ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠠᠳᠬᠤᠬᠤ ᠲᠤᠬᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/7/23
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠠᠳᠬᠤᠬᠤ ᠲᠤᠬᠠᠢ ᠪᠠᠶᠢᠷᠢᠯᠠᠭᠤᠯᠵᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ      ᠮᠥᠩᠭᠦᠨ ᠭᠦᠢᠯᠭᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠮᠥᠩᠭᠦᠨ ᠭᠦᠢᠯᠭᠡᠭᠡᠨ ᠤ ᠦᠢᠯᠡᠰ ᠤᠨ ᠨᠡᠭᠡᠭᠡᠯᠲᠡ ᠬᠢᠬᠦ ᠠᠵᠢᠯ ᠢ ᠭᠦᠨᠵᠡᠭᠡᠶᠢᠷᠡᠭᠦᠯᠬᠦ ᠲᠤᠬᠠᠢ ᠰᠤᠳᠤᠯᠪᠠ      ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠭᠰᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠠᠳᠬᠤᠵᠤ᠂ ᠠᠷᠠᠳ‌‍ᠲ᠋ᠦ᠋ᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ︔ ᠮᠥᠩᠭᠦᠨ ᠭᠦᠢᠯᠭᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠥᠩᠭᠦᠨ ᠭᠦᠢᠯᠭᠡᠭᠡᠨ ᠤ ᠦᠢᠯᠡᠰ ᠤᠨ ᠨᠡᠭᠡᠭᠡᠯᠲᠡ ᠬᠢᠬᠦ ᠠᠵᠢᠯ ᠢ ᠭᠦᠨᠵᠡᠭᠡᠶᠢᠷᠡᠭᠦᠯᠬᠦ ᠲᠤᠬᠠᠢ ᠰᠤᠳᠤᠯᠪᠠ︔ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠭᠰᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠢᠯᠢ ᠶᠢᠨ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃      ᠬᠤᠷᠠᠯ ᠠᠴᠠ ᠵᠢᠭᠠᠬᠤ ᠳᠤ ᠪᠠᠨ᠂ ᠣᠶᠢᠷ᠎ᠠ ᠶᠢᠨ ᠡᠳᠦᠷ ᠮᠠᠨ ᠤ ᠤᠯᠤᠰ ᠤᠨ ᠣᠯᠠᠨ ᠭᠠᠵᠠᠷ ᠲᠤ ᠰᠢᠷᠦᠭᠦᠨ ᠪᠣᠷᠣᠭᠠᠨ ᠣᠷᠣᠵᠤ᠂ ᠥᠴᠥᠭᠡᠳᠦᠷ ᠾᠧᠨᠠᠨ ᠤ ᠬᠡᠰᠡᠭ ᠭᠠᠵᠠᠷ ᠲᠤ ᠪᠠᠰᠠ ᠲᠦᠢᠯ ᠤᠨ ᠰᠢᠷᠦᠭᠦᠨ ᠪᠣᠷᠣᠭᠠᠨ ᠣᠷᠣᠵᠤ᠂ ᠬᠦᠨᠳᠦ ᠨᠣᠴᠢᠲᠠᠶ ᠦᠶᠡᠷ ᠤᠰᠤᠲᠤᠯ ᠤᠨ ᠭᠠᠮᠰᠢᠭ ᠲᠤ ᠠᠪᠲᠠᠵᠤ᠂ ᠢᠯᠠᠩᠭᠤᠶ᠎ᠠ ᠬᠤᠪᠣᠷᠬᠠᠨ ᠲᠣᠬᠢᠶᠠᠯᠳᠤᠬᠤ ᠬᠤᠲᠠ ᠶᠢᠨ ᠳᠣᠲᠣᠭᠠᠳᠤ ᠤᠰᠤᠳᠤᠯ ᠡᠭᠦᠰᠴᠦ᠂ ᠬᠥᠮᠦᠨ ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠶᠢᠨ ᠬᠦᠨᠳᠦ ᠨᠣᠴᠢᠲᠠᠶ ᠬᠤᠬᠢᠷᠠᠯ ᠢ ᠪᠣᠢ ᠪᠣᠯᠭᠠᠪᠠ᠃ ᠣᠳᠣᠬᠠᠨ ᠳᠤ ᠮᠠᠨ ᠤ ᠤᠯᠤᠰ ᠶᠠᠭ ︽ᠳᠣᠯᠣᠭᠠᠨ ᠰᠠᠷ᠎ᠠ ᠶᠢᠨ ᠰᠡᠭᠦᠯᠴᠢ᠂ ᠨᠠᠢᠮᠠᠨ ᠰᠠᠷ᠎ᠠ ᠶᠢᠨ ᠡᠬᠢᠨ︾ ᠤ ᠦᠶᠡᠷ ᠤᠰᠤᠳᠤᠯ ᠤᠨ ᠭᠤᠣᠯ ᠬᠤᠭᠤᠴᠠᠭ᠎ᠠ ᠪᠠ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠶᠢᠨ ᠬᠤᠭᠤᠴᠠᠭᠠᠨ ᠳᠤ ᠬᠡᠰᠡᠭ ᠭᠠᠵᠠᠷ ᠲᠤ ᠮᠥᠨ ᠬᠦ ᠰᠢᠷᠦᠭᠦᠨ ᠪᠣᠷᠣᠭᠠᠨ ᠣᠷᠣᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠨᠢᠭᠡ ᠳᠤ᠂ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ᠪᠡᠯᠡ ᠮᠥᠩᠭᠦ ᠪᠠ ᠡᠳ᠋ ᠪᠣᠳᠠᠰ ᠢ ᠰᠢᠯᠵᠢᠭᠦᠯᠦᠨ ᠴᠤᠭᠯᠠᠭᠤᠯᠵᠤ᠂ ᠾᠧᠨᠠᠨ ᠢ ᠪᠦᠬᠦ ᠬᠦᠴᠦᠨ ᠢᠶᠠᠷ ᠢᠶᠠᠨ ᠠᠶᠤᠯ ᠭᠠᠮᠰᠢᠭ ᠠᠴᠠ ᠠᠪᠤᠷᠠᠬᠤ ᠳᠤ ᠳᠡᠮᠵᠢᠨ ᠬᠠᠪᠰᠤᠷᠴᠤ᠂ ᠠᠶᠤᠯ ᠳᠤ ᠤᠴᠠᠷᠠᠭᠰᠠᠨ ᠬᠥᠮᠦᠰ ᠢ ᠬᠠᠶᠢᠨ ᠠᠪᠤᠷᠠᠬᠤ᠂ ᠰᠢᠷᠬᠠᠲᠤᠭᠰᠠᠳ ᠢ ᠠᠪᠤᠷᠠᠨ ᠡᠮᠨᠡᠬᠦ᠂ ᠭᠠᠮᠰᠢᠭᠳᠠᠭᠰᠠᠨ ᠤᠯᠠᠨ ᠲᠦᠮᠡᠨ ᠢ ᠰᠢᠯᠵᠢᠭᠦᠯᠦᠨ ᠲᠥᠪᠬᠢᠨᠡᠭᠦᠯᠬᠦ᠂ ᠠᠳᠡᠭᠰᠡᠳ ᠤᠨ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠭᠠᠵᠠᠷ ᠣᠷᠣᠨ ᠤ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠳᠤ ᠦᠵᠡᠭᠦᠯᠬᠦ ᠳᠡᠮᠵᠢᠯᠭᠡ ᠪᠠᠨ ᠴᠢᠩᠭᠠᠷᠠᠭᠤᠯᠵᠤ᠂ ᠬᠥᠮᠦᠨ ᠤ ᠬᠦᠴᠦᠨ ᠢ ᠨᠡᠮᠡᠨ ᠲᠣᠮᠢᠯᠠᠵᠤ᠂ ᠪᠣᠳᠠᠰ ᠤᠨ ᠮᠠᠲ᠋ᠧᠷᠢᠶᠠᠯ ᠢ ᠭᠦᠢᠴᠡᠳ ᠪᠡᠯᠡᠳᠬᠡᠵᠦ᠂ ᠶᠡᠭᠡ ᠭᠤᠣᠯ ᠮᠥᠷᠡᠨ᠂ ᠵᠢᠵᠢᠭ ᠬᠡᠯᠪᠡᠷᠢ ᠶᠢᠨ ᠡᠮᠵᠡᠭ ᠠᠶᠤᠯ ᠲᠠᠢ ᠤᠰᠤᠨ ᠴᠥᠭᠦᠷᠥᠮ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠰᠢᠯᠭ᠎ᠠ ᠳᠠᠯᠠᠩ ᠢ ᠴᠢᠩᠭ᠎ᠠ ᠨᠢᠮᠪᠠᠶ ᠲᠣᠭᠤᠷᠢᠨ ᠪᠠᠶᠢᠴᠠᠭᠠᠬᠤ ᠪᠠ ᠠᠶᠤᠯ ᠢ ᠠᠷᠢᠯᠭᠠᠬᠤ ᠶᠢ ᠴᠢᠩᠭᠠᠳᠬᠠᠬᠤ ᠬᠡᠷᠡᠭᠲᠡᠢ᠃ ᠵᠠᠮ ᠬᠠᠷᠢᠯᠴᠠᠭᠠᠨ ᠤ ᠪᠡᠯᠡᠳᠬᠡᠮᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠰᠠᠶᠢᠲᠤᠷ ᠬᠢᠬᠦ ᠬᠡᠷᠡᠭᠲᠡᠢ᠃ ᠬᠤᠳᠠ ᠶᠢᠨ ᠳᠣᠲᠣᠭᠠᠳᠤ ᠤᠰᠤᠲᠤᠯ ᠪᠠ ᠰᠢᠪᠠᠷ ᠴᠢᠯᠠᠭᠤᠨ ᠤᠷᠤᠰᠬᠠᠯ ᠵᠡᠷᠭᠡ ᠡᠭᠦᠰᠦᠮᠡᠯ ᠭᠠᠮᠰᠢᠭ ᠢ ᠰᠡᠷᠭᠡᠶᠢᠯᠡᠬᠦ ᠬᠡᠷᠡᠭᠲᠡᠢ᠃ ᠭᠤᠷᠪᠠ ᠳᠤ᠂ ᠴᠠᠭ ᠠᠭᠤᠷ ᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠡᠪ ᠤᠨ ᠪᠤᠰᠤ ᠴᠠᠭ ᠠᠭᠤᠷ ᠠᠴᠠ ᠪᠣᠯᠵᠤ ᠭᠠᠮᠰᠢᠭ ᠡᠭᠦᠰᠴᠦ ᠮᠡᠳᠡᠬᠦ ᠡᠯ᠎ᠡ ᠵᠦᠢᠯ ᠤᠨ ᠪᠡᠯᠡᠳᠬᠡᠯ ᠢ ᠭᠦᠢᠴᠡᠳ ᠬᠢᠵᠦ᠂ ᠵᠠᠶᠢᠯᠠᠭᠤᠯᠬᠤ ᠶᠣᠰᠣᠲᠠᠢ ᠶᠢ ᠨᠢ ᠵᠠᠶᠢᠯᠠᠭᠤᠯᠵᠤ᠂ ᠤᠬᠤᠷᠢᠭᠤᠯᠬᠤ ᠶᠣᠰᠣᠲᠠᠢ ᠶᠢ ᠨᠢ ᠤᠬᠤᠷᠢᠭᠤᠯᠵᠤ᠂ ᠭᠠᠮᠰᠢᠭ ᠡᠭᠦᠰᠬᠦ ᠠᠴᠠ ᠡᠮᠦᠨ᠎ᠡ ᠤᠷᠢᠳᠴᠢᠯᠠᠨ ᠰᠡᠷᠭᠡᠶᠢᠯᠡᠵᠦ᠂ ᠤᠯᠠᠨ ᠲᠦᠮᠡᠨ ᠤ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠭᠠᠮᠰᠢᠭ ᠤᠨ ᠬᠤᠬᠢᠷᠠᠯ ᠢ ᠪᠠᠭᠠᠰᠬᠠᠨ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠤᠢᠢᠷ᠎ᠠ ᠶᠢᠨ ᠵᠢᠯ ᠤᠳ ᠠᠴᠠ ᠨᠠᠭᠠᠰᠢ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠡᠮᠬᠢ ᠳᠢᠭᠯᠢᠮ ᠲᠠᠢ ᠶᠠᠪᠤᠭᠳᠠᠵᠤ᠂ ᠢᠳᠡᠪᠬᠢᠲᠡᠢ ᠠᠬᠢᠴᠠ ᠲᠠᠢ ᠪᠤᠯᠵᠤ᠂ ᠨᠡᠶᠢᠳᠡ 100 ᠭᠠᠷᠤᠢ ᠭᠠᠳᠠᠭᠠᠳᠤ ᠪᠡᠯᠡ ᠶᠢᠨ ᠪᠠᠩᠬᠢ᠂ ᠳᠠᠭᠠᠳᠬᠠᠯ᠂ ᠦᠨᠡᠲᠦ ᠲᠡᠮᠳᠡᠭᠲᠦ᠂ ᠵᠣᠭᠤᠰ ᠲᠥᠯᠥᠵᠦ ᠲᠣᠭᠠᠴᠠᠨ ᠪᠤᠳᠤᠬᠤ ᠵᠡᠷᠭᠡ ᠪᠠᠶᠢᠭᠤᠯᠤᠮᠵᠢ ᠪᠠᠶᠢᠭᠤᠯᠬᠤ ᠶᠢ ᠵᠥᠪᠰᠢᠶᠡᠷᠡᠪᠡ ᠭᠡᠵᠡᠢ᠃ ᠬᠤᠷᠠᠯ ᠠᠴᠠ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠴᠢᠳᠠᠪᠤᠷᠢ ᠶᠢ ᠴᠢᠩᠭᠠᠳᠬᠠᠬᠤ ᠶᠢᠨ ᠲᠣᠭᠤᠷᠢᠨ ᠳᠤ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠵᠦ᠂ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠳᠤᠮᠳᠠᠳᠤ ᠤᠯᠤᠰ ᠢ ᠢᠮᠠᠭᠲᠠ ᠭᠠᠳᠠᠭᠠᠳᠤ ᠪᠡᠯᠡ ᠶᠢ ᠲᠠᠲᠠᠨ ᠣᠷᠣᠭᠤᠯᠬᠤ ᠠᠰᠢᠭᠲᠠᠢ ᠣᠷᠣᠨ ᠪᠣᠯᠭᠠᠬᠤ ᠬᠡᠷᠡᠭᠲᠡᠢ᠃ ᠨᠢᠭᠡ ᠳᠤ᠂ ᠮᠥᠩᠭᠦᠨ ᠭᠦᠢᠯᠭᠡᠭᠡᠨ ᠤ ᠦᠢᠯᠡᠰ ᠤᠨ ᠭᠠᠳᠠᠭᠠᠳᠤ ᠨᠡᠬᠡᠬᠡᠯᠳᠡ ᠶᠢᠨ ᠠᠮᠠᠯᠠᠯᠲᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠬᠡᠬᠡᠯᠳᠡ ᠶᠢᠨ ᠬᠡᠮᠵᠢᠶ᠎ᠡ ᠪᠠᠷ ᠨᠡᠯᠢᠶᠡᠳ ᠥᠨᠳᠥᠷ ᠤᠯᠠᠨ ᠤᠯᠤᠰ ᠤᠨ ᠪᠠᠷᠢᠮᠵᠢᠶ᠎ᠠ ᠲᠠᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤ ᠪᠠᠷ ᠰᠠᠭᠤᠷᠢ ᠪᠣᠯᠭᠠᠭᠰᠠᠨ ᠨᠡᠩ ᠥᠨᠳᠥᠷ ᠬᠢᠷᠢ ᠲᠦᠪᠰᠢᠨ ᠪᠦᠬᠦᠢ ᠮᠥᠩᠭᠦᠨ ᠭᠦᠢᠯᠭᠡᠭᠡᠨ ᠤ ᠨᠡᠬᠡᠬᠡᠯᠳᠡ ᠶᠢ ᠪᠦᠷᠢᠯᠳᠦᠭᠦᠯᠬᠦ ᠬᠡᠷᠡᠭᠲᠡᠢ᠃ ᠬᠤᠶᠠᠷ ᠲᠤ᠂ ᠭᠠᠳᠠᠭᠠᠳᠤ ᠪᠡᠯᠡ ᠶᠢᠨ ᠪᠠᠩᠬᠢ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠱᠠᠭᠠᠷᠳᠠᠯᠭ᠎ᠠ ᠶᠢ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠬᠡ ᠬᠦᠦ ᠺᠣᠮᠫᠠᠨᠢ ᠶᠢᠨ ᠬᠢᠯᠢ ᠠᠯᠤᠰᠯᠠᠨ ᠶᠠᠪᠤᠯᠴᠠᠬᠤ ᠳᠦᠷᠢᠮ ᠵᠢᠷᠤᠮ ᠢ ᠲᠡᠭᠦᠯᠳᠡᠷᠵᠢᠭᠦᠯᠬᠦ ᠬᠡᠷᠡᠭᠲᠡᠢ᠃ ᠭᠠᠳᠠᠭᠠᠳᠤ ᠪᠡᠯᠡ ᠶᠢᠨ ᠬᠢᠯᠢ ᠶᠢᠨ ᠳᠣᠲᠣᠷᠠᠬᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠲᠤ ᠣᠷᠣᠯᠴᠠᠬᠤ ᠠᠷᠭ᠎ᠠ ᠵᠠᠮ ᠪᠠ ᠠᠷᠭ᠎ᠠ ᠮᠠᠶ᠋ᠢᠭ ᠢ ᠰᠢᠯᠢᠳᠡᠭᠵᠢᠭᠦᠯᠬᠦ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠶ ᠲᠠᠢ ᠨᠢᠭᠲᠠ ᠬᠤᠯᠪᠣᠭ᠎ᠠ ᠪᠦᠬᠦᠢ ᠰᠢᠭᠤᠳ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠠᠬᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ ᠨᠤᠷᠮ᠎ᠠ ᠶᠢ ᠵᠦᠢ ᠵᠣᠬᠢᠰᠲᠠᠶ ᠪᠥᠭᠡᠳ ᠲᠡᠩᠴᠡᠭᠦᠷᠢᠲᠡᠶ ᠬᠢᠷᠢ ᠲᠦᠪᠰᠢᠨ ᠳᠤ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠶ ᠲᠦᠷᠦ ᠶᠢᠨ ᠪᠤᠳᠤᠯᠭ᠎ᠠ ᠶᠢᠨ ᠪᠣᠷᠣ ᠲᠥᠰᠥᠪ ᠢ ᠲᠡᠭᠦᠯᠳᠡᠷᠵᠢᠭᠦᠯᠵᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠢᠨᠠᠨ ᠰᠢᠨᠵᠢᠯᠡᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠪᠠᠲᠤᠯᠠᠬᠤ ᠬᠡᠷᠡᠭᠲᠡᠢ ᠭᠡᠵᠦ ᠲᠣᠭᠲᠠᠭᠠᠪᠠ᠃      ᠬᠤᠷᠠᠯ ᠠᠴᠠ ᠵᠢᠭᠠᠬᠤ ᠳᠤ ᠪᠠᠨ᠂ ᠤᠢᠢᠷ᠎ᠠ ᠶᠢᠨ ᠵᠢᠯ ᠤᠳ ᠠᠴᠠ ᠨᠠᠭᠠᠰᠢ᠂ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠳᠠᠮᠵᠢᠭᠤᠯᠵᠤ᠂ ᠪᠦᠬᠦ ᠤᠯᠤᠰ ᠤᠨ ᠭᠠᠳᠠᠭᠠᠳᠤ ᠣᠷᠣᠭᠤᠯᠤᠯᠲᠠ᠂ ᠭᠠᠳᠠᠭᠠᠳᠤ ᠭᠠᠷᠭᠠᠯᠲᠠ ᠶᠢᠨ ᠪᠦᠬᠦᠯᠢ ᠴᠣᠭᠴᠠ ᠶᠢᠨ ᠪᠣᠭᠤᠮᠲᠠ ᠥᠩᠭᠡᠷᠡᠬᠦ ᠴᠠᠭ ᠢ 2017 ᠣᠨ ᠤ ᠬᠢ ᠠᠴᠠ ᠲᠤᠰ ᠲᠤᠰ 60%᠂ 80% ᠠᠴᠠ ᠳᠡᠭᠡᠭᠰᠢ ᠪᠣᠭᠤᠨᠢᠰᠬᠠᠪᠠ ᠭᠡᠵᠡᠢ᠃ ᠬᠤᠷᠠᠯ ᠠᠴᠠ᠂ ᠳᠠᠷᠠᠭᠠᠴᠢ ᠶᠢᠨ ᠠᠯᠬᠤᠮ ᠳᠤ᠂ ᠢᠯᠠᠩᠭᠤᠶ᠎ᠠ ᠳᠣᠣᠷ᠎ᠠ ᠬᠠᠭᠠᠰ ᠵᠢᠯ ᠤᠨ ᠳᠡᠯᠡᠬᠡᠢ ᠶᠢᠨ ᠪᠠᠶᠢᠳᠠᠯ ᠪᠣᠯᠤᠨ ᠣᠷᠴᠢᠨ ᠲᠣᠭᠤᠷᠢᠨ ᠤ ᠬᠤᠪᠢᠷᠠᠯᠲᠠ ᠳᠤ ᠴᠢᠭᠯᠡᠭᠦᠯᠦᠨ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠬᠢᠯᠢ ᠶᠢᠨ ᠪᠣᠭᠤᠮᠲᠠ ᠪᠠᠷ ᠥᠩᠭᠡᠷᠡᠭᠡᠬᠦ ᠳᠥᠭᠦᠮᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠬᠡᠷᠡᠭᠲᠡᠢ᠃ ᠨᠢᠭᠡ ᠳᠤ᠂ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠠᠳᠠᠭᠠᠳᠤ ᠳᠤ ᠭᠠᠷᠭᠠᠬᠤ ᠪᠠᠷᠠᠭ᠎ᠠ ᠶᠢ        ︽ᠭᠠᠷᠠᠮ ᠳᠤ ᠬᠦᠷᠭᠡᠵᠦ ᠰᠢᠭᠤᠳ ᠲᠡᠭᠡᠭᠡᠪᠦᠷᠢᠯᠡᠬᠦ︾ ᠪᠠ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢ          ︽ᠣᠩᠭᠤᠴᠠᠨ ᠤ ᠬᠠᠵᠠᠭᠤ ᠠᠴᠠ ᠰᠢᠭᠤᠳ ᠠᠪᠬᠤ︾ ᠲᠤᠷᠰᠢᠯᠲᠠ ᠶᠢᠨ ᠴᠡᠭ ᠢ ᠥᠷᠭᠡᠳᠬᠡᠬᠦ ᠬᠡᠷᠡᠭᠲᠡᠢ᠃ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠳᠤ ᠲᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠡᠨᠡ ᠵᠢᠯ ᠤᠨ ᠰᠡᠭᠦᠯᠴᠢ ᠠᠴᠠ ᠡᠮᠦᠨ᠎ᠡ ᠭᠠᠶᠢᠯᠢ ᠶᠢ ᠪᠤᠴᠠᠭᠠᠬᠤ ᠵᠦᠢᠯᠡᠰ ᠢ ᠭᠦᠢᠴᠡᠳᠬᠡᠬᠦ ᠳᠤᠮᠳᠠᠴᠢ ᠴᠠᠭ ᠢ 7 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠪᠣᠭᠤᠨᠢᠰᠬᠠᠬᠤ ᠬᠡᠷᠡᠭᠲᠡᠢ᠃ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠳᠤ ᠭᠠᠷᠭᠠᠭᠰᠠᠨ ᠪᠠᠷᠠᠭ᠎ᠠ ᠶᠢ ᠪᠤᠴᠠᠭᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠲᠠᠬᠢ ᠠᠷᠠᠯᠵᠢᠶ᠎ᠠ ᠶᠢ ᠳᠥᠭᠦᠮᠴᠢᠯᠡᠬᠦ ᠠᠷᠭ᠎ᠠ ᠬᠡᠮᠵᠢᠶ᠎ᠡ ᠯᠦᠭᠡ ᠶᠢᠨ ᠵᠣᠯᠭᠠᠯᠳᠤᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠰᠦᠢᠳᠬᠡᠯ ᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠢ᠃ ᠬᠢᠯᠢ ᠶᠢᠨ ᠪᠣᠭᠤᠮᠲᠠ ᠶᠢᠨ ᠰᠦᠢᠳᠬᠡᠯ ᠬᠤᠷᠢᠶᠠᠬᠤ ᠨᠠᠷᠢᠨ ᠬᠠᠭᠤᠳᠠᠰᠤ ᠶᠢ ᠢᠯᠡ ᠨᠡᠶᠢᠲᠡᠯᠡᠬᠦ ᠲᠦᠷᠢᠮ ᠢ ᠨᠠᠶᠢᠳᠠᠪᠤᠷᠢᠵᠢᠭᠤᠯᠵᠤ᠂ ᠨᠠᠷᠢᠨ ᠬᠠᠭᠤᠳᠠᠰᠤ ᠠᠴᠠ ᠭᠠᠳᠠᠨ᠎ᠠ ᠰᠦᠢᠳᠬᠡᠯ ᠬᠤᠷᠢᠶᠠᠵᠤ ᠪᠣᠯᠬᠤ ᠥᠬᠡᠶ᠃ ᠳᠠᠯᠠᠢ ᠳᠠᠭᠠᠤ ᠭᠠᠷᠠᠮ ᠤᠨ ᠠᠶᠠᠯᠠᠯ ᠵᠠᠮᠴᠢᠯᠠᠬᠤ ᠵᠠᠷᠤᠳᠠᠯ ᠤᠨ ᠪᠠᠷᠢᠮᠵᠢᠶ᠎ᠠ ᠶᠢ ᠪᠠᠭᠤᠷᠠᠭᠤᠯᠬᠤ ᠬᠡᠷᠡᠭᠲᠡᠢ᠃ ᠭᠤᠷᠪᠠ ᠳᠤ᠂ ᠬᠢᠯᠢ ᠶᠢᠨ ᠪᠣᠭᠤᠮᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠠᠭᠠᠷ ᠤᠨ ᠠᠶᠠᠯᠠᠯ ᠤᠨ ᠬᠢᠯᠢ ᠶᠢᠨ ᠪᠣᠭᠤᠮᠲᠠ ᠶᠢᠨ ᠬᠤᠪᠢᠶᠠᠷᠢᠯᠠᠨ ᠰᠠᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠰᠤᠨ ᠵᠠᠮ ᠤᠨ ᠲᠡᠭᠡᠭᠡᠪᠦᠷᠢ ᠠᠴᠠ ᠲᠡᠮᠦᠷ ᠵᠠᠮ ᠤᠨ ᠲᠡᠭᠡᠭᠡᠪᠦᠷᠢ ᠳᠤ ᠰᠢᠯᠵᠢᠭᠦᠯᠬᠦ ᠪᠠᠷᠠᠭ᠎ᠠ ᠳᠤ᠂ ︽ᠲᠡᠷᠭᠡ ᠣᠩᠭᠤᠴᠠ ᠠᠴᠠ ᠰᠢᠭᠤᠳ ᠠᠪᠬᠤ︾ ᠵᠠᠭᠪᠤᠷ ᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠢ᠃ ᠤᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠲᠣᠭᠲᠠᠭᠠᠪᠠ᠃       ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号