ᠴᠣᠯ ᠮᠢᠬ᠎ᠠ ᠪᠠᠷ ᠬᠤᠭᠤᠯᠠᠯᠠᠵᠤ ᠪᠤᠯᠬᠤ ᠤᠤ︖
ᠨᠡᠶᠢᠲᠡᠯᠡᠭᠰᠡᠨ ᠴᠠᠭ᠄
2021/7/22
     ᠡᠳᠦᠷ ᠪᠦᠷᠢ ᠴᠣᠯ ᠮᠢᠬ᠎ᠠ ᠪᠠᠷ ᠬᠤᠭᠤᠯᠠᠯᠠᠪᠠᠯ ᠶᠠᠭᠠᠭᠢᠳᠠᠭ ᠪᠤᠯ︖ ᠬᠡᠮᠡᠨ ᠳᠤᠷᠰᠢᠯᠳᠠ ᠬᠢᠵᠥ ᠦᠵᠡᠯ᠎ᠡ᠃ ᠡᠳᠦᠷ ᠪᠦᠷᠢ ᠵᠦᠪᠬᠡᠨ ᠡᠯ᠎ᠡ ᠲᠦᠷᠥᠯ ᠤᠨ ᠮᠢᠬ᠎ᠠ ᠪᠠᠷ ᠯᠡ ᠬᠤᠭᠤᠯᠠᠯᠠᠵᠤ᠂ ᠨᠢᠭᠡ ᠰᠠᠷ᠎ᠠ ᠶᠢᠨ ᠳᠠᠷᠠᠭ᠎ᠠ ᠪᠡᠶ᠎ᠡ ᠶᠢᠨ ᠬᠦᠨᠳᠦ ᠨᠢ ᠬᠠᠷᠢᠨ 3.5 ᠺᠢᠯᠣᠭ᠍ᠷᠠᠮ ᠪᠠᠭᠤᠷᠠᠭᠰᠠᠨ ᠪᠠᠶᠢᠯ᠎ᠠ᠃ ᠡᠨᠡ ᠬᠦ ᠳᠤᠷᠰᠢᠯᠳᠠ ᠪᠠᠷ ᠵᠥᠪᠬᠡᠨ ᠬᠠᠷᠠᠰᠤ ᠬᠤᠭᠤᠯᠠ ︵素食︶ ᠢᠳᠡᠪᠡᠯ ᠳᠤᠷᠠᠳᠠᠭ ᠭᠡᠬᠦ ᠦᠵᠡᠯᠳᠡ ᠶᠢ ᠨᠢᠴᠤᠭᠠᠵᠤ᠂ ᠵᠥᠪᠬᠡᠨ ᠮᠢᠬ᠎ᠠ ᠢᠳᠡᠭᠰᠡᠨ ᠴᠤ ᠪᠠᠰᠠ ᠳᠤᠷᠠᠳᠠᠭ ᠶᠤᠮ ᠪᠠᠶᠢᠨ᠎ᠠ ᠭᠡᠰᠡᠨ ᠰᠢᠨ᠎ᠡ ᠣᠶᠢᠯᠭᠠᠯᠳᠠ ᠶᠢ ᠪᠤᠢ ᠪᠤᠯᠭᠠᠵᠠᠢ᠃ ᠳᠡᠭᠡᠪᠡᠯ ᠴᠣᠯ ᠮᠢᠬ᠎ᠠ ᠪᠠᠷ ᠬᠤᠭᠤᠯᠠᠯᠠᠬᠤ ᠳᠤ ᠶᠠᠭᠠᠬᠢᠭᠠᠳ ᠳᠤᠷᠠᠳᠠᠭ ᠪᠤᠢ ᠭᠡᠪᠡᠯ᠄      1. ᠬᠦᠮᠦᠰ ᠶᠡᠷᠥ ᠨᠢ ᠮᠢᠬᠠᠨ ᠳᠤ ᠮᠠᠰᠢ ᠶᠡᠭᠡ ᠬᠡᠮᠵᠢᠶᠡᠨ ᠤ ᠺᠠᠯᠤᠷᠢ ᠠᠭᠤᠯᠤᠭᠳᠠᠳᠠᠭ ᠭᠡᠵᠥ ᠪᠣᠷᠣᠭᠤ ᠣᠶᠢᠯᠠᠭᠠᠳᠠᠭ᠂ ᠡᠭᠦᠨ ᠤ ᠡᠰᠡᠷᠭᠦ ᠪᠠᠷ᠂ ᠬᠠᠷ᠎ᠠ ᠮᠢᠬᠠᠨ ᠳᠤ ᠠᠭᠤᠯᠤᠭᠳᠠᠬᠤ ᠺᠠᠯᠤᠷᠢ ᠶᠢᠨ ᠬᠡᠮᠵᠢᠶ᠎ᠡ ᠨᠢ ᠵᠠᠷᠢᠮ ᠬᠠᠷᠠᠰᠤ ᠬᠤᠭᠤᠯᠠᠨ ᠠᠴᠠ ᠴᠦ ᠳᠣᠣᠷ᠎ᠠ ᠪᠠᠶᠢᠳᠠᠭ᠃ ᠴᠠᠷᠳᠠᠭᠤᠯ ᠶᠡᠭᠡ ᠠᠭᠤᠯᠤᠭᠳᠠᠳᠠᠭ ᠢᠳᠡᠰᠢᠨ ᠨᠤᠭᠤᠭ᠎ᠠ ᠨᠢ ᠬᠦᠮᠥᠨ ᠤ ᠪᠡᠶ᠎ᠡ ᠳᠤ ᠦᠭᠡᠬᠦ ᠬᠤᠷᠠᠮᠳᠤᠭᠤᠯᠵᠤ᠂ ᠪᠡᠶ᠎ᠡ ᠶᠢᠨ ᠬᠦᠨᠳᠦ ᠶᠢ ᠨᠡᠮᠡᠭᠳᠡᠭᠦᠯᠬᠦ ᠡᠷᠡᠰᠳᠡᠯ ᠲᠠᠢ᠂ ᠬᠠᠷᠢᠨ ᠴᠤᠯ ᠮᠢᠬ᠎ᠠ ᠪᠠᠷ ᠬᠤᠭᠤᠯᠠᠯᠠᠬᠤ ᠨᠢ ᠡᠨᠡᠬᠦ ᠡᠷᠡᠰᠳᠡᠯ ᠠᠴᠠ ᠵᠠᠶᠢᠯᠠᠰᠬᠢᠵᠤ ᠪᠤᠯᠤᠨ᠎ᠠ︔      2. ᠮᠢᠬᠠᠨ ᠳᠤ ᠠᠭᠤᠯᠤᠭᠳᠠᠬᠤ ᠤᠭᠤᠷᠠᠭ ᠨᠢ ᠪᠣᠳᠠᠰ ᠤᠨ ᠰᠣᠯᠢᠯᠴᠠᠭ᠎ᠠ ᠶᠢ ᠳᠦᠷᠭᠡᠳᠭᠡᠵᠥ᠂ ᠪᠡᠶ᠎ᠡ ᠶᠢᠨ ᠢᠯᠡᠭᠦᠴᠡ ᠰᠢᠭᠢᠷ᠂ ᠦᠭᠡᠬᠦ ᠵᠡᠷᠭᠡ ᠶᠢ ᠵᠠᠳᠠᠷᠠᠭᠤᠯᠵᠤ ᠭᠠᠳᠠᠭᠰᠢᠯᠠᠭᠤᠯᠬᠤ ᠴᠢᠳᠠᠪᠬᠢ ᠲᠠᠢ ᠪᠠᠶᠢᠳᠠᠭ᠃ ᠲᠡᠷᠡᠴᠢᠯᠡᠨ ᠮᠢᠬᠠᠨ ᠳᠤ ᠶᠡᠭᠡ ᠬᠡᠮᠵᠢᠶᠡᠨ ᠤ ᠸᠢᠲ᠋ᠠᠮᠢᠨ B12 ᠠᠭᠤᠯᠤᠭᠳᠠᠬᠤ ᠠᠴᠠ ᠪᠣᠯᠵᠤ᠂ ᠦᠭᠡᠬᠦ ᠶᠢ ᠵᠠᠳᠠᠷᠠᠭᠤᠯᠬᠤ ᠳᠤ ᠨᠡᠩ ᠰᠠᠶᠢᠨ ᠦᠢᠯᠡᠴᠢᠯᠡᠳᠡᠭ ᠶᠤᠮ︔      3. ᠬᠠᠷᠠᠰᠤ ᠬᠤᠭᠤᠯᠠ ᠢᠳᠡᠪᠡᠯ ᠴᠠᠳᠬᠤ ᠦᠭᠡᠢ ᠪᠦᠭᠡᠳ ᠪᠠᠰᠠ ᠠᠮᠠᠷᠬᠠᠨ ᠰᠢᠩᠭᠡᠳᠡᠭ ᠪᠣᠯᠬᠤᠷ ᠬᠦᠮᠦᠰ ᠶᠡᠷᠥ ᠨᠢ ᠬᠡᠮᠵᠢᠶ᠎ᠡ ᠪᠠᠨ ᠮᠡᠳᠡᠬᠦ ᠦᠭᠡᠢ ᠶᠡᠭᠡ ᠢᠳᠡᠴᠢᠬᠡᠳᠡᠭ᠂ ᠬᠠᠷᠢᠨ ᠮᠢᠬ᠎ᠠ ᠲᠠᠢ ᠬᠤᠭᠤᠯᠠ ᠨᠢ ᠠᠮᠲᠠᠲᠠᠢ ᠪᠦᠭᠡᠳ ᠠᠮᠠᠷᠬᠠᠨ ᠴᠠᠳᠳᠠᠭ ᠪᠣᠯᠬᠤᠷ ᠳᠡᠮᠡᠢ ᠶᠡᠭᠡ ᠢᠳᠡᠬᠦ ᠦᠭᠡᠢ ᠳᠤ ᠪᠣᠯᠴᠢᠬᠠᠳᠠᠭ᠃ ᠭᠡᠬᠦ ᠳᠡᠭᠡᠨ ᠬᠡᠷᠪᠡ ᠵᠦᠪᠬᠡᠨ ᠮᠢᠬ᠎ᠠ ᠪᠠᠷ ᠯᠡ ᠬᠤᠭᠤᠯᠠᠯᠠᠭᠠᠳ ᠪᠠᠶᠢᠪᠠᠯ ᠪᠠᠰᠠ ᠡᠶᠢᠮᠦ ᠲᠡᠶᠢᠮᠦ ᠠᠰᠠᠭᠤᠳᠠᠯ ᠢᠯᠡᠷᠡᠵᠦ ᠮᠡᠳᠡᠨ᠎ᠡ᠂ ᠲᠤᠬᠠᠶᠢᠯᠠᠪᠠᠯ᠂ ᠶᠠᠭᠤᠨ ᠤ ᠡᠮᠦᠨ᠎ᠡ ᠮᠢᠬ᠎ᠠ ᠠᠷᠪᠢᠨ ᠢᠳᠡᠬᠦ ᠨᠢ ᠠᠮᠠ ᠶᠢ ᠦᠮᠡᠬᠡᠶᠢᠷᠡᠭᠦᠯᠳᠡᠭ᠂ ᠳᠠᠷᠠᠭᠠᠯᠠᠪᠠᠯ ᠤᠷᠭᠤᠮᠠᠯ ᠪᠣᠳᠠᠰ ᠤᠨ ᠰᠢᠮ᠎ᠡ ᠳᠡᠵᠢᠭᠡᠯ ᠳᠤᠳᠠᠭᠳᠠᠭᠰᠠᠨ ᠠᠴᠠ ᠬᠤᠷᠭᠤᠰᠤᠯᠠᠵᠤ᠂ ᠨᠡᠩ ᠴᠢᠨᠠᠭᠰᠢᠯᠠᠪᠠᠯ ᠤᠷᠳᠤ ᠬᠤᠭᠤᠴᠠᠭᠠᠨ ᠤ ᠳᠤᠷᠰᠢ ᠵᠦᠪᠬᠡᠨ ᠮᠢᠬ᠎ᠠ ᠪᠠᠷ ᠬᠤᠭᠤᠯᠠᠯᠠᠪᠠᠯ ᠪᠡᠶ᠎ᠡ ᠶᠢᠨ ᠳᠣᠳᠣᠭᠠᠳᠣ ᠴᠢᠳᠠᠪᠬᠢ ᠶᠢᠨ ᠲᠡᠩᠴᠡᠭᠦᠷᠢ ᠶᠢ ᠠᠯᠳᠠᠭᠤᠯᠵᠤ᠂ ᠦᠭᠡᠬᠦᠨ ᠤ ᠬᠡᠮᠵᠢᠶ᠎ᠡ ᠶᠢ ᠪᠠᠭᠠᠰᠬᠠᠬᠤ ᠶᠢᠨ ᠬᠠᠮᠳᠤ ᠪᠠᠰᠠ ᠪᠤᠯᠴᠢᠩ ᠰᠢᠷᠪᠤᠰᠤ ᠶᠢᠨ ᠥᠰᠦᠯᠲᠡ ᠶᠢ ᠨᠦᠯᠦᠭᠡᠯᠡᠳᠡᠭ᠃  
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号