︽ᠪᠠᠶᠠᠵᠢᠯ︾ ᠲᠡᠮᠡᠬᠡᠨ ᠤ ᠠᠵᠤ ᠥᠢᠯᠡᠰ ᠤᠨ ᠬᠤᠷᠰᠢᠶᠠᠵᠢᠯ ᠤᠨ ᠪᠠᠶᠠᠵᠢᠯ ᠤᠨ ᠵᠠᠮ ᠰᠢᠯᠤᠭᠤᠨ ᠪᠤᠯᠤᠯ᠎ᠠ
ᠨᠡᠶᠢᠲᠡᠯᠡᠭᠰᠡᠨ ᠴᠠᠭ᠄
2021/7/27
      ᠠᠯᠠᠱᠠ ᠪᠠᠷᠠᠭᠤᠨ ᠬᠤᠰᠢᠭᠤᠨ ᠤ ᠠᠯᠳ᠋ᠬᠠᠤᠪᠤᠭ᠎ᠠ ᠪᠠᠯᠭᠠᠰᠤᠨ ᠤ ᠬᠥᠨᠳᠠᠯᠠᠢ ᠭᠠᠴᠠᠭᠠᠨ ᠤ ᠮᠠᠯᠴᠢᠨ ᠪᠠᠳᠤᠴᠢᠯᠠᠭᠤ ᠨᠠᠷ ᠤᠨ ᠡᠵᠡᠩᠨᠡᠭᠰᠡᠨ ︽ᠪᠠᠶᠠᠵᠢᠯ︾ ᠲᠡᠮᠡᠬᠡᠨ ᠤ ᠠᠵᠤ ᠥᠢᠯᠡᠰ ᠤᠨ ᠬᠤᠷᠰᠢᠶᠠᠵᠢᠯ ᠨᠢ ᠵᠢᠯ ᠪᠤᠯᠭᠠᠨ ᠲᠡᠭᠰᠢᠤᠠᠭᠡᠭᠡᠤᠨ 50 ᠲᠥᠮᠡᠨ ᠲᠦᠭᠦᠷᠢᠭ ᠤᠨ ᠠᠰᠢᠭ ᠤᠷᠤᠯᠭ᠎ᠠ ᠡᠭᠦᠳᠴᠦ ᠪᠠᠶᠢᠬᠰᠠᠨ ᠪᠤᠯ ᠦᠨᠤ ᠵᠢᠯ ᠤᠨ ᠠᠰᠢᠭ ᠤᠷᠤᠯᠭ᠎ᠠ ᠨᠢ ᠢᠯᠡᠳᠳᠡ ᠰᠠᠶᠢᠵᠢᠷᠠᠵᠦ᠂ ᠬᠠᠮᠳᠤᠪᠠᠷ ᠡᠵᠡᠩᠨᠡᠵᠤ᠂ ᠬᠠᠮᠳᠤᠪᠡᠷ ᠬᠥᠳᠡᠯᠮᠤᠷᠢᠯᠡᠵᠤ᠂ ᠬᠠᠮᠳᠤᠪᠡᠷ ᠠᠰᠢᠭ ᠬᠥᠷᠳᠡᠭᠦ ᠥᠢᠯᠡᠳᠪᠤᠷᠢᠯᠡᠯ ᠡᠵᠡᠩᠨᠡᠯᠳᠡ ᠪᠠᠨ ᠪᠠᠳᠤᠯᠠᠨ ᠪᠠᠶᠠᠵᠢᠯ ᠴᠢᠨᠡᠬᠡᠯᠢᠭᠵᠢᠯ ᠤᠨ ᠵᠠᠮ ᠬᠠᠷᠭᠤᠢ ᠨᠢ ᠰᠢᠯᠤᠭᠤᠨ ᠪᠤᠯᠵᠤ ᠪᠠᠶᠢᠨ᠎ᠠ᠃ᠲᠤᠰ ᠬᠤᠷᠰᠢᠶᠠᠵᠢᠯ ᠪᠠᠶᠢᠭᠤᠯᠤᠭᠳᠠᠭᠰᠠᠨ ᠠᠴᠠ ᠨᠠᠰᠢ ᠰᠦ ᠰᠠᠭᠠᠯᠢ᠂ ᠠᠰᠢᠭ ᠰᠢᠮ᠎ᠠ ᠶᠢᠨ ᠡᠵᠡᠩᠨᠡᠯᠳᠡ ᠪᠠᠷ ᠠᠰᠢᠭ ᠤᠷᠤᠯᠭ᠎ᠠ ᠨᠢ ᠵᠢᠯ ᠠᠴᠠ ᠵᠢᠯ ᠨᠡᠮᠡᠭᠳᠡᠨ᠂ ᠬᠤᠪᠢ ᠤᠷᠤᠭᠰᠠᠨ ᠲᠥᠷᠪᠡᠨ ᠡᠷᠤᠬᠡ ᠶᠢᠨ ᠠᠮᠢᠳᠤᠷᠠᠯ ᠢᠯᠡᠳᠳᠡ ᠰᠠᠶᠢᠵᠢᠷᠠᠵᠤ᠂ ᠶᠠᠳᠠᠭᠤ ᠬᠥᠴᠢᠷᠳᠡᠯᠳᠠᠢ ᠪᠠᠶᠢᠭᠰᠠᠨ ᠡᠷᠤᠬᠡ ᠨᠢ ᠨᠢᠬᠡᠨᠳᠡ ᠪᠠᠶᠠᠵᠢᠯ ᠴᠢᠨᠡᠬᠡᠯᠢᠭᠵᠢᠯ ᠤᠨ ᠵᠠᠮ ᠳᠠᠭᠠᠨ ᠤᠷᠤᠭᠰᠠᠨ ᠪᠠᠶᠢᠨ᠎ᠠ᠃ ᠬᠤᠷᠰᠢᠶᠠᠵᠢᠯ ᠤᠨ ᠬᠡᠰᠢᠭᠦᠨ ᠰᠤᠶᠤᠯᠳᠤ ᠶᠢᠨ ᠬᠢ ᠪᠤᠯ ᠤᠤᠯ ᠨᠢ ᠶᠠᠳᠠᠭᠤ ᠬᠥᠴᠢᠷᠳᠠᠯᠳᠠᠢ ᠡᠷᠤᠬᠡ ᠶᠢᠨ ᠲᠠᠩᠰᠠᠨ ᠳᠤ ᠪᠠᠶᠢᠵᠤ᠂ ᠬᠤᠷᠰᠢᠶᠠᠵᠢᠯ ᠳᠤ ᠲᠡᠮᠡᠭᠡ ᠪᠤᠯᠤᠨ ᠪᠠᠶᠢᠷᠢ ᠪᠡᠯᠴᠢᠬᠡᠷ ᠢᠶᠠᠷ ᠢᠶᠠᠨ ᠬᠤᠪᠢ ᠤᠷᠤᠭᠰᠠᠨ ᠤ ᠪᠠᠨ ᠲᠠᠷᠠᠭ᠎ᠠ ᠤᠳᠤ ᠵᠢᠯ ᠳᠤ ᠪᠠᠷᠤᠭ 10 ᠲᠥᠮᠡᠨ ᠲᠥᠭᠦᠷᠢᠭ ᠤᠨ ᠤᠷᠤᠯᠭ᠎ᠠ ᠲᠠᠢ ᠪᠤᠯᠵᠤ᠂ 2020 ᠤᠨ ᠤ 10 ᠰᠠᠷ᠎ᠠ ᠪᠤᠯᠬᠤ ᠳᠤ ᠶᠠᠳᠠᠭᠤ ᠠᠴᠠ ᠠᠩᠬᠢᠵᠢᠷᠠᠭᠰᠠᠨ ᠡᠷᠤᠬᠡ ᠶᠢᠨ ᠪᠠᠷᠢᠮᠵᠢᠶᠠᠨ ᠳᠤ ᠬᠥᠷᠥᠭᠰᠡᠨ ᠪᠠᠶᠢᠨ᠎ᠠ᠃       ᠬᠥᠨᠳᠠᠯᠠᠢ ᠭᠠᠴᠡᠭᠠᠨ ᠤ ᠨᠠᠮ ᠤᠨ ᠡᠭᠦᠷ ᠤᠨ ᠱᠥᠵᠢ᠂ ᠭᠠᠴᠡᠭᠠᠨ ᠲᠠᠷᠤᠭ᠎ᠠ ᠪᠠ ᠢ᠄ ︽ᠮᠠᠨ ᠤ ᠬᠥᠨᠳᠠᠯᠠᠢ ᠭᠠᠴᠠᠭ᠎ᠠ ᠪᠤᠯ ᠲᠡᠮᠡᠭᠡ ᠮᠠᠯᠵᠢᠬᠤ ᠳᠤ ᠲᠤᠬᠢᠷᠠᠮᠵᠢᠳᠠᠢ ᠰᠠᠶᠢᠬᠠᠨ ᠨᠤᠳᠤᠭ ᠪᠤᠯᠤᠨ᠎ᠡ᠃ ᠡᠶᠢᠮᠤ ᠠᠴᠠ ᠮᠠᠨ ᠤ ᠭᠠᠴᠡᠭᠠᠨ ᠳᠤ ᠲᠡᠮᠡᠬᠡᠨ ᠤ ᠠᠵᠤ ᠥᠢᠯᠡᠰ ᠤᠨ ᠬᠤᠷᠰᠢᠶᠠᠵᠢᠯ 4 ᠪᠤᠢ᠃ ︿ᠪᠠᠶᠠᠵᠢᠯ﹀ ᠬᠤᠷᠰᠢᠶᠠᠵᠢᠯ ᠪᠤᠯ ᠪᠠᠰᠠ ᠨᠢᠬᠡᠨ ᠤᠨᠴᠠᠯᠢᠭ ᠢᠶᠠᠷ ᠢᠶᠠᠨ ᠦᠪᠡᠷ ᠤᠨ ᠵᠠᠮ ᠮᠦᠷ ᠢᠶᠠᠨ ᠰᠦᠪᠡᠭᠴᠢᠯᠡᠵᠦ᠂ ᠤᠷᠤᠯᠭ᠎ᠠ ᠠᠰᠢᠭ ᠨᠢ ᠮᠠᠰᠢ ᠰᠠᠶᠢᠨ ᠪᠤᠯᠵᠦ ᠪᠠᠶᠢᠨ᠎ᠠ᠃ ᠬᠤᠶᠢᠰᠢᠳᠠ ︿ᠠᠷᠪᠠᠨ ᠲᠥᠷᠪᠡᠳᠤᠬᠡᠷ ᠲᠠᠪᠤᠨ ᠵᠢᠯ﹀ ᠤᠨ ᠬᠤᠭᠤᠴᠠᠭᠠᠨ ᠳᠤ ᠮᠠᠨ ᠤ ᠭᠠᠴᠠᠭ᠎ᠠ ᠥᠪᠡᠷ ᠤᠨ ᠲᠠᠪᠠᠭᠤᠯᠢᠭ ᠢᠶᠠᠨ ᠲᠥᠰᠢᠭᠯᠡᠨ ᠲᠡᠮᠡᠬᠡᠨ ᠤ ᠠᠵᠤ ᠥᠢᠯᠡᠰ ᠢ ᠥᠷᠭᠦᠯᠵᠢᠯᠡᠨ ᠬᠥᠭᠵᠢᠭᠦᠯᠵᠤ᠂ ᠭᠠᠴᠡᠭᠠᠨ ᠤ ᠪᠠᠨ ᠭᠤᠤᠯᠯᠠᠬᠤ ᠠᠵᠤ ᠥᠢᠯᠡᠰ ᠪᠤᠯᠭᠠᠨ ᠠᠳᠬᠤᠬᠤ ᠲᠥᠯᠤᠪᠯᠡᠭᠡ ᠲᠠᠢ᠃ ᠲᠡᠮᠡᠬᠡᠨ ᠤ ᠠᠵᠤ ᠥᠢᠯᠡᠰ ᠢ ᠬᠥᠭᠵᠢᠭᠦᠯᠭᠦ ᠲᠥᠷᠤ ᠶᠢᠨ ᠪᠤᠳᠤᠯᠭ᠎ᠠ ᠳᠤ ᠲᠤᠬᠢᠷᠠᠭᠤᠯᠤᠨ ᠲᠥᠷᠥᠯ ᠵᠥᠢᠯ ᠢ ᠢᠯᠡᠭᠦᠬᠡᠨ ᠤᠯᠵᠤ᠂ ᠲᠡᠮᠡᠬᠡᠨ ᠤ ᠠᠵᠤ ᠥᠢᠯᠡᠰ ᠤᠨ ᠬᠥᠭᠵᠢᠯᠳᠡ ᠪᠠᠷ ᠲᠠᠮᠵᠢᠭᠤᠯᠤᠨ ᠮᠠᠯᠴᠢᠳ ᠤᠨ ᠠᠰᠢᠭ ᠤᠷᠤᠯᠭ᠎ᠠ ᠶᠢ ᠨᠡᠮᠡᠭᠳᠡᠭᠦᠯᠤᠨ ᠬᠥᠳᠡᠭᠡ ᠲᠤᠰᠬᠤᠨ ᠢ ᠬᠥᠭᠵᠢᠭᠦᠯᠤᠨ ᠮᠠᠨᠳᠤᠭᠤᠯᠬᠤ ᠳᠤ ᠢᠳᠡᠪᠬᠢᠳᠠᠢ ᠬᠤᠪᠢ ᠨᠠᠮᠡᠷᠢ ᠦᠵᠡᠭᠦᠯᠬᠦ ᠪᠠᠷ ᠴᠢᠷᠮᠠᠶᠢᠨ᠎ᠠ︾ ᠬᠡᠵᠤ ᠪᠠᠶᠢᠯ᠎ᠠ᠃       ᠲᠠᠪᠤᠨ ᠵᠢᠯ ᠤᠨ ᠡᠮᠤᠨ᠎ᠡ ᠪᠠᠳᠤᠴᠢᠯᠠᠭᠤ ︽ᠪᠠᠶᠠᠵᠢᠯ︾ ᠲᠡᠮᠡᠬᠡᠨ ᠤ ᠠᠵᠤ ᠥᠢᠯᠡᠰ ᠤᠨ ᠬᠤᠷᠰᠢᠶᠠᠵᠢᠯ ᠢ ᠪᠠᠶᠢᠭᠤᠯᠵᠤ᠂ ᠥᠢᠷ᠎ᠠ ᠵᠡᠷᠬᠡᠯᠠᠳᠡᠭᠡ ᠲᠥᠷᠪᠡᠨ ᠡᠷᠤᠬᠡ ᠶᠢᠨ ᠲᠡᠮᠡᠭᠡ ᠪᠤᠯᠤᠨ ᠪᠠᠶᠢᠷᠢ ᠪᠡᠯᠴᠢᠬᠡᠷ ᠢ ᠬᠤᠪᠢ ᠤᠷᠤᠭᠤᠯᠬᠤ ᠮᠠᠶ᠋ᠢᠭ ᠢᠶᠠᠷ ᠨᠢᠬᠡᠳᠬᠡᠨ ᠠᠰᠢᠭᠯᠠᠵᠤ᠂ ᠨᠡᠶᠢᠳᠡ 11 ᠲᠥᠮᠡᠨ ᠮᠤ᠋ ᠪᠡᠯᠴᠢᠬᠡᠷ᠂ 180 ᠲᠡᠮᠡᠭᠡ ᠲᠠᠢ᠂ 7 ᠠᠵᠢᠯᠳᠠᠨ ᠲᠠᠢ ᠬᠤᠷᠰᠢᠶᠠᠵᠢᠯ ᠪᠤᠯᠵᠤ ᠪᠠᠶᠢᠭᠤᠯᠤᠭᠳᠠᠵᠠᠢ᠃ ᠤᠳᠤ ᠬᠤᠷᠰᠢᠶᠠᠵᠢᠯ ᠨᠢ ᠭᠤᠴᠢᠭᠠᠳ ᠢᠩᠬᠡ ᠰᠠᠭᠠᠵᠤ᠂ ᠵᠢᠯ ᠳᠤ 300 ᠭᠠᠷᠤᠢ ᠵᠢᠩ ᠰᠥ ᠠᠶᠢᠷᠠᠭ ᠪᠤᠷᠤᠯᠠᠭᠤᠯᠵᠦ ᠪᠠᠶᠢᠨ᠎ᠠ᠃       ᠤᠯᠠᠮᠵᠢᠯᠠᠯᠳᠤ ᠮᠠᠶ᠋ᠢᠭ ᠢᠶᠠᠷ ᠢᠶᠠᠨ ᠢᠩᠬᠡ ᠰᠠᠭᠠᠬᠤ᠂ ᠴᠣᠯᠣ ᠪᠠᠶᠢᠭᠠᠯᠢᠯᠢᠭ ᠢᠶᠠᠷ ᠢᠩᠬᠡᠨ ᠰᠠᠭᠠᠯᠢ ᠪᠠᠨ ᠬᠢᠭᠦ᠂ ᠢᠩᠬᠡ ᠪᠠᠨ ᠪᠡᠯᠴᠢᠬᠡᠷ ᠤᠰᠤᠨ ᠳᠤᠨᠢ ᠲᠠᠯᠪᠢᠵᠦ ᠪᠡᠯᠴᠢᠬᠡᠷᠯᠡᠭᠦᠯᠭᠦ ᠪᠤᠯ ︽ᠪᠠᠶᠠᠵᠢᠯ︾ ᠬᠤᠷᠰᠢᠶᠠᠵᠢᠯ ᠤᠨ ᠬᠦᠢᠴᠡᠳᠬᠡᠵᠦ ᠢᠷᠡᠭᠰᠡᠨ ᠭᠤᠤᠯ ᠪᠠᠷᠢᠮᠳᠠᠯᠠᠯ ᠪᠤᠯᠤᠨ᠎ᠡ᠃ ᠤᠯᠠᠮᠵᠢᠯᠠᠯᠳᠤ ᠮᠠᠶ᠋ᠢᠭ ᠢᠶᠠᠷ ᠢᠶᠠᠨ ᠢᠩᠬᠡ ᠪᠠᠨ ᠰᠠᠭᠠᠵᠤ᠂ ᠰᠥ ᠶᠢᠨ ᠭᠠᠷᠤᠯᠳᠠ ᠪᠠ ᠰᠥ ᠶᠢᠨ ᠠᠷᠢᠭᠤᠨ ᠴᠡᠪᠡᠷ ᠢ ᠪᠠᠳᠤᠯᠠᠵᠤ᠂ ᠮᠦᠨ ᠴᠣᠯᠣ ᠪᠠᠶᠢᠭᠠᠯᠢᠯᠢᠭ ᠢᠶᠠᠷ ᠢᠩᠬᠡᠨ ᠰᠠᠭᠠᠯᠢ ᠪᠠᠨ ᠬᠢᠵᠤ ᠴᠢᠨᠠᠷ ᠢ ᠪᠠᠳᠤᠯᠠᠬᠤ ᠶᠢᠨ ᠲᠠᠭᠠᠤ ᠢᠩᠬᠡᠨ ᠤ ᠪᠠᠨ ᠬᠥᠴᠤ ᠲᠠᠷᠭᠤ ᠶᠢ ᠴᠦ ᠬᠠᠮᠠᠭᠠᠯᠠᠵᠦ ᠴᠢᠳᠠᠭᠰᠠᠨ ᠢᠶᠠᠷ ᠰᠥ ᠰᠠᠭᠠᠯᠢ ᠶᠢᠨ ᠪᠤᠷᠤᠯᠠᠭᠤᠯᠭ᠎ᠠ ᠶᠢᠨ ᠵᠠᠮ ᠨᠢ ᠨᠡᠬᠡᠬᠡᠭᠳᠡᠵᠦ᠂ ᠦᠷ᠎ᠠ ᠠᠰᠢᠭ ᠨᠢ ᠠᠶᠠᠨᠳᠠᠭᠠᠨ ᠲᠡᠬᠡᠭᠰᠢᠯᠡᠵᠡᠢ᠃       ︽ᠪᠠᠶᠠᠵᠢᠯ︾ ᠲᠡᠮᠡᠬᠡᠨ ᠤ ᠠᠵᠤ ᠥᠢᠯᠡᠰ ᠤᠨ ᠬᠤᠷᠰᠢᠶᠠᠵᠢᠯ ᠤᠨ ᠲᠠᠷᠤᠭ᠎ᠠ ᠪᠠᠳᠤᠴᠢᠯᠠᠭᠤ ᠶᠠᠷᠢᠬᠤ ᠳᠠᠭᠠᠨ᠄ ︽ᠮᠠᠨ ᠤ ᠮᠠᠯᠴᠢᠳ ᠠᠩᠬᠠᠨ ᠳᠠᠭᠠᠨ ᠬᠤᠷᠰᠢᠶᠠᠵᠢᠯ ᠪᠠᠶᠢᠭᠤᠯᠬᠤ ᠶᠢᠨ ᠰᠠᠶᠢᠨ ᠲᠠᠯ᠎ᠠ ᠶᠢ ᠥᠢᠯᠠᠭᠠᠵᠤ ᠮᠡᠳᠡᠭᠡ ᠥᠬᠡᠢ ᠪᠠᠶᠢᠭᠰᠠᠨ ᠶᠤᠮ᠃ ᠤᠷᠴᠢᠮ ᠤᠨ ᠵᠢᠯ ᠠᠴᠠ ᠠᠳᠠᠯᠢ ᠪᠤᠰᠤ ᠡᠵᠡᠩᠨᠡᠯᠳᠡ ᠶᠢᠨ ᠬᠤᠷᠰᠢᠶᠠᠵᠢᠯ ᠨᠡᠮᠡᠭᠳᠡᠭᠦ ᠶᠢ ᠲᠠᠭᠠᠯᠳᠤᠨ ᠲᠡᠭᠦᠨ ᠤ ᠠᠰᠢᠭ ᠲᠤᠰᠠ ᠶᠢ ᠤᠳᠤ ᠤᠶᠢᠯᠠᠭᠠᠬᠤ ᠪᠤᠯᠵᠦ ᠪᠠᠶᠢᠨ᠎ᠠ᠃ ᠨᠢᠬᠡ ᠡᠷᠤᠬᠡ ᠶᠢᠨ ᠬᠥᠳᠡᠯᠮᠤᠷᠢ ᠬᠥᠴᠤ ᠬᠥᠷᠥᠯᠴᠡᠭᠦ ᠥᠬᠡᠢ ᠪᠤᠯᠬᠤᠷ ᠤᠯᠠᠨ ᠤ ᠬᠥᠳᠡᠯᠮᠤᠷᠢ ᠬᠥᠴᠤ ᠶᠢ ᠠᠰᠢᠭᠯᠠᠬᠤ ᠶᠢᠨ ᠬᠠᠮᠳᠤ ᠡᠪᠡᠰᠤ ᠪᠡᠯᠴᠢᠬᠡᠷ᠂ ᠮᠠᠯ ᠬᠥᠷᠥᠩᠬᠡ ᠪᠠᠨ ᠨᠡᠶᠢᠯᠡᠭᠦᠯᠤᠨ ᠬᠠᠮᠳᠤᠪᠡᠷ ᠡᠵᠡᠩᠨᠡᠨ ᠠᠰᠢᠭ ᠤᠷᠤᠯᠭ᠎ᠠ ᠤᠯᠬᠤ ᠪᠤᠯ ᠪᠠᠰᠠ ᠨᠢᠬᠡᠨ ᠰᠢᠨ᠎ᠡ ᠡᠵᠡᠩᠨᠡᠯᠳᠡ ᠶᠢᠨ ᠠᠷᠭ᠎ᠠ ᠬᠡᠯᠪᠡᠷᠢ ᠶᠤᠮ᠃ ᠡᠬᠢ ᠰᠤᠷᠪᠤᠯᠵᠢ ᠡᠯᠪᠡᠭ᠂ ᠬᠥᠳᠡᠯᠮᠤᠷᠢ ᠬᠥᠴᠤ ᠠᠷᠪᠢᠨ᠂ ᠲᠡᠮᠡᠭᠡ ᠮᠠᠯ ᠤᠨ ᠠᠷᠠᠴᠢᠯᠠᠭ᠎ᠠ ᠰᠠᠶᠢᠨ ᠪᠤᠯᠤᠭᠰᠠᠨ ᠤ ᠰᠠᠭᠤᠷᠢᠨ ᠲᠡᠬᠡᠷ᠎ᠡ ᠲᠡᠮᠡᠬᠡᠨ ᠤ ᠠᠵᠤ ᠥᠢᠯᠡᠰ ᠢ ᠡᠷᠬᠢᠯᠡᠪᠡᠯ ᠰᠠᠶ᠋ᠢ ᠤᠷᠤᠭᠰᠢᠳᠠᠢ᠂ ᠪᠥᠳᠤᠮᠵᠢᠳᠠᠢ ᠪᠤᠯᠳᠠᠭ᠂ ᠮᠠᠨ ᠤ ᠬᠤᠷᠰᠢᠶᠠᠵᠢᠯ ᠴᠦ ᠠᠷᠭ᠎ᠠ ᠲᠤᠷᠰᠢᠯᠭ᠎ᠠ ᠬᠤᠷᠠᠮᠳᠤᠭᠤᠯᠬᠤ ᠵᠦᠢᠯ ᠶᠡᠭᠡ ᠪᠤᠢ︾ ᠬᠡᠯ᠎ᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号