ᠠᠯᠠᠱᠠ ᠵᠡᠬᠦᠨ ᠬᠤᠰᠢᠭᠤ ᠦᠢᠯᠡᠴᠢᠯᠡᠭᠡ ᠶᠢ ᠴᠢᠩᠭᠠᠳᠬᠠᠵᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠬᠦᠴᠦᠲᠡᠢ ᠳᠡᠮᠵᠢᠪᠠ
ᠨᠡᠶᠢᠲᠡᠯᠡᠭᠰᠡᠨ ᠴᠠᠭ᠄
2021/7/23
     ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠲᠤᠪᠴᠢᠶ᠎ᠠ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠤᠳᠠᠯᠳᠤᠭᠠᠨ ᠤ ᠶᠠᠪᠤᠳᠠᠯ ᠤᠨ ᠳᠦᠷᠢᠮ  ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠠᠷᠭ᠎ᠠ ᠬᠡᠯᠪᠡᠷᠢ  ᠪᠠᠨ ᠰᠢᠨᠡᠴᠢᠯᠡᠬᠦ  ᠶᠢᠨ ᠳᠠᠭᠠᠤ ᠦᠷ᠎ᠡ ᠠᠰᠢᠭ  ᠢᠶᠠᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ  ᠤᠨ ᠠᠮᠢᠵᠢᠷᠠᠯ  ᠤᠨ ᠬᠦᠴᠦᠨ  ᠢ ᠲᠠᠰᠤᠷᠠᠯᠲᠠ ᠦᠭᠡᠢ ᠬᠦᠭᠵᠢᠭᠦᠯᠦᠨ᠂ ᠵᠠᠬ᠎ᠠ ᠳᠡᠯᠭᠡᠭᠦᠷ  ᠤᠨ ᠪᠡᠶᠡᠴᠢ ᠴᠤᠭᠴᠠ ᠶᠢᠨ ᠲᠤᠭᠲᠠᠭᠤᠨ ᠨᠡᠮᠡᠭᠳᠡᠯ  ᠢ ᠠᠬᠢᠭᠤᠯᠤᠨ᠂ ᠠᠯᠠᠱᠠ ᠵᠡᠬᠦᠨ ᠬᠤᠰᠢᠭᠤᠨ  ᠤ ᠠᠵᠤ ᠠᠬᠤᠢ ᠨᠡᠶᠢᠬᠡᠮ  ᠤᠨ ᠦᠷ᠎ᠠ ᠠᠰᠢᠭᠲᠤ ᠬᠦᠭᠵᠢᠯᠲᠡ ᠶᠢ ᠬᠦᠴᠦᠲᠡᠢ ᠳᠡᠮᠵᠢᠪᠠ᠃      ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠲᠤᠪᠴᠢᠶ᠎ᠠ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ︽ᠤᠯᠠᠨ ᠲᠡᠮᠳᠡᠭ ᠢ ᠨᠢᠭᠡ ᠪᠣᠯᠭᠠᠬᠤ︾ ︽ᠭᠡᠷᠡᠴᠢ ᠪᠠ ᠲᠡᠮᠳᠡᠭ ᠢ ᠰᠠᠯᠭᠠᠬᠤ︾ ᠵᠡᠷᠭᠡ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠣᠣᠱᠯᠠᠭᠤᠯᠬᠤ ᠶᠢ ᠴᠢᠩᠭᠠᠳᠬᠠᠨ᠂ 31 ᠲᠦᠷᠦᠯ ᠤᠨ ᠬᠢᠨᠠᠨ ᠵᠥᠪᠰᠢᠶᠠᠷᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠂ ︽ᠭᠤᠷᠪᠠ ᠶᠢ ᠬᠠᠰᠤᠨ ᠨᠢᠭᠡ ᠶᠢ ᠰᠢᠯᠢᠳᠡᠭᠵᠢᠭᠦᠯᠬᠦ︾ ᠶᠢ ᠦᠷᠭᠦᠯᠵᠢᠯᠡᠨ ᠦᠷᠨᠢᠭᠦᠯᠦᠨ᠂ ᠨᠢᠭᠡᠳᠦᠯᠲᠡᠢ ᠬᠦᠯᠢᠶᠡᠨ ᠠᠪᠴᠤ ᠰᠢᠢᠳᠪᠤᠷᠢᠯᠡᠬᠦ ᠪᠠ ᠲᠤᠬᠠᠢ ᠶᠢᠨ ᠭᠠᠵᠠᠷ ᠲᠤᠨᠢ ᠬᠢᠨᠠᠨ ᠬᠠᠷᠭᠤᠭᠤᠯᠬᠤ ᠶᠢ ᠬᠡᠷᠡᠭᠵᠢᠭᠦᠯᠵᠦ᠂ ᠰᠢᠢᠳᠪᠤᠷᠢᠯᠡᠵᠦ ᠭᠦᠢᠴᠡᠳᠭᠡᠬᠦ ᠦᠷ᠎ᠠ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠠᠯᠠᠱᠠ ᠵᠡᠬᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠦᠢᠯᠡᠴᠢᠯᠡᠭᠡᠨ ᠤ ᠴᠣᠩᠬᠤᠨ ᠳᠡᠭᠡᠷ᠎ᠡ ᠠᠯᠠᠱᠠ ᠵᠡᠭᠦᠨ ᠬᠤᠰᠢᠭᠤᠨ ᠤ ᠶᠢᠨ ᠮᠢᠶᠣᠣ ᠰᠧᠨ ᠡᠳ᠋ ᠤᠨ ᠶᠠᠪᠤᠳᠠᠯ ᠤᠨ ᠺᠣᠮᠫᠠᠨᠢ ᠶᠢᠨ ᠬᠠᠷᠢᠭᠤᠴᠠᠯᠭᠠᠲᠠᠨ ᠶᠠᠩ ᡁᠢ ᠬᠤᠢ ᠶᠠᠭ ᠠᠵᠤ ᠠᠬᠤᠶᠢᠯᠠᠯ ᠤᠨ ᠡᠵᠡᠩᠨᠡᠯᠲᠡ  ᠶᠢᠨ ᠬᠠᠶ᠋ᠢᠭ  ᠢᠶᠠᠨ ᠦᠭᠡᠷᠡᠴᠢᠯᠡᠬᠦ ᠭᠠᠷ ᠭᠦᠢᠴᠡᠳᠬᠡᠯ ᠢᠶᠠᠨ ᠬᠢᠵᠦ ᠪᠠᠶᠢᠪᠠ᠂ ᠲᠡᠷᠡ ᠬᠡᠯᠡᠬᠦ ᠳᠡᠭᠡᠨ᠄ ︽ᠤᠤᠯ  ᠨᠢ ᠪᠢᠳᠡ ᠠᠵᠤ ᠠᠬᠤᠶᠢᠯᠠᠯ  ᠤᠨ ᠠᠵᠢᠯ  ᠢ ᠭᠦᠢᠴᠡᠳᠭᠡᠬᠦ ᠭᠡᠵᠦ ᠬᠡᠳᠤ ᠤᠳᠠᠭ᠎ᠠ ᠢᠷᠡᠳᠡᠭ ᠪᠠᠶᠢᠭᠰᠠᠨ  ᠪᠣᠯ ᠣᠳᠤ ᠨᠢᠭᠡ ᠢᠷᠡᠪᠡᠯ ᠵᠡᠷᠭᠡᠪᠡᠷ ᠬᠡᠳᠦᠨ ᠠᠵᠢᠯ  ᠢ ᠭᠦᠢᠴᠡᠳᠬᠡᠵᠤ ᠴᠠᠭ  ᠢ ᠶᠡᠭᠡ  ᠪᠠᠷ ᠠᠷᠪᠢᠯᠠᠨ ᠮᠠᠰᠢ ᠳᠦᠬᠦᠮ ᠪᠣᠯᠵᠠᠢ︾ ᠭᠡᠵᠤ ᠪᠠᠶᠢᠯ᠎ᠠ᠃      ᠤᠤᠯ ᠨᠢ ᠳᠠᠩᠰᠠᠨ ᠠᠴᠠ ᠬᠠᠰᠤᠬᠤ ᠭᠠᠷ ᠭᠦᠢᠴᠡᠳᠬᠡᠯ ᠬᠢᠬᠦ ᠳᠤ ᠠᠵᠤ ᠠᠬᠤᠶᠢᠯᠠᠯ ᠡᠷᠬᠡᠪᠰᠢ ᠲᠤᠭᠠᠴᠠᠨ ᠳᠠᠭᠤᠰᠬᠠᠬᠤ ᠳᠤᠭᠤᠶᠢᠯᠠᠩ ᠪᠠᠶᠢᠭᠤᠯᠤᠨ᠂ 45 ᠡᠳᠦᠷ ᠰᠣᠨᠢᠨ ᠳᠤ ᠨᠡᠶᠢᠲᠡᠯᠡᠨ ᠲᠤᠭᠠᠴᠠᠨ ᠳᠠᠭᠤᠰᠬᠠᠭᠰᠠᠨ ᠮᠡᠳᠡᠭᠦᠯᠦᠯᠲᠡ ᠶᠢᠨ ᠪᠢᠴᠢᠭ ᠢᠶᠠᠨ ᠬᠠᠩᠭᠠᠭᠰᠠᠨ ᠤ ᠳᠠᠷᠠᠭ᠎ᠠ ᠬᠤᠪᠢᠴᠠᠭᠠᠲᠠᠨ ᠠᠴᠠ ᠰᠢᠢᠳᠪᠤᠷᠢ ᠭᠠᠷᠭᠠᠪᠠᠯ ᠰᠠᠶ᠋ᠢ ᠭᠦᠢᠴᠡᠳᠬᠡᠵᠦ ᠪᠣᠯᠤᠨ᠎ᠠ᠃ ᠳᠠᠩᠰᠠᠨ ᠠᠴᠠ ᠬᠠᠰᠤᠬᠤ ᠪᠦᠷᠢᠳᠬᠡᠯ ᠢ ᠳᠦᠭᠦᠮᠴᠢᠯᠡᠭᠰᠡᠨ ᠠᠴᠠ ᠨᠠᠰᠢ ᠠᠵᠤ ᠠᠬᠤᠶᠢᠯᠠᠯ ᠤᠨ ᠬᠢᠨ ᠪᠦᠬᠦ᠋ᠢᠯᠡ ᠬᠦᠷᠦᠩᠭᠡ ᠣᠷᠤᠭᠤᠯᠤᠭᠴᠢᠳ ᠤᠨ ᠠᠮᠠᠯᠠᠯᠲᠠ ᠶᠢᠨ ᠪᠢᠴᠢᠭ ᠢ ᠰᠦᠯᠵᠢᠶᠡᠨ ᠳᠡᠭᠡᠷ᠎ᠡ ᠵᠠᠷᠯᠠᠭᠰᠠᠨ 20 ᠡᠳᠦᠷ ᠤᠨ ᠳᠠᠷᠠᠭ᠎ᠠ ᠰᠠᠨᠠᠯ ᠦᠭᠡᠢ ᠪᠣᠯ ᠭᠦᠢᠴᠡᠳᠬᠡᠨ ᠪᠡᠶᠡᠯᠡᠭᠦᠯᠵᠦ ᠪᠣᠯᠤᠨ᠎ᠠ᠃ ᠡᠨᠡ ᠨᠢ ᠠᠵᠤ ᠠᠬᠤᠶᠢᠯᠠᠯ ᠤᠨ ᠳᠠᠩᠰᠠᠨ ᠠᠴᠠ ᠬᠠᠰᠤᠬᠤ ᠴᠠᠭ ᠢ ᠶᠡᠬᠡᠪᠡᠷ ᠪᠣᠭᠤᠨᠢᠰᠬᠠᠵᠠᠢ᠃ ᠰᠠᠭᠤᠭᠠᠯᠢ ᠠᠷᠠᠳ ᠬᠣ᠋ ᠲᠢᠶᠠᠨ᠄ ︽ᠰᠦᠯᠵᠢᠶᠡᠨ ᠳᠡᠭᠡᠷ᠎ᠡ ᠨᠡᠶᠢᠲᠡᠯᠡᠭᠰᠡᠨ ᠤ ᠳᠠᠷᠠᠭ᠎ᠠ ᠪᠢᠳᠠ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠲᠤᠪᠴᠢᠶᠠᠨ ᠤ ᠱᠠᠭᠠᠷᠳᠠᠯᠭ᠎ᠠ ᠶᠤᠰᠤᠭᠠᠷ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢᠶᠠᠨ ᠠᠪᠤᠭᠠᠳ ᠢᠷᠡᠪᠡᠯ ᠪᠠᠷᠢᠨ ᠳᠣᠣᠷ᠎ᠠ ᠨᠢ ᠭᠦᠢᠴᠡᠳᠬᠡᠴᠢᠭᠡᠨ᠎ᠠ︾ ᠭᠡᠵᠡᠢ᠃      ᠠᠵᠤ ᠠᠬᠤᠶᠢᠯᠠᠯ ᠤᠨ ᠪᠦᠷᠢᠳᠬᠡᠭᠦᠯᠦᠯᠲᠡ ᠬᠠᠮᠢᠶᠠᠷᠤᠯᠲᠠ ᠶᠢᠨ ᠰᠤᠷᠠᠭ ᠵᠠᠩᠬᠢᠴᠢᠯᠠᠯᠲᠠ᠂ ᠳᠦᠭᠦᠮᠴᠢᠯᠡᠯᠲᠡ᠂ ᠳᠦᠷᠢᠮᠵᠢᠯᠲᠡ ᠶᠢᠨ ᠲᠥᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂ ᠠᠯᠠᠱᠠ ᠵᠡᠬᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠲᠤᠪᠴᠢᠶ᠎ᠠ ᠪᠦᠷᠢᠳᠬᠡᠭᠦᠯᠦᠯᠲᠡ ᠶᠢᠨ ᠪᠦᠬᠦ ᠶᠠᠪᠤᠴᠠ ᠶᠢ ᠡᠯᠧᠺᠲᠷᠣᠨᠴᠢᠯᠡᠬᠦ᠂ ᠵᠠᠰᠠᠭ ᠪᠠᠩᠬᠢ ᠬᠠᠮᠲᠤᠷᠠᠯᠴᠠᠬᠤ ᠶᠢ ᠠᠬᠢᠭᠤᠯᠬᠤ᠂ ᠢᠳᠡᠭᠡᠨ ᠤᠮᠳᠠᠭᠠᠨ ᠤ ᠡᠵᠡᠩᠨᠡᠯᠲᠡ ᠶᠢᠨ ᠵᠥᠪᠰᠢᠶᠡᠷᠡᠯ ᠤᠨ ᠠᠷᠭ᠎ᠠ ᠮᠠᠶ᠋ᠢᠭ ᠢ ᠦᠭᠡᠷᠡᠴᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ ᠤᠨ ᠪᠡᠶᠡᠴᠢ ᠴᠤᠭᠴᠠ ᠳᠤ ᠵᠠᠬ᠎ᠠ ᠳᠡᠯᠭᠡᠭᠦᠷ ᠲᠤ ᠣᠷᠤᠬᠤ ᠶᠢ ᠵᠥᠪᠰᠢᠶᠡᠷᠡᠬᠦ ᠳᠦᠬᠦᠮ ᠲᠥᠳᠡ ᠠᠷᠭ᠎ᠠ ᠵᠠᠮ ᠬᠠᠩᠭᠠᠵᠤ᠂ ᠲᠡᠳᠡᠨᠡᠷ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠡᠷᠴᠢ ᠬᠦᠴᠦᠨ ᠢ ᠬᠦᠭᠵᠢᠭᠡᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号