7 ᠰᠠᠷ᠎ᠠ ᠶᠢᠨ 17 ᠤ ᠡᠳᠤᠷ ᠤᠨ ᠣᠷᠣᠢ᠂ ᠠᠯᠠᠱᠠ ᠠᠶᠢᠮᠠᠭ ᠤᠨ ᠤᠳᠬ᠎ᠠ ᠤᠷᠠᠯᠢᠭ ᠤᠨ ᠬᠢᠨ ᠤ | ᠬᠤᠯᠪᠤᠭ᠎ᠠ᠂ ᠠᠯᠠᠱᠠ ᠵᠡᠬᠦᠨ ᠬᠤᠰᠢᠭᠤᠨ ᠤ ᠰᠣᠶᠣᠯ ᠤᠨ ᠣᠷᠳᠣᠨ ᠠᠴᠠ ᠭᠤᠣᠯᠴᠢᠯᠠᠨ ᠡᠷᠬᠢᠯᠡᠵᠦ᠂ ᠠᠯᠠᠱᠠ | ᠠᠶᠢᠮᠠᠭ ᠤᠨ ᠮᠣᠷᠢᠨ ᠬᠤᠭᠤᠷᠴᠢᠳ ᠤᠨ ᠨᠡᠶᠢᠬᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠨᠠᠮ ᠪᠠᠶᠢᠭᠤᠯᠤᠭᠳᠠᠭᠰᠠᠨ | 100 ᠵᠢᠯ ᠤᠨ ᠣᠢ ᠶᠢ ᠲᠡᠮᠳᠡᠭᠯᠡᠬᠦ ︽ᠬᠤᠭᠤᠷ ᠤᠨ ᠠᠶ᠎ᠠ ᠪᠠᠨ ᠬᠥᠩᠬᠢᠨᠡᠭᠦᠯᠦᠨ ᠨᠠᠮ ᠢᠶᠠᠨ ᠮᠠᠭᠲᠠᠨ ᠤᠶᠠᠩᠭᠠᠯᠠᠶ᠎ᠠ | ︾ ᠠᠩᠬᠠᠳᠤᠭᠠᠷ ᠬᠤᠭᠤᠴᠠᠭᠠᠨ ᠤ ᠮᠣᠷᠢᠨ ᠬᠤᠭᠤᠷ ᠤᠨ ᠲᠤᠰᠬᠠᠢ ᠲᠣᠭᠯᠠᠯᠲᠠ ᠪᠠᠶᠠᠨᠬᠤᠲᠠ ᠶᠢᠨ ᠣᠯᠠᠨ | ᠬᠡᠷᠡᠭᠴᠡᠭᠡᠲᠦ ᠪᠡᠶ᠎ᠡ ᠶᠢᠨ ᠲᠠᠮᠢᠷ ᠤᠨ ᠲᠠᠯᠠᠪᠠᠢ ᠳᠤ ᠨᠢᠵᠢᠭᠢᠷ ᠰᠠᠶᠢᠬᠠᠨ ᠶᠠᠪᠤᠭᠳᠠᠯ᠎ᠠ᠃ | ᠠᠯᠠᠱᠠ ᠠᠶᠢᠮᠠᠭ ᠤᠨ ᠮᠣᠷᠢᠨ ᠬᠤᠭᠤᠷᠴᠢᠳ ᠤᠨ ᠨᠡᠶᠢᠬᠡᠮᠯᠢᠭ 2008 ᠣᠨ ᠳᠤ ᠪᠠᠶᠢᠭᠤᠯᠤᠭᠳᠠᠵᠤ᠂ ᠣᠳᠣ | 198 ᠭᠡᠰᠢᠭᠦᠨ ᠲᠠᠢ᠃ ᠮᠣᠷᠢᠨ ᠬᠤᠭᠤᠷ ᠤᠨ ᠤᠷᠠᠯᠢᠭ ᠤᠨ ᠠᠵᠢᠯᠲᠠᠳ ᠦᠨᠳᠦᠰᠦᠲᠡᠨ ᠤ ᠪᠠᠨ ᠰᠣᠶᠣᠯ ᠢ | ᠳᠡᠯᠭᠡᠷᠡᠭᠦᠯᠵᠦ᠂ ᠮᠣᠷᠢᠨ ᠬᠤᠭᠤᠷ ᠤᠨ ᠤᠷᠠᠯᠢᠭ ᠢ ᠤᠯᠠᠮᠵᠢᠯᠠᠨ ᠬᠥᠭᠵᠢᠭᠦᠯᠬᠦ ᠵᠣᠷᠢᠯᠭ᠎ᠠ ᠪᠠᠷ ᠰᠢᠷᠭᠠᠭᠤ | ᠬᠠᠲᠠᠭᠤᠵᠢᠯᠲᠠᠢ ᠠᠵᠢᠯᠯᠠᠵᠦ᠂ ᠤᠯᠤᠰ ᠣᠷᠣᠨ ᠤ ᠲᠡᠰ ᠤᠨ ᠲᠣᠮᠣ ᠲᠣᠭᠯᠠᠯᠲᠠ ᠳᠤ ᠣᠷᠣᠯᠴᠠᠵᠤ ᠪᠠᠶᠢᠭᠰᠠᠨ ᠪᠠ | ᠤᠯᠤᠰ ᠤᠨ ᠭᠠᠳᠠᠭᠠᠳᠤ ᠳᠤ ᠲᠣᠭᠯᠠᠯᠲᠠ ᠭᠠᠷᠭᠠᠨ ᠰᠠᠶᠢᠨ ᠦᠨᠡᠯᠡᠯᠲᠡ ᠶᠢ ᠣᠯᠵᠤ᠂ ᠣᠯᠣᠰ ᠣᠷᠣᠨ ᠤ ᠱᠠᠩᠨᠠᠯ | ᠬᠥᠬᠢᠭᠦᠯᠦᠯ ᠢ ᠣᠯᠠᠨᠲᠠ ᠲᠣᠰᠴᠤ᠂ ᠬᠦᠮᠦᠰ ᠤᠨ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠶᠢ ᠡᠭᠦᠳᠦᠭᠰᠡᠨ | ᠪᠠᠶᠢᠨ᠎ᠠ᠃ | ᠲᠤᠰ ᠤᠳᠠᠭᠠᠨ ᠤ ᠲᠣᠭᠯᠠᠯᠲᠠ ᠳᠤ ︽ᠪᠢ ᠡᠬᠡ ᠤᠯᠤᠰ ᠲᠠᠢ ᠪᠠᠨ ᠬᠠᠮᠲᠤ︾᠂ ︽ᠲᠦᠮᠡᠨ ᠠᠭᠲᠠ ᠶᠢᠨ | ᠲᠦᠪᠡᠷᠭᠡᠨ︾ ᠵᠡᠷᠭᠡ 11 ᠲᠤᠭᠯᠠᠯᠲᠠ ᠭᠠᠷᠭᠠᠵᠤ᠂ ᠡᠬᠡ ᠤᠯᠤᠰ᠂ ᠨᠠᠮ ᠳᠠᠭᠠᠨ ᠬᠠᠶᠢᠷᠠᠳᠠᠢ ᠰᠡᠳᠬᠢᠯᠭᠡ ᠪᠠᠨ | ᠢᠯᠡᠷᠡᠭᠦᠯᠤᠠ᠂ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠲᠤᠷᠰᠢᠬᠢ ᠬᠥᠭᠵᠢᠯ | ᠪᠠᠳᠠᠷᠠᠯ ᠢ ᠮᠣᠷᠢᠨ ᠬᠤᠭᠤᠷ ᠤᠨ ᠡᠭᠡᠰᠢᠭ ᠢᠶᠠᠷ ᠢᠶᠠᠨ ᠢᠯᠡᠷᠡᠬᠦᠯᠦᠭᠰᠡᠠ ᠪᠠᠶᠢᠨ᠎ᠠ ᠃ |