ᠠᠯᠠᠱᠠ ᠪᠠᠷᠠᠭᠤᠨ ᠬᠤᠰᠢᠭᠤ᠄ ᠣᠶᠣᠨᠴᠢ ᠡᠮᠴᠢᠯᠡᠭᠡᠨ ᠤ ᠦᠢᠯᠡᠴᠢᠯᠡᠭᠡ ᠨᠢ ᠣᠯᠠᠨ ᠲᠦᠮᠡᠨ ᠤ ᠡᠪᠡᠳᠴᠢᠨ ᠢᠶᠠᠨ ᠡᠮᠨᠡᠬᠦᠯᠬᠦ ᠳᠤᠨᠢ ᠨᠠᠩ ᠲᠥᠬᠦᠮ ᠪᠣᠯᠪᠠ
ᠨᠡᠶᠢᠲᠡᠯᠡᠭᠰᠡᠨ ᠴᠠᠭ᠄
2021/7/26
     ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠬᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠠᠷᠠᠳ ᠣᠯᠠᠨ ᠳᠤ ᠪᠠᠴᠢᠮ ᠰᠢᠢᠳᠪᠦᠷᠢᠯᠡᠵᠦ ᠦᠭᠭᠦ ᠴᠢᠬᠤᠯᠠᠲᠠᠶ ᠪᠣᠳᠠᠲᠠᠶ ᠬᠦᠴᠢᠷᠳᠡᠯ ᠠᠴᠠ ᠭᠠᠷᠳᠠᠵᠤ᠂ ᠸᠢᠴᠠᠲ ᠢᠶᠠᠷ ᠲᠤᠬᠠᠶᠢᠯᠠᠭᠰᠠᠨ ᠠᠵᠢᠯ ᠢ ᠲᠦᠭᠡᠮᠡᠯᠵᠢᠭᠦᠯᠬᠦ ᠪᠠᠷ ᠳᠠᠮᠵᠢᠭᠤᠯᠤᠨ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠬᠤ︾ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠬᠡᠨ ᠤ ᠰᠢᠨ᠎ᠡ ᠵᠠᠭᠪᠤᠷ ᠢ ᠪᠦᠷᠢᠯᠳᠦᠬᠦᠯᠪᠡ᠃
      ᠣᠶᠢᠯᠠᠭᠠᠭᠰᠠᠨ ᠢᠶᠠᠷ᠂ ᠰᠠᠭᠤᠭᠠᠯᠢ ᠠᠷᠠᠳ ᠸᠢᠴᠠᠲ ᠢᠶᠠᠷ ᠳᠠᠮᠵᠢᠭᠤᠯᠤᠨ ︽ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ︾ ᠶᠢ ᠡᠷᠢᠵᠦ᠂  ᠪᠣᠯᠵᠣᠨ ᠳ᠋ᠣᠭᠠᠷᠯᠠᠬᠤ᠂ ᠲᠤᠰ ᠡᠳᠦᠷ ᠲᠡᠭᠡᠨ ᠳ᠋ᠤᠭᠠᠷᠯᠠᠬᠤ᠂ ᠸᠢᠴᠠᠲ ᠢᠶᠠᠷ ᠵᠠᠷᠤᠳᠠᠯ ᠲᠤᠰᠢᠶᠠᠬᠤ᠂ ᠮᠡᠳᠡᠭᠦᠯᠦᠯᠲᠡ ᠪᠠᠨ ᠯᠠᠪᠯᠠᠨ ᠦᠵᠡᠬᠦ ᠵᠡᠷᠭᠡ ᠦᠢᠯᠡᠴᠢᠯᠡᠭᠡ ᠶᠢ ᠬᠦᠷᠳᠡᠵᠦ᠂ ᠡᠮᠨᠡᠯᠭᠡ ᠳᠤ ᠰᠠᠭᠤᠬᠤ᠂ ᠭᠠᠷ ᠤᠲᠠᠰᠤ ᠪᠠᠷ ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠶᠢ ᠳᠣᠰᠢᠶᠠᠬᠤ᠂ ᠡᠳᠦᠷ ᠤᠨ ᠳ᠋ᠦᠩᠨᠡᠨ ᠪᠣᠳᠣᠯᠲᠠ ᠶᠢᠨ ᠬᠠᠭᠤᠳᠠᠰᠤ ᠶᠢ ᠪᠠᠶᠢᠴᠠᠭᠠᠨ ᠦᠵᠡᠬᠦ ᠵᠡᠷᠭᠡ ᠡᠮᠨᠡᠯᠭᠡ ᠳᠤ ᠰᠠᠭᠤᠬᠤ ᠶᠠᠪᠤᠴᠠ ᠶᠢ ᠬᠦᠢᠴᠡᠳᠬᠡᠵᠦ᠂ ᠠᠷᠠᠳ ᠲᠤ ᠲᠥᠬᠦᠮ ᠦᠵᠡᠭᠦᠯᠬᠦ ᠡᠯ᠎ᠡ ᠲᠥᠷᠥᠯ ᠤᠨ ᠦᠢᠯᠡᠴᠢᠯᠡᠭᠡ ᠶᠢ ᠡᠭᠦᠳᠡᠨ ᠡᠮᠨᠡᠯᠭᠡ᠂ ᠡᠮᠨᠡᠯᠭᠡ ᠳᠤ ᠰᠠᠭᠤᠬᠤ ᠵᠡᠷᠭᠡ ᠲᠤᠬᠠᠶᠢᠯᠠᠭᠰᠠᠨ ᠠᠵᠢᠯ ᠢ ᠬᠦᠢᠴᠡᠳᠬᠡᠬᠦ ᠪᠦᠬᠦ ᠶᠠᠪᠤᠴᠠ ᠶᠢ ᠦᠨᠳᠦᠰᠦᠨ ᠳᠡᠭᠡᠨ ᠬᠠᠮᠣᠷᠴᠦ᠂ ᠡᠨᠡ ᠨᠢ ᠳᠠᠬᠢᠨ ᠳᠠᠪᠲᠠᠨ ᠪᠠᠶᠢᠴᠠᠭᠠᠬᠤ ᠴᠢᠬᠤᠯᠠ ᠦᠭᠡᠢ ᠪᠥᠭᠡᠳ ᠡᠪᠡᠳᠴᠢᠨ ᠦᠵᠡᠭᠦᠯᠬᠦ ᠥᠪᠡᠷ ᠤᠨ ᠥᠷᠲᠡᠭ ᠢ ᠪᠠᠭᠤᠷᠠᠭᠤᠯᠣᠨ᠂ ᠳ᠋ᠤᠭᠠᠷᠯᠠᠬᠤ᠂ ᠵᠠᠷᠤᠳᠠᠯ ᠲᠤᠰᠢᠶᠠᠬᠤ᠂ ᠴᠠᠭ ᠵᠠᠷᠣᠴᠠᠭᠤᠯᠵᠦ ᠮᠦᠷᠯᠡᠬᠦ᠂ ᠣᠨᠣᠰᠢᠯᠠᠨ ᠡᠮᠨᠡᠬᠦ ᠴᠠᠭ ᠨᠢ ᠣᠬᠤᠷ ᠵᠡᠷᠭᠡ ︽ᠭᠤᠷᠪᠠᠨ ᠤᠷᠳᠤ ᠨᠢᠭᠡ ᠣᠬᠤᠷ︾ ᠤᠨ ᠠᠰᠠᠭᠤᠳᠠᠯ ᠢ ᠰᠢᠢᠳᠪᠦᠷᠢᠯᠡᠵᠦ᠂ ᠦᠢᠯᠡᠴᠢᠯᠡᠬᠡᠨ ᠤ ᠴᠢᠨᠠᠷ ᠴᠢᠨᠰᠠᠭ᠎ᠠ ᠶᠢ ᠶᠡᠭᠡ ᠪᠠᠷ ᠳᠡᠭᠡᠭᠰᠢᠯᠡᠭᠦᠯᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号