ᠢᠨᠢᠶᠡᠬᠦ ᠨᠢ ᠡᠷᠡᠭᠦᠯ ᠮᠡᠨᠳᠦ ᠳᠤ ᠰᠠᠶᠢᠨ ᠲᠠᠯ᠎ᠠ ᠲᠠᠢ
ᠨᠡᠶᠢᠲᠡᠯᠡᠭᠰᠡᠨ ᠴᠠᠭ᠄
2021/7/22
      1 . ᠴᠢᠰᠤᠨ ᠳᠠᠷᠤᠯᠲᠠ ᠶᠢ ᠪᠠᠭᠤᠷᠠᠭᠤᠯᠵᠤ᠂ ᠵᠢᠷᠦᠬᠡ ᠲᠠᠷᠢᠬᠢ ᠶᠢ ᠬᠠᠮᠠᠭᠠᠯᠠᠳᠠᠭ᠃ ᠶᠠᠫᠣᠨ ᠤ ᠰᠤᠳᠤᠯᠭᠠᠳᠡᠳ ᠣᠯᠵᠤ ᠮᠡᠳᠡᠭᠰᠡᠨ ᠨᠢ᠂ ᠲᠣᠷᠰᠢᠯᠳᠠ ᠳᠤ ᠣᠷᠣᠯᠴᠠᠭᠰᠠᠳ ᠢᠨᠢᠶᠡᠳᠤᠮ ᠲᠠᠢ ᠲᠦᠷᠣᠯ ᠤᠨ ᠶᠡᠷᠦᠩᠬᠡᠶᠢᠯᠡᠭᠰᠡᠨ ᠤᠷᠠᠯᠢᠭ ᠤᠨ ᠲᠤᠭᠯᠠᠯᠲᠠ ᠦᠵᠡᠬᠦ ᠦᠶ᠎ᠡ ᠳᠤ᠂ ᠪᠡᠶ᠎ᠡ ᠶᠢᠨ ᠳᠣᠲᠣᠭᠠᠳᠤ ᠡᠷᠬᠡᠲᠡᠨ ᠤ ᠴᠢᠰᠤᠨ ᠤ ᠤᠷᠤᠰᠴᠠ ᠲᠦᠷᠭᠡᠰᠴᠤ᠂ ᠴᠢᠰᠤᠨ ᠤ ᠡᠷᠭᠢᠯᠲᠡ ᠰᠠᠶᠢᠵᠢᠷᠠᠨ᠎ᠠ᠃ ᠡᠭᠦᠨ ᠠᠴᠠ ᠭᠠᠳᠠᠨ᠎ᠠ᠂ ᠬᠥᠮᠦᠰ ᠢ ᠡᠯᠢᠭᠡ ᠬᠦᠰᠢᠳᠡᠯ᠎ᠠ ᠢᠨᠢᠶᠡᠯᠭᠡᠬᠦ ᠱᠤᠭ ᠵᠦᠴᠦᠭᠡ ᠶᠢᠨ ᠺᠢᠨᠣ᠋ ᠨᠢ 24 ᠴᠠᠭ ᠤᠨ ᠳᠣᠲᠣᠷ᠎ᠠ ᠦᠵᠡᠭᠴᠢᠳ ᠲᠤ ᠴᠢᠰᠤᠨ ᠰᠤᠳᠠᠯ ᠢ ᠲᠡᠯᠡᠬᠦᠯᠬᠦ᠂ ᠲᠠᠷᠢᠬᠢᠨ ᠤ ᠴᠢᠰᠤᠨ ᠤ ᠬᠠᠩᠭᠠᠯᠳᠠ ᠶᠢ ᠰᠠᠶᠢᠵᠢᠷᠠᠭᠤᠯᠬᠤ᠂ ᠴᠢᠰᠤᠨ ᠳᠠᠷᠤᠯᠲᠠ ᠶᠢ ᠪᠠᠭᠤᠷᠠᠭᠤᠯᠬᠤ ᠦᠢᠯᠡᠳᠦᠯ ᠦᠵᠡᠭᠦᠯᠳᠡᠭ ᠪᠣᠯᠬᠤᠷ ︽ᠲᠦᠷᠦᠯᠬᠢ ᠴᠢᠰᠤᠨ ᠳᠠᠷᠤᠯᠲᠠ ᠶᠢ ᠪᠠᠭᠤᠷᠠᠭᠤᠯᠬᠤ ᠡᠮ︾ ᠭᠡᠵᠦ ᠬᠡᠯᠡᠵᠦ ᠪᠣᠯᠤᠨ᠎ᠠ᠃       2 . ᠲᠠᠷᠣᠭᠠᠰᠣ ᠶᠢ ᠠᠷᠢᠯᠭᠠᠨ᠂ ᠭᠠᠩᠰᠠᠷᠠᠬᠤ ᠶᠢ ᠡᠮᠨᠡᠨ ᠵᠠᠰᠠᠳᠠᠭ᠃ ᠢᠨᠢᠶᠡᠬᠦ ᠨᠢ ᠮᠠᠬᠠᠪᠣᠳ ᠤᠨ ᠡᠷᠡᠭᠦᠯ ᠮᠡᠨᠳᠦ ᠳᠤ ᠦᠢᠯᠡᠳᠦᠯ ᠦᠵᠡᠭᠦᠯᠬᠦ ᠶᠢᠨ ᠬᠠᠮᠲᠤ ᠪᠠᠰᠠ ᠰᠡᠳᠬᠢᠴᠡ ᠶᠢᠨ ᠲᠤᠰᠬᠠᠯ ᠢ ᠡᠭᠦᠰᠭᠡᠳᠡᠭ᠂ ᠡᠨᠡ ᠨᠢ ᠳᠠᠷᠤᠶ ᠬᠥᠮᠦᠰ ᠴᠢᠨᠡᠭᠡ ᠪᠠᠷ ᠢᠶᠠᠨ ᠪᠠᠶᠠᠰᠣᠨ ᠢᠨᠢᠶᠡᠭᠰᠡᠨ ᠤ ᠳᠠᠷᠠᠭ᠎ᠠ ᠰᠡᠳᠬᠢᠯ ᠠᠭᠤᠵᠢᠷᠠᠨ ᠲᠠᠭᠠᠯᠠᠮᠵᠢᠲᠠᠶ ᠰᠠᠨᠠᠭᠳᠠᠳᠠᠭ ᠤᠨ ᠤᠴᠢᠷ ᠶᠤᠮ᠃ ᠰᠢᠨᠵᠢᠯᠡᠬᠦ ᠤᠬᠠᠭᠠᠨᠲᠠᠳ ᠨᠢᠭᠡ ᠵᠦᠢᠯ ᠤᠨ ᠰᠢᠨ᠎ᠡ ᠰᠤᠳᠤᠯᠭᠠ ᠠᠴᠠ᠂ ᠬᠦᠮᠣᠰ ᠨᠢᠭᠡ ᠤᠳᠠᠭ᠎ᠠ ᠠᠭᠤᠵᠢᠷᠠᠲᠠᠯ᠎ᠠ ᠢᠨᠢᠶᠡᠪᠡᠯ ᠬᠥᠮᠦᠨ ᠤ ᠪᠡᠶ᠎ᠡ ᠳᠣᠲᠣᠷᠠᠬᠢ ᠬᠦᠷᠦᠰᠦᠮᠡᠭ ᠤᠨ ᠠᠯᠺᠣᠣᠯ᠂ ᠪᠥᠭᠡᠷ᠎ᠡ ᠶᠢᠨ ᠪᠤᠯᠴᠢᠷᠬᠠᠶ ᠶᠢᠨ ᠡᠳ᠋ ᠪᠠ ᠳ᠋ᠦᠸ᠋ᠪᠠᠺᠧ ᠵᠡᠷᠭᠡ ᠭᠤᠷᠪᠠᠨ ᠵᠦᠢᠯ ᠤᠨ ᠳᠠᠷᠤᠯᠲᠠ ᠶᠢᠨ ᠬᠤᠷᠮᠣᠨ ᠤ ᠲᠦᠪᠰᠢᠨ ᠢ ᠲᠤᠰ ᠲᠤᠰ 39 %᠂ 70 % ᠪᠠ 38 % ᠪᠠᠷ ᠪᠠᠭᠤᠷᠠᠭᠤᠯᠬᠤ ᠶᠢ ᠣᠯᠵᠤ ᠮᠡᠳᠡᠵᠡᠢ᠃ ᠰᠤᠳᠤᠯᠭᠠᠳᠡᠳ ᠢᠯᠡᠷᠬᠡᠶᠢᠯᠡᠬᠦ ᠳᠡᠭᠡᠨ᠂ ᠡᠳᠡᠭᠡᠷ ᠠᠴᠠ ᠦᠵᠡᠬᠦ ᠳᠤ ᠣᠬᠤᠷᠬᠠᠨ ᠬᠤᠭᠤᠴᠠᠭᠠᠨ ᠤ ᠰᠡᠳᠬᠢᠴᠡ ᠶᠢ ᠨᠥᠯᠥᠭᠡᠯᠡᠬᠦ ᠬᠦᠴᠦᠨ ᠵᠦᠶ᠋ᠯ ᠨᠢ ᠡᠴᠤᠰ ᠲᠡᠭᠡᠨ ᠰᠡᠳᠬᠢᠴᠡ ᠶᠢᠨ ᠡᠪᠡᠳᠴᠢᠨ ᠢ ᠵᠠᠰᠠᠬᠤ ᠦᠶ᠋ᠯᠡᠳᠦᠯ ᠭᠠᠷᠭᠠᠵᠤ ᠮᠡᠳᠡᠨ᠎ᠡ᠃ ᠣᠳᠣᠬᠠᠨ ᠳᠤ ᠲᠡᠳᠡ ᠨᠢᠭᠡᠨᠲᠡ ᠢᠨᠢᠶᠡᠬᠦ ᠵᠠᠰᠠᠯ ᠢ ᠲᠠᠷᠣᠭᠠᠰᠣ ᠶᠢ ᠬᠦᠩᠬᠡᠯᠡᠬᠦ ᠪᠠᠭᠠᠵᠢ ᠪᠣᠯᠭᠠᠵᠣ᠂ ᠪᠣᠬᠢᠨᠢᠳᠣᠬᠤ ᠡᠪᠡᠳᠴᠢᠨ ᠪᠠ ᠭᠠᠩᠰᠠᠷᠠᠬᠤ ᠡᠪᠡᠳᠴᠢᠨ ᠲᠠᠢ ᠡᠪᠡᠳᠴᠢᠲᠡᠨ ᠳᠤ ᠥᠷᠭᠡᠨ ᠢᠶᠠᠷ ᠬᠡᠷᠡᠭᠯᠡᠬᠦ ᠪᠠᠷ ᠪᠡᠯᠡᠳᠬᠡᠵᠦ ᠪᠠᠶᠢᠨ᠎ᠠ᠃       3 . ᠥᠯᠥ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠧᠷᠢᠺᠠ ᠶᠢᠨ ᠡᠷᠳᠡᠮᠲᠡᠨ ᠢᠨᠢᠶᠡᠬᠦ ᠨᠢ ᠬᠥᠮᠦᠨ ᠤ ᠪᠡᠶ᠎ᠡ ᠶᠢᠨ ᠦᠷᠪᠢᠰᠦᠯ ᠤᠨ ᠬᠡᠮᠵᠢᠶ᠎ᠡ ᠶᠢ ᠲᠣᠷᠣᠭᠰᠢᠯᠠᠭᠤᠯᠬᠤ ᠶᠢᠨ ᠬᠠᠮᠲᠤ᠂ ᠯᠢᠮᠪᠠ ᠶᠢᠨ ᠡᠰ ᠤᠨ ᠢᠳᠡᠪᠬᠢ ᠴᠢᠨᠠᠷ ᠢ ᠳᠡᠭᠡᠭᠰᠢᠯᠡᠭᠦᠯᠳᠡᠭ ᠢ ᠰᠤᠳᠤᠯᠤᠨ ᠢᠯᠡᠷᠡᠭᠦᠯᠪᠡ᠃ ᠡᠶᠢᠮᠦ ᠠᠴᠠ ᠢᠨᠢᠶᠡᠬᠦ ᠨᠢ ᠪᠡᠶ᠎ᠡ ᠮᠠᠬᠠᠪᠣᠳ ᠤᠨ ᠵᠣᠬᠢᠴᠠᠭᠠᠣᠯᠬᠤ ᠰᠢᠰᠲ᠋ᠧᠮ ᠤᠨ ᠴᠢᠳᠠᠮᠵᠢ ᠶᠢ ᠨᠡᠮᠡᠭᠳᠡᠭᠦᠯᠵᠦ᠂ ᠪᠡᠶ᠎ᠡ ᠮᠠᠬᠠᠪᠣᠳ ᠢ ᠡᠪᠡᠳᠴᠢᠨ ᠡᠮᠭᠡᠭ ᠠᠴᠠ ᠬᠠᠮᠠᠭᠠᠯᠠᠬᠤ ᠪᠣᠯᠤᠨ᠎ᠠ᠃ ᠢᠨᠢᠶᠡᠬᠦ ᠶᠢ ᠢᠳᠡᠭᠡᠨ ᠤᠮᠳᠠᠭᠠᠨ ᠢ ᠲᠡᠩᠴᠡᠭᠦᠯᠬᠦ᠂ ᠢᠳᠡᠪᠬᠢᠲᠡᠢ ᠳᠠᠪᠲᠠᠨ ᠪᠣᠯᠪᠠᠰᠤᠷᠠᠬᠤ ᠪᠠ ᠲᠠᠪᠠᠳᠠᠢ ᠰᠠᠶᠢᠬᠠᠨ ᠣᠨᠳᠠᠬᠤ ᠲᠠᠢ ᠠᠳᠠᠯᠢ ᠴᠢᠬᠤᠯᠠᠴᠢᠯᠠᠵᠦ᠂ ᠲᠡᠭᠦᠨ ᠢ ᠤᠯᠠᠮᠵᠢᠯᠠᠯᠲᠤ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠳᠤ ᠣᠷᠣᠭᠤᠯᠪᠠ᠃       4 . ᠡᠪᠡᠳᠬᠦ ᠶᠢ ᠨᠠᠮᠳᠠᠭᠤᠯᠳᠠᠭ᠃ ᠰᠤᠳᠤᠯᠭᠠᠳᠡᠳ ᠠᠯᠢ ᠣᠯᠠᠨ ᠲᠣᠷᠰᠢᠯᠳᠠ ᠪᠠᠷ ᠳᠠᠮᠵᠢᠨ ᠣᠯᠵᠤ ᠮᠡᠳᠡᠭᠰᠡᠨ ᠨᠢ᠂ ᠲᠣᠷᠰᠢᠯᠳᠠ ᠳᠤ ᠣᠷᠣᠯᠴᠠᠭᠰᠠᠳ ᠨᠢ ᠨᠢᠭᠡ ᠪᠦᠯᠦᠭ ᠬᠥᠮᠦᠰ ᠲᠠᠢ ᠬᠠᠮᠲᠤ ᠶᠡᠭᠡ ᠪᠠᠷ ᠢᠨᠢᠶᠡᠬᠦ ᠦᠶᠡᠰ᠂ ᠲᠡᠳᠡᠨ ᠤ ᠡᠪᠡᠳᠬᠦ ᠶᠢ ᠲᠡᠰᠪᠤᠷᠢᠯᠡᠬᠦ ᠬᠡᠮᠵᠢᠶ᠎ᠡ ᠨᠢ ᠢᠯᠡᠳᠲᠡ ᠳᠡᠭᠡᠭᠰᠢᠯᠡᠪᠡ᠃ ᠳᠠᠷᠠᠭ᠎ᠠ ᠨᠢ᠂ ᠶᠠᠷᠢᠶᠠᠨ ᠤ ᠰᠡᠳᠦᠪ ᠨᠢ ᠲᠡᠶᠢᠮᠦ ᠢᠨᠢᠶᠡᠳᠦᠮ ᠲᠠᠢ ᠶᠠᠪᠤᠳᠠᠯ ᠪᠢᠰᠢ ᠪᠣᠯᠬᠤ ᠦᠶ᠎ᠡ ᠳᠤ᠂ ᠲᠣᠷᠰᠢᠯᠳᠠ ᠳᠤ ᠣᠷᠣᠯᠴᠠᠭᠰᠠᠳ ᠤᠨ ᠡᠪᠡᠳᠬᠦ ᠶᠢ ᠲᠠᠰᠪᠤᠷᠢᠯᠡᠬᠦ ᠴᠢᠳᠠᠪᠤᠷᠢ ᠨᠢ ᠲᠤᠷᠤᠭᠰᠢᠯᠠᠵᠠᠢ᠃ ᠲᠤᠰᠬᠠᠶ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠢᠨᠢᠶᠡᠪᠡᠯ ᠡᠪᠡᠳᠬᠦ ᠳᠠᠷᠤᠭᠳᠠᠳᠠᠭ ᠤᠨ ᠤᠴᠢᠷ ᠨᠢ ᠪᠠᠷᠤᠭ ᠪᠡᠶ᠎ᠡ ᠮᠠᠬᠠᠪᠣᠳ ᠨᠢ ᠲᠡᠭᠦᠨ ᠢ ᠳᠠᠭᠠᠯᠳᠤᠨ ᠲᠤᠲᠤᠭᠠᠳᠤ ᠲᠠᠶᠢᠪᠤᠰᠢᠷᠠᠯ ᠢ ᠪᠤᠢ ᠪᠤᠯᠭᠠᠭᠰᠠᠨ ᠠᠴᠠ ᠪᠣᠯᠤᠭᠰᠠᠨ ᠪᠠᠶᠢᠵᠤ ᠮᠡᠳᠡᠨ᠎ᠡ ᠭᠡᠵᠡᠶ᠃ ᠡᠨᠡ ᠪᠣᠯ ᠨᠢᠭᠡ ᠵᠦᠢᠯ ᠤᠨ ᠲᠦᠷᠦᠯᠬᠢ ᠡᠪᠡᠳᠬᠦ ᠶᠢ ᠵᠣᠭᠰᠣᠭᠠᠬᠤ ᠡᠮ ᠮᠥᠨ᠂ ᠡᠨᠡ ᠨᠢ ᠪᠢᠳᠡᠨ ᠤ ᠡᠪᠡᠳᠬᠦ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠭᠰᠡᠨ ᠪᠠᠶᠢᠨ᠎ᠠ᠃       5 ᠬᠦᠮᠣᠨ ᠤ ᠪᠡᠶ᠎ᠡ ᠶᠢᠨ ᠢᠯᠴᠢ ᠶᠢᠨ ᠬᠡᠮᠵᠢᠶ᠎ᠡ ᠶᠢ ᠳᠡᠭᠡᠭᠰᠢᠯᠡᠭᠦᠯᠳᠡᠭ᠃ ᠠᠮᠧᠷᠢᠺᠠ ᠶᠢᠨ ᠰᠤᠳᠤᠯᠭᠠᠳᠡᠳ ᠢᠯᠡᠷᠬᠡᠶᠢᠯᠡᠬᠦ ᠳᠡᠭᠡᠨ᠂ ᠬᠡᠳᠦ᠋ᠢᠪᠡᠷ ᠢᠨᠢᠶᠡᠵᠦ ᠨᠢ ᠬᠥᠳᠡᠯᠭᠡᠭᠡᠨ ᠤ ᠪᠣᠯᠪᠠᠰᠤᠷᠠᠯ ᠢ ᠣᠷᠣᠯᠠᠵᠤ ᠲᠡᠶᠢᠯᠬᠦ ᠥᠬᠡᠶ ᠪᠣᠯᠪᠠᠴᠤ ᠢᠨᠢᠶᠡᠬᠦ ᠳᠠᠭᠤᠨ ᠨᠢ 10 ~ 15 ᠮᠢᠨᠦ᠋ᠲ ᠦᠷᠬᠦᠯᠵᠢᠯᠡᠪᠡᠯ 40 ᠺᠢᠯᠤᠸᠠᠲ ᠬᠦᠷᠬᠦ ᠢᠯᠴᠢ ᠭᠠᠷᠭᠠᠵᠦ ᠴᠢᠳᠠᠨ᠎ᠠ ᠭᠡᠵᠡᠶ᠃ ᠡᠭᠦᠨ ᠢᠶᠠᠷ ᠪᠠᠷᠠᠬᠤ ᠦᠭᠡᠢ᠂ ᠶᠡᠭᠡ ᠪᠠᠷ ᠢᠨᠢᠶᠡᠬᠦ ᠨᠢ ᠪᠠᠰᠠ ᠬᠡᠪᠡᠯᠢ ᠂ ᠮᠥᠷᠥ᠂ ᠪᠤᠯᠴᠢᠩ ᠵᠡᠷᠭᠡ ᠪᠡᠶ᠎ᠡ ᠶᠢᠨ ᠡᠷᠬᠡᠲᠡᠨ ᠢ ᠳᠠᠪᠲᠠᠨ ᠪᠤᠯᠪᠠᠰᠤᠷᠠᠭᠤᠯᠵᠦ ᠴᠢᠳᠠᠳᠠᠭ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号