠᠭᠤᠳᠠᠯ ᠢ ᠲᠠᠰ ᠳᠡᠪᠰᠢᠬᠦᠯᠦᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠣᠯᠭᠠᠬᠤ ᠲᠥᠷᠥᠯ ᠵᠦᠢᠯ ᠤᠨ ᠪᠠᠷᠢᠯᠭ᠎ᠠ ᠡᠬᠢᠯᠡᠬᠦ ᠶᠢ ᠢᠳᠡᠪᠬᠢᠲᠡᠶ ᠠᠬᠢᠭᠤᠯᠤᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠠᠪᠣᠰᠣ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠠᠵᠤ  ᠦᠢᠯᠡᠰ ᠤᠨ ᠪᠣᠬᠢᠷᠲᠤᠯ ᠥᠬᠡᠶ ᠬᠥᠭᠵᠢᠯᠲᠡ᠂ ᠦᠢᠯᠡᠳᠬᠦᠨ ᠤ ᠳᠡᠭᠡᠳᠦ ᠲᠠᠰ ᠤᠨ ᠬᠥᠭᠵᠢᠯᠲᠡ ᠶᠢ ᠪᠡᠶᠡᠯᠡᠭᠦᠯᠵᠦ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠢ ᠡᠷᠲᠡᠬᠡᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠪᠣᠯᠭᠠᠬᠤ ᠪᠠᠷ ᠴᠢᠷᠮᠠᠶᠢᠨ᠎ᠠ᠃ ᠴᠡᠪᠡᠷ ᠡᠨᠧᠷᠭᠢ᠂ ᠰᠣᠶᠣᠯ ᠵᠢᠭᠤᠯᠴᠢᠯᠠᠯ᠂ ᠲᠡᠮᠡᠭᠡᠨ ᠤ ᠠᠵᠤ ᠦᠢᠯᠡᠰ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠠᠯᠠᠱᠠ ᠶᠢ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠪᠠ ᠤᠯᠤᠰ ᠤᠨ ᠳᠣᠲᠣᠭᠠᠳᠤ ᠳᠤ ᠨᠡᠷ᠎ᠡ ᠠᠯᠳᠠᠷᠰᠢᠭᠰᠠᠨ ᠪᠠᠷᠠᠭᠤᠨ ᠣᠷᠣᠨ ᠤ ᠵᠠᠩ ᠦᠢᠯᠡ ᠶᠢᠨ ᠵᠢᠭᠤᠯᠴᠢᠯᠠᠯ ᠤᠨ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃       ᠲᠠᠪᠤ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠳᠠᠰᠣᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠠᠴᠠ ᠭᠠᠷᠳᠠᠨ ᠬᠢᠵᠦ᠂ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠡᠬᠢ ᠪᠠᠶᠠᠯᠢᠭ ᠤᠨ ᠡᠯᠧᠮᠧᠨ᠋ᠲ ᠢ ᠲᠥᠪᠯᠡᠷᠡᠭᠦᠯᠵᠦ᠂ ᠠᠵᠢᠯ ᠣᠯᠭᠤᠬᠤ ᠦᠢᠯᠡᠰ ᠪᠤᠰᠬᠠᠬᠤ᠂ ᠬᠤᠳᠠ ᠬᠥᠳᠡᠭᠡ ᠶᠢᠨ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠢ ᠪᠣᠳᠠᠲᠠᠶᠢᠵᠢᠭᠤᠯᠵᠤ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠶᠠᠪᠤᠳᠠᠯ ᠢ ᠪᠣᠳᠠᠲᠠᠢ ᠬᠢᠵᠦ᠂ ᠶᠡᠭᠡ ᠶᠠᠪᠤᠳᠠᠯ ᠢ ᠰᠠᠶᠢᠲᠤᠷ ᠬᠢᠵᠦ᠂ ᠬᠦᠴᠢᠷ ᠶᠠᠪᠤᠳᠠᠯ ᠢ ᠲᠣᠬᠢᠲᠠᠢ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠤᠯᠠᠨ ᠲᠦᠮᠡᠨ ᠳᠤ ᠴᠢᠨᠠᠷ ᠰᠠᠶᠢᠲᠠᠢ ᠠᠮᠢᠳᠤᠷᠠᠯ ᠢ ᠡᠭᠦᠳᠴᠦ ᠥᠭᠬᠦ ᠬᠡᠷᠡᠭᠲᠡᠢ︔ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠣᠷᠪᠣᠯᠵᠢᠯᠠᠭ᠎ᠠ ᠲᠣᠭᠲᠠᠭᠤᠨ ᠢ ᠪᠠᠳᠣᠯᠠᠬᠤ᠂ ᠦᠨᠳᠦᠰᠦᠨ ᠱᠠᠲᠤᠨ ᠤ ᠵᠠᠰᠠᠯᠲᠠ᠂ ᠠᠶᠤᠯᠭᠦᠶ   ᠦᠢᠯᠡᠳᠪᠦᠷᠢᠯᠡᠯ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠵᠤ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ᠋ᠢᠴᠡ ᠪᠣᠯᠭᠠᠨ᠎ᠠ᠃       ᠵᠢᠷᠭᠤᠭ᠎ᠠ ᠳᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠢᠮᠠᠭᠲᠠ ᠲᠤᠤᠱᠯᠠᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠡᠭᠦᠷᠢᠳᠡ ᠵᠤᠬᠰᠤᠰᠢ ᠦᠭᠡᠢ ᠪᠠᠶᠢᠬᠤ ᠤᠯᠤᠰ ᠲᠦᠷᠦ ᠶᠢᠨ ᠤᠬᠠᠮᠰᠠᠷ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠢ᠃ ᠦᠨᠳᠦᠰᠦᠨ ᠱᠠᠳᠤ ᠶᠢ ᠠᠳᠬᠤᠬᠤ᠂ ᠰᠠᠭᠤᠷᠢ ᠶᠢ ᠪᠠᠬᠢᠵᠢᠭᠦᠯᠬᠦ᠂ ᠦᠨᠳᠦᠰᠦᠨ ᠵᠦᠢᠯ ᠢ ᠪᠠᠬᠢᠵᠢᠭᠦᠯᠬᠦ ᠶᠢ ᠪᠠᠷᠢᠮᠲᠠᠯᠠᠵᠤ᠂ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠩᠭᠤ ᠴᠡᠭᠴᠡᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠴᠢᠩᠭᠠᠷᠠᠭᠤᠯᠤᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠡᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠬᠡᠢ ᠠᠬᠢᠭᠤᠯᠵᠤ᠂ ᠴᠢᠩᠭ᠎ᠠ ᠪᠠᠶᠢᠬᠤ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠰᠢᠰᠲ᠋ᠧᠮ ᠲᠠᠢ ᠵᠠᠰᠠᠬᠤ᠂ ᠦᠩᠬᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠣᠶᠢᠯᠠᠭᠠᠭᠳᠠᠬᠤᠨ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠵᠦ᠂ ᠢᠯᠵᠡᠷᠡᠬᠦ ᠠᠴᠠ ᠵᠢᠷᠦᠬᠡᠰᠢᠶᠡᠬᠦ᠂ ᠢᠯᠵᠡᠷᠡᠵᠦ ᠪᠣᠯᠬᠤ ᠦᠬᠡᠢ᠂ ᠢᠯᠵᠡᠷᠡᠬᠦ ᠶᠢ ᠪᠤᠳᠤᠬᠤ ᠦᠬᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号