7 ᠳ᠋ᠤᠭᠠᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠤᠯᠤᠰ ᠲᠥᠷᠥ ᠬᠠᠤᠯᠢ ᠴᠠᠭᠠᠵᠠ ᠶᠢᠨ | ᠰᠢᠰᠲ᠋ᠧᠮ ᠤᠨ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠠᠯᠠᠱᠠ ᠳᠠᠬᠢ ᠮᠡᠳᠡᠭᠦᠯᠦᠯᠲᠡ ᠶᠢᠨ | ᠬᠤᠷᠠᠯ ᠪᠣᠯᠪᠠ᠃ ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠠᠶᠢᠮᠠᠭ ᠤᠨ ᠨᠠᠮ ᠤᠨ ᠬᠤᠷᠢᠶᠠᠨ ᠤ ᠱᠦᠵᠢ | ᠳᠠᠶᠢᠴᠢᠨ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠵᠠᠩ ᠶᠢᠨ ᠫᠢᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠨᠠᠮ ᠤᠨ | ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠬᠤᠸᠠᠩ ᠪᠠᠭᠠᠲᠤᠷ ᠪᠥᠬᠦ ᠣᠷᠣᠨ ᠤ ᠤᠯᠤᠰ ᠲᠥᠷᠥ ᠬᠠᠤᠯᠢ | ᠴᠠᠭᠠᠵᠠ ᠶᠢᠨ ᠰᠢᠰᠲ᠋ᠧᠮ ᠤᠨ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠬᠡᠰᠢᠬᠦᠨ ᠲᠠᠢ ᠠᠭᠤᠯᠵᠠᠵᠤ᠂ ᠲᠡᠳᠡᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | | | | | | | | | | | | | | ᠳᠠᠶᠢᠴᠢᠨ ᠠᠭᠤᠯᠵᠠᠯᠲᠠ ᠬᠢᠬᠦ ᠳᠡᠭᠡᠨ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ | ᠰᠢᠰᠲ᠋ᠧᠮ ᠤᠨ ᠪᠠᠭᠠᠲᠤᠷ ᠵᠢᠱᠢᠶᠡᠴᠢ ᠪᠣᠯᠤᠨ ᠲᠡᠷᠢᠭᠦᠨ ᠤ ᠬᠤᠪᠢ ᠬᠥᠮᠦᠨ ᠰᠢᠨ᠎ᠡ ᠴᠠᠭ ᠦᠶ᠎ᠡ ᠶᠢᠨ ᠤᠯᠤᠰ ᠲᠥᠷᠥ | ᠬᠠᠤᠯᠢ ᠴᠠᠭᠠᠵᠠ ᠶᠢᠨ ᠡᠩᠨᠡᠭᠡᠨ ᠤ ᠴᠤ᠋ ᠰᠢᠨ᠎ᠡ ᠳᠦᠷᠢ ᠲᠥᠷᠬᠦ ᠪᠣᠯᠤᠨ ᠲᠥᠪ ᠴᠢᠬᠡᠴᠢ ᠵᠣᠷᠢᠭ ᠰᠠᠨᠠᠭ᠎ᠠ ᠶᠢ | ᠢᠯᠡᠷᠡᠭᠦᠯᠵᠦ᠂ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠨᠢ | ᠮᠠᠨ ᠤ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠬᠤ᠂ ᠤᠯᠤᠰ | ᠲᠥᠷᠥ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠣᠯᠭ᠎ᠠ ᠪᠣᠯᠤᠨ | ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠤᠯᠤᠰ ᠲᠦᠷᠦ ᠬᠠᠤᠯᠢ ᠴᠠᠭᠠᠵᠠ ᠶᠢᠨ | ᠪᠠᠭᠠᠲᠤᠷ ᠵᠢᠱᠢᠶᠡᠴᠢ ᠪᠠᠷ ᠳᠠᠭᠤᠷᠢᠶᠠᠯ ᠪᠣᠯᠭᠠᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠪᠠᠭᠠᠲᠤᠷ ᠵᠢᠱᠢᠶᠡᠴᠢ ᠠᠴᠠ ᠰᠤᠷᠤᠯᠴᠠᠬᠤ᠂ ᠪᠠᠭᠠᠲᠤᠷ ᠵᠢᠱᠢᠶᠡᠴᠢ ᠶᠢ ᠡᠷᠬᠢᠮᠯᠡᠬᠦ᠂ ᠪᠠᠭᠠᠲᠤᠷ | ᠵᠢᠱᠢᠶᠡᠴᠢ ᠪᠣᠯᠬᠤ ᠪᠠᠷ ᠴᠢᠷᠮᠠᠶᠢᠬᠤ ᠬᠠᠯᠠᠭᠤᠨ ᠰᠡᠳᠬᠢᠯᠭᠡ ᠪᠠᠨ ᠴᠠᠭ ᠲᠤᠬᠠᠢ ᠳᠤᠨᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠨ᠎ᠡ ᠠᠶᠠᠨ ᠵᠠᠮ ᠳᠠᠭᠠᠨ ᠠᠯᠠᠱᠠ ᠶᠢᠨ ᠤᠯᠤᠰ | ᠲᠦᠷᠦ ᠬᠠᠤᠯᠢ ᠴᠠᠭᠠᠵᠠ ᠶᠢᠨ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠬᠡᠪᠡ᠃ | ᠮᠡᠳᠡᠭᠦᠯᠦᠯᠲᠡ ᠶᠢᠨ ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠤᠯᠤᠰ | ᠲᠦᠷᠦ ᠶᠢᠨ ᠬᠡᠯᠲᠡᠰ ᠤᠨ ᠡᠷᠬᠢᠯᠡᠭᠴᠢ ᠵᠧᠩ ᠵᠢᠶᠠ ᠮᠧᠢ ᠠᠴᠠ᠂ ᠲᠤᠰ ᠤᠳᠠᠭ᠎ᠠ ᠶᠢᠨ ᠤᠬᠠᠭᠤᠯᠤᠨ | ᠲᠠᠶᠢᠯᠪᠤᠷᠢᠯᠠᠬᠤ ᠳᠤ ᠣᠷᠣᠯᠴᠠᠭᠰᠠᠨ ᠤᠯᠤᠰ ᠲᠦᠷᠦ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠪᠣᠯᠤᠨ | ᠲᠡᠷᠢᠭᠦᠨ ᠤ ᠬᠤᠪᠢ ᠬᠥᠮᠦᠨ ᠪᠣᠯ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ | ᠰᠢᠯᠢᠳᠡᠭ ᠲᠥᠯᠥᠭᠡᠯᠡᠭᠴᠢ ᠪᠣᠯᠤᠨ᠎ᠠ᠂ ᠲᠡᠳᠡ ᠪᠣᠳᠠᠲᠤ ᠠᠵᠢᠯᠯᠠᠭ᠎ᠠ ᠪᠠᠷ ᠢᠶᠠᠨ ᠤᠯᠤᠰ ᠲᠦᠷᠦ ᠬᠠᠤᠯᠢ ᠴᠠᠭᠠᠵᠠ ᠶᠢᠨ | ᠺᠠᠳ᠋ᠷ ᠴᠠᠭᠳᠠᠭ᠎ᠠ ᠶᠢᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ | ᠬᠡᠪ ᠴᠢᠨᠠᠷ ᠢ ᠲᠠᠶᠢᠯᠪᠤᠷᠢᠯᠠᠵᠠᠢ᠃ ᠠᠯᠠᠱᠠ ᠶᠢᠨ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ | ᠪᠠᠶᠢᠭᠤᠯᠣᠯᠭ᠎ᠠ ᠪᠣᠯᠤᠨ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠡᠳᠡᠭᠡᠷ | ᠪᠠᠭᠠᠲᠤᠷ ᠵᠢᠱᠢᠶᠡᠴᠢ ᠪᠠᠷ ᠳᠠᠭᠤᠷᠢᠶᠠᠯ ᠪᠣᠯᠭᠠᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠤᠯᠤᠰ ᠲᠦᠷᠦ ᠬᠠᠤᠯᠢ | ᠴᠠᠭᠠᠵᠠ ᠶᠢᠨ ᠡᠩᠨᠡᠭᠡᠨ ᠤ ᠲᠦᠷᠢ ᠲᠥᠷᠬᠦ ᠶᠢ ᠪᠤᠢ ᠪᠣᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ | ᠴᠠᠭᠳᠠᠭ᠎ᠠ ᠨᠠᠷ ᠤᠨ ᠨᠠᠮ ᠪᠠ ᠤᠯᠤᠰ ᠤᠨ ᠢᠶᠠᠨ ᠲᠥᠯᠥᠭᠡ ᠵᠢᠳᠬᠦᠬᠦ᠂ ᠠᠵᠢᠯ ᠬᠢᠵᠦ ᠦᠢᠯᠡᠰ ᠪᠤᠰᠬᠠᠬᠤ ᠴᠤᠭ | ᠰᠦᠯᠳᠡ ᠶᠢ ᠬᠥᠭᠵᠢᠭᠡᠵᠦ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠰᠤᠷᠤᠯᠴᠠᠯᠭ᠎ᠠ ᠪᠠᠨ | ᠠᠳᠠᠯᠢᠳᠬᠠᠵᠤ ᠬᠥᠭᠡᠭᠡᠵᠦ ᠭᠦᠢᠴᠡᠨ ᠳᠠᠪᠠᠭ᠋ᠤ᠂ ᠡᠷᠡᠮᠡᠬᠡᠶᠢᠯᠡᠨ ᠤᠷᠤᠭᠰᠢᠯᠠᠬᠤ ᠥᠳᠬᠡᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠵᠤ᠂ ᠨᠠᠮ ᠪᠣᠯᠤᠨ ᠠᠷᠠᠳ ᠲᠦᠮᠡᠨ ᠳᠡᠭᠡᠨ ᠢᠲᠡᠭᠡᠮᠵᠢᠲᠡᠢ᠂ ᠨᠠᠶᠢᠳᠠᠪᠤᠷᠢᠲᠠᠢ ᠤᠯᠤᠰ | ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠴᠢᠷᠮᠠᠶᠢᠨ ᠪᠠᠶᠢᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ | ᠠᠮᠤᠭᠤᠯᠠᠩ ᠥᠪᠥᠷ ᠮᠣᠩᠭᠤᠯ᠂ ᠬᠠᠣᠯᠢ ᠪᠠᠷ ᠵᠠᠰᠠᠭᠰᠠᠨ ᠥᠪᠥᠷ ᠮᠣᠩᠭᠤᠯ ᠢ ᠪᠦᠳᠦᠭᠡᠨ ᠪᠠᠶᠢᠭᠤᠯᠵᠤ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠬᠡᠷᠡᠭᠳᠡᠢ ᠬᠡᠪᠡ᠃ | | | | | | | | | | | | | | ᠮᠡᠳᠡᠭᠦᠯᠦᠯᠲᠡ ᠶᠢᠨ ᠬᠤᠷᠠᠯ ᠳᠤ᠂ ᠪᠠᠢ ᠵᠢᠩ᠂ ᠾᠧ ᠸᠧᠢ ᠹᠧᠩ᠂ ᠰᠣ᠋ ᠨᠢ᠂ ᠪᠠᠶᠠᠠᠨᠠᠮᠣᠷ᠂ ᠯᠢ ᠸᠧᠨ ᠫᠦ᠋᠂ | ᠯᠢ ᠰᠢᠶᠠᠩ ᠯᠦᠩ ᠵᠡᠷᠭᠡ ᠤᠯᠤᠰ ᠲᠦᠷᠦ ᠬᠠᠤᠯᠢ ᠴᠠᠭᠠᠵᠠ ᠶᠢᠨ 6 ᠪᠠᠭᠠᠲᠤᠷ ᠵᠢᠱᠢᠶᠡᠴᠢ ᠪᠣᠯᠤᠨ ᠲᠡᠷᠢᠭᠦᠨ ᠤ | ᠬᠤᠪᠢ ᠬᠥᠮᠦᠨ ᠤ ᠲᠥᠯᠥᠭᠡᠯᠡᠭᠴᠢ ᠴᠢᠩ ᠦᠨᠡᠨᠴᠢ ᠬᠠᠶᠢᠷ᠎ᠠ ᠰᠡᠳᠬᠢᠯᠭᠡ᠂ ᠡᠭᠡᠯ ᠪᠣᠷᠣᠭᠵᠢᠭᠤᠨ ᠦᠭᠡ ᠬᠡᠯᠡ ᠪᠠᠷ᠂ | ᠲᠡᠳᠡᠨ ᠤ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ ᠦᠨᠡᠨᠴᠢ | ᠰᠢᠳᠤᠷᠭᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠢᠭᠤᠨ ᠴᠢᠬᠡᠴᠢ᠂ ᠬᠠᠷᠠᠮ ᠦᠭᠡᠢ ᠬᠤᠪᠢ ᠨᠡᠮᠡᠷᠢ | ᠦᠵᠡᠭᠦᠯᠦᠭᠰᠡᠨ ᠲᠡᠷᠢᠭᠦᠨ ᠤ ᠦᠢᠯᠡ ᠠᠵᠢᠯᠯᠠᠭ᠎ᠠ ᠶᠢ ᠳᠠᠶᠢᠯᠪᠣᠷᠢᠯᠠᠪᠠ᠃ ᠦᠢᠯᠡ ᠠᠵᠢᠯᠯᠠᠭ᠎ᠠ ᠨᠢ ᠠᠮᠢᠳᠤᠯᠢᠭ | ᠪᠥᠭᠡᠳ ᠰᠡᠳᠬᠢᠯ ᠬᠥᠳᠡᠯᠭᠡᠮ᠎ᠡ᠂ ᠬᠥᠮᠦᠰ ᠢ ᠭᠦᠨ ᠰᠡᠳᠬᠢᠭᠦᠯᠵᠦ᠂ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ | ᠲᠠᠯᠠᠪᠠᠢ ᠳᠦᠭᠦᠷᠡᠩ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠪᠠᠶᠢᠨ ᠪᠠᠶᠢᠨ ᠴᠤᠤᠷᠢᠶᠠᠲᠤᠵᠤ ᠪᠠᠶᠢᠯ᠎ᠠ᠃ | ᠵᠠᠩ ᠶᠢᠨ ᠫᠢᠩ ᠮᠡᠳᠡᠭᠦᠯᠦᠯᠲᠡ ᠶᠢᠨ ᠬᠤᠷᠠᠯ ᠢ ᠡᠷᠬᠢᠯᠡᠬᠦ ᠳᠡᠭᠡᠨ᠂ ᠪᠦᠬᠦ ᠠᠶᠢᠮᠠᠭ ᠤᠨ ᠡᠯ᠎ᠡ ᠱᠠᠲᠤᠨ ᠤ | ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠣᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ | ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠳᠣᠣᠱᠯᠠᠭᠤᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠪᠠᠷ ᠳᠠᠭᠤᠷᠢᠶᠠᠯ ᠪᠣᠯᠭᠠᠵᠤ᠂ | ᠲᠡᠳᠡᠨ ᠤ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠷ ᠤᠯᠤᠰ ᠲᠦᠷᠦ ᠶᠢᠨ ᠰᠦᠭ ᠰᠦᠨᠡᠰᠦ ᠪᠠᠨ ᠪᠣᠯᠭᠠᠭᠰᠠᠨ | ᠡᠷᠡᠰ ᠪᠠᠲᠤ ᠢᠲᠡᠭᠡᠯ ᠪᠢᠰᠢᠷᠡᠯ᠂ ᠠᠷᠠᠳ ᠲᠦᠮᠡᠨ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ ᠪᠣᠯᠭᠠᠭᠰᠠᠨ | ᠰᠢᠯᠢᠳᠡᠭ ᠵᠠᠩ ᠰᠤᠷᠲᠠᠯ᠂ ᠲᠥᠪ ᠭᠤᠣᠯᠴᠢ ᠪᠠᠷ ᠬᠠᠤᠯᠢ ᠪᠠᠷᠢᠬᠤ ᠪᠠᠷ ᠦᠷᠳᠡᠭ ᠤᠨ ᠬᠠᠨᠳᠤᠰᠢ ᠪᠣᠯᠭᠠᠭᠰᠠᠨ | ᠬᠤᠪᠢᠷᠠᠰᠢ ᠦᠭᠡᠢ ᠬᠡᠪ ᠰᠤᠷᠲᠠᠯ᠂ ᠰᠠᠬᠢᠯᠭ᠎ᠠ ᠪᠠᠲᠤ ᠴᠢᠩᠭ᠎ᠠ ᠲᠣᠳᠣᠷᠬᠠᠢ ᠪᠠᠶᠢᠬᠤ ᠪᠠᠷ ᠠᠵᠢᠯ ᠤᠨ ᠪᠠᠲᠤᠯᠠᠭ᠎ᠠ | ᠪᠣᠯᠭᠠᠭᠰᠠᠨ ᠪᠠᠲᠤ ᠴᠢᠩᠭ᠎ᠠ ᠰᠤᠷᠲᠠᠯ ᠢ ᠰᠤᠷᠤᠯᠴᠠᠵᠤ᠂ ᠨᠠᠮ ᠪᠣᠯᠤᠨ ᠠᠷᠠᠳ ᠲᠦᠮᠡᠨ ᠤ ᠣᠯᠭᠤᠭᠰᠠᠨ ᠰᠢᠨ᠎ᠡ ᠴᠠᠭ | ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠰᠠᠶᠢᠲᠤᠷ ᠭᠦᠢᠴᠡᠳᠬᠡᠬᠦ ᠬᠡᠷᠡᠭᠲᠡᠢ ᠭᠡᠪᠠ᠃ | ᠮᠡᠳᠡᠭᠦᠯᠦᠯᠲᠡ ᠶᠢᠨ ᠬᠤᠷᠠᠯ ᠸᠢᠳᠢᠣ᠋ ᠬᠡᠯᠪᠡᠷᠢ ᠪᠠᠷ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠷᠪᠠᠨ ᠬᠤᠶᠠᠳᠤᠭᠠᠷ ᠵᠢᠯᠣᠭᠤᠳᠬᠤ | ᠳᠤᠭᠤᠶᠢᠯᠠᠩ ᠤᠨ ᠳᠡᠳ᠋ ᠳᠠᠷᠤᠭ᠎ᠠ ᠪᠣᠯᠤᠨ ᠬᠤᠯᠪᠣᠭᠳᠠᠯ ᠪᠥᠬᠦᠶ ᠭᠡᠰᠢᠬᠦᠨ᠂ ᠠᠶᠢᠮᠠᠭ ᠤᠨ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ | ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠨᠢᠬᠡᠴᠡ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠭᠡᠰᠢᠬᠦᠨ᠂ | ᠳᠡᠳ᠋ ᠰᠠᠯᠠᠭᠠᠨ ᠤ ᠲᠠᠰ ᠠᠴᠠ ᠳᠡᠭᠡᠭᠰᠢᠬᠢ ᠺᠠᠳ᠋ᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠠᠤᠯᠢᠴᠢ᠂ ᠰᠤᠷᠤᠭᠴᠢᠳ ᠤᠨ ᠲᠥᠯᠥᠭᠡᠯᠡᠭᠴᠢ | ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠬᠤᠷᠠᠯ ᠤᠨ ᠭᠤᠤᠯ ᠲᠠᠯᠠᠪᠠᠶ ᠳᠤ ᠮᠡᠳᠡᠭᠦᠯᠦᠯᠲᠡ ᠶᠢ ᠰᠣᠨᠣᠰᠪᠠ᠃ | ᠡᠯ᠎ᠡ ᠬᠤᠰᠢᠭᠤ ᠨᠡᠭᠡᠭᠡᠯᠳᠡ ᠶᠢᠨ ᠣᠷᠣᠨ ᠳᠤ ᠬᠤᠷᠠᠯ ᠤᠨ ᠬᠤᠪᠢᠶᠠᠷᠢ ᠲᠠᠯᠠᠪᠠᠢ ᠶᠢ ᠳᠣᠬᠢᠷᠠᠭᠤᠯᠪᠠ᠃ | | | | |