ᠵᠢᠯᠣᠭᠤᠴᠢ ᠦᠭᠡᠢ ᠨᠢᠰᠬᠡᠯ ᠲᠠᠷᠢᠶᠠᠯᠡᠩ ᠤᠨ ᠦᠢᠯᠡᠰ ᠤᠨ ᠬᠦᠭᠵᠢᠯᠳᠠ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2021/7/28
     ᠤᠢᠢᠷ᠎ᠠ ᠶᠢᠨ ᠡᠳᠦᠷ᠂ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠭᠠᠩᠭ᠎ᠠ ᠭᠠᠴᠠᠭᠠᠨ ᠤ ᠡᠷᠳᠡᠨᠢ ᠰᠢᠰᠢ ᠬᠥᠬᠡᠷᠡᠨ ᠨᠣᠭᠤᠭᠠᠷᠠᠵᠤ᠂ ᠤᠨᠴᠠ ᠶᠢᠨ ᠭᠤᠶᠤ ᠦᠵᠡᠮᠵᠢ ᠶᠢ ᠪᠦᠷᠢᠳᠦᠬᠦᠯᠵᠠᠢ᠃ ᠠᠯᠠᠱᠠ ᠵᠡᠭᠦᠨ ᠬᠤᠰᠢᠭᠤᠨ ᠤ ᠬᠤᠩ ᠹᠧᠩ ᠲᠠᠷᠢᠶᠠᠯᠠᠩ ᠤᠨ ᠬᠡᠷᠡᠭᠰᠡᠯ ᠲᠠᠷᠢᠶᠠᠯᠠᠩ ᠤᠨ ᠪᠦᠲᠦᠭᠡᠭᠳᠡᠬᠦᠨ ᠤ ᠲᠤᠰᠬᠠᠢ ᠬᠤᠷᠰᠢᠶᠠᠵᠢᠯ ᠤᠨ ᠠᠵᠢᠯᠳᠠᠨ ᠨᠠᠶᠢᠷᠠᠭᠤᠯᠤᠭᠰᠠᠨ ᠲᠠᠷᠢᠶᠠᠨ ᠡᠮ ᠢ ᠵᠢᠯᠣᠭᠤᠴᠢ ᠦᠭᠡᠢ ᠨᠢᠰᠬᠡᠯ ᠤᠨ ᠰᠠᠪᠠᠨ ᠲᠤᠳᠤᠷ᠎ᠠ ᠬᠢᠭᠰᠡᠨ ᠢᠶᠠᠨ ᠠᠭᠠᠷ ᠲᠤ ᠨᠢᠰᠬᠡᠵᠦ ᠲᠠᠷᠢᠶᠠᠨ ᠤ ᠬᠤᠷᠤᠬᠠᠢ ᠰᠢᠪᠡᠵᠢ ᠶᠢ ᠤᠰᠠᠳᠬᠠᠵᠦ ᠪᠠᠶᠢᠯ᠎ᠠ᠃      ︽ᠥᠩᠭᠡᠷᠡᠭᠰᠡᠨ ᠳᠤ ᠲᠠᠷᠢᠶᠠᠨ ᠤ ᠬᠤᠷᠣᠬᠠᠶ ᠶᠢᠨ ᠬᠥᠨᠥᠭᠡᠯ ᠢ ᠰᠡᠷᠭᠡᠶᠢᠯᠡᠬᠦ ᠳᠤ ᠡᠷᠬᠡᠪᠰᠢ ᠬᠡᠳᠦᠨ ᠠᠷᠪᠠᠨ ᠵᠢᠩ ᠬᠦᠨᠳᠦ ᠯᠣᠩᠬᠤ ᠶᠢ ᠡᠭᠦᠷᠴᠦ᠂ ᠨᠢᠭᠡ ᠬᠥᠮᠦᠨ ᠨᠢᠭᠡ ᠡᠳᠦᠷ ᠲᠤ ᠪᠠᠷᠤᠭ 35 ᠮᠥ ᠲᠠᠷᠢᠶᠠᠨ ᠭᠠᠵᠠᠷ ᠲᠤ ᠡᠮ ᠰᠦᠷᠴᠢᠵᠦ ᠲᠠᠶᠢᠯᠤᠨ᠎ᠠ︾᠃ ᠠᠯᠠᠱᠠ ᠵᠡᠭᠦᠨ ᠬᠤᠰᠢᠭᠤᠨ ᠤ ᠬᠤᠩ ᠹᠧᠩ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠭᠡᠭᠳᠡᠬᠦᠨ ᠤ ᠲᠤᠰᠬᠠᠢ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠱᠢ ᠢᠦᠢ ᠬᠤᠩ᠂ 2015 ᠣᠨ ᠳᠤ ᠵᠢᠯᠣᠭᠤᠴᠢ ᠥᠬᠡᠶ ᠨᠢᠰᠬᠡᠯ ᠤᠨ ᠮᠡᠷᠭᠡᠵᠢᠯ ᠢ ᠲᠠᠷᠢᠶᠠᠯᠡᠩ ᠤᠨ ᠦᠢᠯᠡᠰ ᠲᠤ ᠠᠰᠢᠭᠯᠠᠭᠰᠠᠨ ᠠᠴᠠ᠂ ᠲᠠᠷᠢᠶᠠᠨ ᠤ ᠬᠤᠷᠣᠬᠠᠶ ᠰᠢᠪᠡᠵᠢ ᠶᠢᠨ ᠬᠦᠨᠦᠬᠡᠯ ᠢ ᠪᠦᠲᠦᠮᠵᠢᠳᠡᠢ ᠰᠡᠷᠬᠡᠶᠢᠯᠡᠵᠦ ᠴᠢᠳᠠᠭᠰᠠᠨ ᠮᠦᠷᠳᠡᠬᠡᠨ ᠲᠠᠷᠢᠮᠠᠯ ᠤᠨ ᠤᠨᠠᠯᠲᠠ ᠶᠢ ᠨᠡᠮᠡᠭᠳᠡᠭᠦᠯᠵᠦ ᠴᠢᠳᠠᠵᠠᠢ᠂ ᠣᠳᠣ ᠪᠢᠳᠡᠨ ᠤ ᠵᠢᠯᠣᠭᠤᠴᠢ ᠦᠭᠡᠢ ᠨᠢᠰᠬᠡᠯ ᠢ ᠨᠢᠬᠡᠨᠳᠠ ᠬᠤᠶᠠᠷᠬᠤᠳᠳᠤᠭ ᠤᠨ ᠬᠦᠳᠡᠭᠡ ᠪᠤᠯᠤᠨ ᠴᠠᠬᠠᠷ ᠤᠨ ᠬᠦᠳᠡᠭᠡ ᠶᠢᠨ ᠤᠰᠤᠯᠠᠯᠳᠠ ᠶᠢᠨ ᠤᠷᠤᠨ ᠳᠤ ᠦᠷᠬᠡᠨ ᠢᠶᠠᠷ ᠬᠡᠷᠡᠭᠯᠡᠵᠦ᠂ ᠵᠢᠯ ᠤᠨ ᠵᠠᠰᠠᠯᠲᠠ ᠶᠢᠨ ᠬᠡᠪᠴᠢᠶ᠎ᠡ ᠨᠢᠭᠡᠨᠲᠡ 3000 ᠠᠴᠠ 1 ᠲᠦᠮᠡᠨ ᠮᠥ ᠳᠤ ᠬᠦᠷᠴᠦ ᠪᠤᠢ ᠬᠡᠵᠦ ᠪᠠᠶᠢᠯ᠎ᠠ᠃      7 ᠰᠠᠷ᠎ᠠ ᠠᠴᠠ ᠨᠠᠰᠢ᠂ ᠮᠠᠨ ᠤ ᠠᠶᠢᠮᠠᠭ ᠤᠨ ᠦᠷᠭᠦᠯᠵᠢᠯᠡᠭᠰᠡᠨ ᠥᠨᠳᠥᠷ ᠳᠣᠯᠠᠭᠠᠨ ᠠᠭᠤᠷ ᠠᠮᠢᠰᠬᠤᠯ ᠠᠴᠠ ᠪᠣᠯᠵᠣ ᠡᠯ᠎ᠡ ᠲᠥᠷᠥᠯ ᠤᠨ ᠲᠠᠷᠢᠮᠠᠯ ᠬᠤᠷᠣᠬᠠᠢ ᠰᠢᠪᠡᠵᠢ ᠶᠢᠨ ᠭᠠᠮᠰᠢᠭ ᠲᠤ ᠲᠠᠭᠠᠷᠢᠠᠠᠳᠠᠵᠦ᠂ ᠤᠷᠭᠤᠮᠠᠯ ᠢ ᠬᠠᠮᠠᠭᠠᠯᠠᠬᠤ ᠮᠠᠰᠢᠨᠴᠢᠯᠠᠭᠰᠠᠨ ᠲᠥᠬᠦᠭᠡᠷᠦᠮᠵᠢ ᠶᠢᠨ ᠬᠡᠷᠡᠭᠴᠡᠭᠡ ᠠᠭᠠᠵᠢᠮ ᠢᠶᠠᠷ ᠨᠡᠮᠡᠭᠳᠡᠵᠠᠢ᠃ ᠵᠢᠯᠣᠭᠤᠴᠢ ᠥᠬᠡᠶ ᠨᠢᠰᠬᠡᠯ ᠨᠢ ᠡᠮ ᠰᠦᠷᠴᠢᠬᠦ ᠳᠡᠭᠡᠨ ᠲᠤᠬᠢᠷᠡᠮᠵᠢᠳᠡᠢ᠂ ᠠᠰᠢᠭᠯᠠᠮᠵᠢ ᠨᠢ ᠥᠨᠳᠥᠷ᠂ ᠲᠠᠷᠢᠶᠠᠨ ᠡᠮ ᠬᠡᠷᠡᠭᠯᠡᠬᠦ ᠬᠡᠮᠵᠢᠶ᠎ᠠ ᠶᠢ ᠲᠤᠬᠢᠷᠠᠭᠤᠯᠬᠤ ᠪᠠ ᠠᠵᠢᠯ ᠤᠨ ᠦᠷ᠎ᠠ ᠪᠦᠲᠦᠮᠵᠢ ᠶᠢ ᠲᠡᠬᠡᠭᠰᠢᠯᠡᠬᠦᠯᠬᠦ ᠵᠡᠷᠬᠡ ᠲᠠᠪᠠᠭᠤᠯᠢᠭ ᠲᠠᠢ᠃ ᠡᠶᠢᠮᠦ ᠪᠠᠶᠢᠳᠠᠯ ᠳᠤᠤᠷ᠎ᠠ᠂ ᠲᠠᠷᠢᠶᠠᠯᠠᠩ ᠤᠨ ᠪᠦᠲᠦᠬᠡᠭᠳᠡᠬᠦᠨ ᠢ ᠬᠠᠮᠠᠭᠠᠯᠠᠬᠤ ᠵᠢᠯᠣᠭᠤᠴᠢ ᠥᠬᠡᠶ ᠨᠢᠰᠬᠡᠯ ᠤᠨ ᠬᠡᠷᠡᠭᠯᠡᠯᠲᠡ ᠮᠠᠰᠢ ᠲᠦᠷᠭᠡᠨ ᠢᠶᠠᠷ ᠲᠦᠬᠡᠮᠡᠯᠵᠢᠭᠳᠡᠵᠦ᠂ ᠮᠠᠨ ᠤ ᠠᠶᠢᠮᠠᠭ ᠲᠤ ᠲᠠᠷᠢᠶᠠᠯᠠᠩ ᠤᠨ ᠤᠷᠭᠤᠮᠠᠯ ᠢ ᠬᠠᠮᠠᠭᠠᠯᠠᠬᠤ ᠬᠡᠰᠡᠭ ᠲᠤᠰᠬᠠᠶ ᠵᠣᠬᠢᠶᠠᠨ ᠪᠠᠶᠢᠭᠤᠯᠤᠯᠲᠠ ᠴᠤ ᠴᠣᠯᠭᠤᠷᠠᠨ ᠭᠠᠷᠴᠤ᠂ ᠲᠠᠷᠢᠶᠠᠴᠢᠳ ᠤᠨ ᠬᠦᠷᠢᠶᠡᠯᠡᠯ ᠢ ᠣᠯᠤᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号