ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠡᠯ᠎ᠡ ᠬᠠᠷᠢᠶ᠎ᠠ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠢ ᠵᠣᠬᠢᠶᠠᠨ | ᠪᠠᠶᠢᠭᠤᠯᠵᠤ᠂ ᠡᠯ᠎ᠡ ᠡᠵᠡᠩᠨᠡᠯᠲᠡ ᠶᠢᠨ ᠡᠷᠦᠬᠡ ᠳᠤ ︽ᠠᠮᠤᠷ ᠠᠮᠤᠭᠤᠯᠠᠩ ᠢ ᠪᠠᠶᠢᠴᠠᠭᠠᠬᠤ︾ ᠲᠠᠪᠴᠠᠩ ᠤᠨ ︽ | ᠵᠢᠭᠠᠨ ᠰᠤᠷᠭᠠᠯᠲᠠ︾ ᠬᠢᠵᠦ᠂ ᠤᠷᠢᠳ ᠢᠶᠠᠷ ᠨᠢᠭᠡ ᠪᠦᠯᠦᠭ ᠵᠥᠭᠡᠯᠡᠨ ᠲᠣᠨᠤᠭ ᠢ ᠰᠠᠶᠢᠨ ᠮᠡᠳᠡᠳᠡᠭ | ᠡᠵᠡᠩᠨᠡᠯᠲᠡ ᠶᠢᠨ ᠡᠷᠦᠬᠡ ᠶᠢ ᠵᠢᠭᠠᠨ ᠵᠢᠯᠣᠭᠤᠳᠴᠤ ᠪᠠᠶᠢᠭᠠᠳ ᠪᠣᠶ ᠪᠥᠬᠦᠶ ᠡᠵᠡᠩᠨᠡᠯᠲᠡ ᠶᠢᠨ ᠡᠷᠦᠬᠡ ᠶᠢ | ᠳᠠᠶᠢᠴᠢᠯᠠᠪᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠲᠣᠰ ᠲᠠᠪᠴᠠᠩ ᠢ ᠠᠰᠢᠭᠯᠠᠭᠰᠠᠨ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠨᠢᠭᠡᠴᠡ ᠶᠢᠨ ᠲᠤᠭ᠎ᠠ 2762 ᠪᠣᠯᠵᠣ᠂ ᠠᠵᠤ ᠠᠬᠤᠶᠢᠯᠠᠯ ᠡᠳᠦᠷ ᠪᠦᠷᠢ | ᠲᠣᠰ ᠲᠠᠪᠴᠠᠩ ᠳᠡᠭᠡᠷ᠎ᠡ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 848 ᠲᠦᠭᠰᠢᠭᠦᠷᠢ ᠶᠢ | ᠥᠪᠡᠰᠦᠪᠡᠨ ᠪᠠᠶᠢᠴᠠᠭᠠᠬᠤ ᠠᠵᠢᠯ᠂ 9493 ᠤᠳᠠᠭ᠎ᠠ ᠠᠵᠤ ᠠᠬᠤᠶᠢᠯᠠᠯ ᠥᠪᠡᠰᠦᠪᠡᠨ ᠪᠠᠶᠢᠴᠠᠭᠠᠬᠤ ᠠᠵᠢᠯ ᠢ | ᠥᠷᠨᠢᠭᠦᠯᠵᠦ᠂ ᠬᠢᠨᠠᠨ ᠬᠠᠮᠢᠶᠠᠷᠬᠤ ᠠᠵᠢᠯᠲᠠᠨ ᠠᠴᠠ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠬᠤ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ 111 ᠤᠳᠠᠭ᠎ᠠ ᠪᠠᠶᠢᠴᠠᠭᠠᠪᠠ᠃ |