ᠥᠮᠡᠨ ᠢ ᠵᠠᠰᠠᠬᠤ᠂ ᠳᠠᠷᠤᠯᠲᠠ ᠶᠢ ᠪᠠᠭᠤᠷᠠᠭᠤᠯᠬᠤ ᠵᠡᠷᠭᠡ 61 ᠵᠦᠢᠯ ᠤᠨ ᠡᠮ ᠪᠠᠰᠠ ᠬᠢᠮᠳᠠᠷᠠᠨ᠎ᠠ
ᠨᠡᠶᠢᠲᠡᠯᠡᠭᠰᠡᠨ ᠴᠠᠭ᠄
2021/7/27
      ᠤᠯᠤᠰ ᠠᠴᠠ ᠵᠤᠬᠢᠶᠠᠨ ᠪᠠᠶᠢᠭᠤᠯᠵᠦ ᠨᠢᠬᠡᠳᠦᠯᠳᠠᠢ ᠬᠤᠳᠠᠯᠳᠣᠨ ᠠᠪᠬᠤ ᠲᠠᠪᠤᠳᠤᠭᠠᠷ ᠪᠦᠯᠦᠭ ᠤᠨ ᠡᠮ ᠤᠨ ᠵᠦᠢᠯᠡᠰ ᠤᠨ ᠨᠡᠷᠡᠰ ᠢ ᠤᠷᠴᠢᠮᠬᠠᠨ ᠨᠡᠶᠢᠳᠡᠯᠡᠯ᠎ᠡ᠃ 62 ᠳᠦᠷᠦᠯ ᠤᠨ ᠡᠮ ᠠᠴᠠ 61 ᠶᠢ ᠨᠢ ᠠᠮᠵᠢᠯᠲᠠ ᠲᠠᠢ ᠬᠤᠳᠠᠯᠳᠤᠨ ᠣᠷᠣᠭᠤᠯᠣᠭᠰᠠᠨ ᠪᠦᠬᠡᠳ ᠦᠨ᠎ᠡ ᠶᠢ ᠨᠢ ᠳᠤᠮᠳᠠᠴᠢ ᠪᠠᠷ 56% ᠪᠠᠷ ᠬᠢᠮᠳᠠᠷᠠᠭᠤᠯᠤᠨ᠂ ᠪᠥᠬᠦ ᠦᠷᠳᠡᠭ ᠨᠢ 550 ᠳ᠋ᠦᠩᠰᠢᠭᠤᠷ ᠲᠥᠭᠦᠷᠢᠭ ᠲᠤ ᠬᠦᠷᠴᠦ᠂ ᠲᠥᠪᠯᠡᠷᠡᠭᠦᠯᠦᠨ ᠬᠤᠳᠠᠯᠳᠤᠨ ᠠᠪᠤᠭᠰᠠᠨ ᠳᠡᠦᠬᠡ ᠶᠢᠨ ᠲᠡᠮᠳᠡᠭᠯᠡᠯ ᠢ ᠰᠢᠨᠡᠳᠬᠡᠪᠡ᠃       ᠤᠯᠤᠰ ᠠᠴᠠ ᠡᠮ ᠤᠨ ᠵᠦᠢᠯᠡᠰ ᠢ ᠲᠦᠯᠦᠪᠯᠡᠭᠡ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠶᠠᠪᠤᠳᠠᠯ ᠢ ᠵᠣᠬᠢᠶᠠᠨ ᠪᠠᠶᠢᠭᠤᠯᠤᠨ᠎ᠠ᠂ ᠲᠤᠬᠠᠶᠢᠯᠠᠪᠠᠯ ᠤᠯᠤᠰ ᠠᠴᠠ ᠪᠦᠬᠦ ᠤᠯᠤᠰ ᠤᠨ ᠡᠯ᠎ᠡ ᠮᠤᠵᠢ ᠣᠷᠣᠨ ᠢ ᠵᠣᠬᠢᠶᠠᠨ ᠪᠠᠶᠢᠭᠤᠯᠵᠤ ᠶᠡᠭᠡ ᠬᠡᠪᠴᠢᠶᠡᠨ ᠤ ᠡᠮ ᠤᠨ ᠵᠦᠢᠯᠡᠰ ᠢ ︽ᠬᠠᠮᠲᠤ ᠪᠠᠷ ᠬᠤᠳᠠᠯᠳᠤᠨ ᠠᠪᠬᠤ︾ ᠠᠷᠭ᠎ᠠ ᠪᠠᠷ ᠡᠮ ᠤᠨ ᠵᠦᠢᠯᠡᠰ ᠤᠨ ᠦᠨ᠎ᠡ ᠶᠢ ᠬᠢᠮᠳᠠᠷᠠᠭᠤᠯᠬᠤ ᠪᠠᠷ ᠪᠠᠶᠢᠨ᠎ᠠ᠃        ᠲᠣᠰ ᠤᠳᠠᠭᠠᠨ ᠤ ᠲᠥᠪᠯᠡᠷᠡᠭᠦᠯᠦᠨ ᠤᠷᠤᠭᠤᠯᠬᠤ ᠲᠥᠷᠥᠯ ᠵᠦᠢᠯ ᠳᠤ ᠴᠢᠰᠤᠨ ᠳᠠᠷᠤᠯᠲᠠ ᠥᠨᠳᠥᠷ᠂ ᠬᠠᠷᠰᠢᠯ ᠢ ᠨᠠᠮᠳᠠᠭᠠᠬᠤ᠂ ᠬᠠᠯᠳᠠᠪᠤᠷᠢᠯᠠᠯ ᠢ ᠠᠷᠭᠠᠴᠠᠭᠠᠬᠤ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠳᠤ ᠬᠡᠷᠡᠭᠯᠡᠬᠦ ᠡᠮ ᠪᠤᠯᠤᠨ ᠠᠭᠤᠰᠬᠢᠨ ᠥᠮᠡᠨ ᠵᠡᠷᠭᠡ ᠬᠦᠨᠳᠦ ᠡᠪᠡᠳᠴᠢᠨ ᠳᠤ ᠬᠡᠷᠡᠭᠯᠡᠬᠦ ᠡᠮ ᠤᠨ ᠦᠨ᠎ᠡ ᠶᠢ ᠳᠤᠮᠳᠠᠴᠢ ᠪᠠᠷ 56% ᠪᠠᠷ ᠬᠢᠮᠳᠠᠷᠠᠭᠤᠯᠬᠤ ᠶᠤᠮ ᠪᠠᠶᠢᠨ᠎ᠠ᠃        ᠶᠡᠷᠦᠳᠡ ᠶᠢᠨ ᠬᠡᠷᠡᠭᠯᠡᠳᠡᠭ ᠡᠮ ᠤᠨ ᠲᠠᠯ᠎ᠠ ᠪᠠᠷ᠂ ᠲᠦᠷᠭᠡᠨ ᠴᠢᠨᠠᠷᠲᠠᠶ ᠬᠤᠳᠣᠭᠤᠳᠣᠨ ᠤ ᠰᠢᠷᠬᠠᠯᠠᠭ᠎ᠠ ᠶᠢ ᠵᠠᠰᠠᠬᠤ ᠲᠠᠷᠢᠯᠭ᠎ᠠ ᠶᠢᠨ ᠰᠢᠩᠭᠡᠨ ᠢᠶᠠᠷ ᠵᠢᠱᠢᠶᠡᠯᠡᠪᠡᠯ᠂ ᠰᠢᠷᠬᠡᠭ ᠪᠦᠷᠢ ᠳᠡᠭᠡᠨ 65 ᠲᠥᠭᠦᠷᠢᠭ ᠪᠠᠶᠢᠭᠰᠠᠨ ᠠᠴᠠ ᠪᠠᠨ ᠪᠠᠭᠤᠷᠠᠭᠠᠳ 4 ᠲᠥᠭᠦᠷᠢᠭ ᠣᠷᠴᠢᠮ ᠪᠣᠯᠵᠣ᠂ ᠨᠢᠭᠡ ᠡᠮᠴᠢᠯᠡᠭᠡᠨ ᠤ ᠦᠶᠡᠯᠡᠯ ᠤᠨ ᠬᠤᠭᠤᠴᠠᠭᠠᠨ ᠳᠤ 610 ᠲᠥᠭᠦᠷᠢᠭ ᠤᠨ ᠡᠮ ᠤᠨ ᠵᠠᠷᠤᠳᠠᠯ ᠢ ᠠᠷᠪᠢᠯᠠᠬᠤ ᠪᠤᠯᠵᠠᠢ᠃ ᠰᠢᠬᠢᠷ ᠰᠢᠵᠢᠩ ᠡᠪᠡᠳᠴᠢᠨ ᠳᠤ ᠬᠡᠷᠡᠭᠯᠡᠬᠦ ᠰᠢᠨ᠎ᠡ ᠨᠢᠭᠡ ᠦᠶ᠎ᠡ ᠶᠢᠨ ᠡᠮ ᠤᠨ ᠦᠨ᠎ᠡ ᠶᠢ 62% ᠢᠶᠠᠷ ᠬᠢᠮᠳᠠᠷᠠᠭᠤᠯᠵᠦ᠂ ᠰᠠᠷ᠎ᠠ ᠶᠢᠨ ᠵᠠᠷᠤᠳᠠᠯ ᠢ 225 ᠲᠥᠭᠦᠷᠢᠭ ᠠᠴᠠ 90 ᠲᠥᠭᠦᠷᠢᠭ ᠠᠴᠠ ᠳᠣᠷᠣᠭᠰᠢ ᠪᠣᠯᠲᠠᠯ᠎ᠠ ᠬᠢᠮᠳᠠᠷᠠᠭᠤᠯᠬᠤ ᠶᠤᠮ ᠪᠠᠶᠢᠨ᠎ᠠ᠃  
 
ᠢᠷᠡᠯᠲᠡ᠄ ᠴᠢᠩᠭᠢᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号