ᠡᠨᠡ ᠬᠦ ᠰᠦᠢᠳᠭᠡᠯ ᠢ ᠶᠠᠭᠤ ᠴᠦ ᠬᠡᠰᠡᠨ ᠪᠠᠭᠤᠷᠠᠭᠤᠯᠪᠠ︕
ᠨᠡᠶᠢᠲᠡᠯᠡᠭᠰᠡᠨ ᠴᠠᠭ᠄
2021/7/28
     ᠰᠤᠷᠪᠤᠯᠵᠢᠯᠠᠭᠴᠢ ᠣᠶᠢᠷ᠎ᠠ ᠳᠤ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠠᠷᠠᠳ ᠤᠨ ᠪᠠᠩᠬᠢ ᠲᠠᠢ ᠬᠠᠮᠲᠤᠷᠠᠨ ᠠᠵᠢᠯ ᠲᠥᠷᠥᠯ ᠤᠨ ᠨᠡᠶᠢᠭᠡᠮᠯᠢᠭ ᠢ ᠵᠢᠯᠣᠭᠤᠳᠴᠤ ᠪᠠᠶᠢᠭᠠᠳ ATM ᠠᠴᠠ ᠪᠠᠩᠬᠢ ᠠᠯᠤᠰᠯᠠᠨ ᠵᠣᠭᠤᠰ ᠭᠠᠷᠭᠠᠵᠤ ᠠᠪᠬᠤ ᠭᠠᠷ ᠬᠦᠢᠴᠡᠳᠭᠡᠯ ᠤᠨ ᠰᠦᠢᠳᠭᠡᠯ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠨᠡᠶᠢᠲᠡᠯᠡᠪᠡ᠃ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠨᠡᠶᠢᠭᠡᠮᠯᠢᠭ᠂ ᠳᠤᠮᠳᠠᠳᠤ ᠤᠯᠤᠰ ᠤᠨ ᠲᠣᠭᠠᠴᠠᠭ᠎ᠠ ᠬᠢᠵᠦ ᠢᠯᠭᠠᠷᠠᠭᠤᠯᠤᠨ ᠪᠤᠳᠤᠬᠤ ᠨᠡᠶᠢᠭᠡᠮᠯᠢᠭ ᠤᠨ ᠬᠠᠮᠲᠤᠷᠠᠨ ᠨᠡᠶᠢᠲᠡᠯᠡᠭᠰᠡᠨ ᠰᠠᠨᠠᠭᠠᠴᠢᠯᠠᠭ᠎ᠠ ᠶᠢᠨ ᠪᠢᠴᠢᠭ ᠢ ᠦᠨᠳᠦᠰᠦᠯᠡᠪᠡᠯ᠂ ᠬᠤᠲᠠ ᠶᠢᠨ ATM ᠠᠴᠠ ᠪᠠᠩᠬᠢ ᠠᠯᠤᠰᠯᠠᠨ ᠵᠣᠭᠤᠰ ᠭᠠᠷᠭᠠᠵᠤ ᠠᠪᠬᠤ ᠤᠳᠠᠭ᠎ᠠ ᠪᠦᠷᠢ ᠶᠢᠨ ᠭᠠᠷ ᠬᠦᠢᠴᠡᠳᠭᠡᠯ ᠤᠨ ᠰᠦᠢᠳᠭᠡᠯ ᠤᠨ ᠪᠠᠷᠢᠮᠵᠢᠶ᠎ᠠ ᠶᠢ 3.5 ᠲᠥᠭᠦᠷᠢᠭ ᠠᠴᠠ ᠬᠡᠲᠦᠷᠡᠭᠦᠯᠬᠦ ᠥᠬᠡᠶ ᠪᠠᠷ ᠪᠠᠭᠤᠷᠠᠭᠤᠯᠤᠨ᠎ᠠ︔ ᠣᠨᠳᠣᠣ ᠭᠠᠵᠠᠷ ᠪᠠᠩᠬᠢ ᠠᠯᠤᠰᠯᠠᠨ ᠵᠣᠭᠤᠰ ᠭᠠᠷᠭᠠᠵᠤ ᠠᠪᠬᠤ ᠭᠠᠷ ᠬᠦᠢᠴᠡᠳᠭᠡᠯ ᠤᠨ ᠰᠦᠢᠳᠬᠡᠯ ᠢ ᠭᠠᠷᠭᠠᠵᠤ ᠠᠪᠬᠤ ᠵᠣᠭᠤᠰ ᠤᠨ ᠲᠤᠭ᠎ᠠ ᠶᠢᠨ ᠵᠣᠬᠢᠬᠤ ᠬᠠᠷᠢᠴᠠᠯ ᠢᠶᠠᠷ ᠬᠤᠷᠢᠶᠠᠬᠤ ᠬᠤᠪᠢᠷᠠᠮᠠᠯ ᠰᠦᠢᠳᠭᠡᠯ ᠢ ᠬᠦᠴᠦᠨ ᠦᠭᠡᠢ ᠪᠤᠯᠭᠠᠵᠤ᠂ ᠲᠣᠭᠲᠠᠮᠠᠯ ᠰᠦᠢᠳᠭᠡᠯ ᠢ ᠬᠤᠲᠠ ᠶᠢᠨ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠯᠤᠭ᠎ᠠ ᠨᠢᠭᠡᠳᠦᠯᠲᠡᠶ ᠪᠤᠯᠭᠠᠨ᠎ᠠ ᠭᠡᠪᠡ᠃ ᠰᠠᠨᠠᠭᠠᠴᠢᠯᠠᠭ᠎ᠠ ᠶᠢᠨ ᠪᠢᠴᠢᠭ ᠢ ᠬᠡᠷᠡᠭᠵᠢᠭᠦᠯᠦᠭᠰᠡᠨ ᠤ ᠳᠠᠷᠠᠭ᠎ᠠ᠂ ATM ᠠᠴᠠ ᠪᠠᠩᠬᠢ ᠠᠯᠤᠰᠯᠠᠨ ᠵᠣᠭᠤᠰ ᠭᠠᠷᠭᠠᠵᠤ ᠠᠪᠬᠤ ᠭᠠᠷ ᠬᠦᠢᠴᠡᠳᠭᠡᠯ ᠤᠨ ᠰᠦᠢᠳᠭᠡᠯ ᠢᠯᠡᠳᠲᠡ ᠪᠠᠭᠤᠷᠠᠵᠤ᠂ ᠬᠤᠲᠠ ᠶᠢᠨ ᠲᠤᠬᠠᠶᠢᠯᠠᠭᠰᠠᠨ ᠠᠵᠢᠯ ᠤᠨ ᠪᠠᠭᠤᠷᠠᠯᠲᠠ ᠶᠢᠨ ᠬᠡᠮᠵᠢᠶ᠎ᠡ ᠨᠢ 10% ᠠᠴᠠ ᠳᠡᠭᠡᠭᠰᠢ ᠪᠤᠯᠵᠤ᠂ ᠤᠨᠳᠤᠤ ᠭᠠᠵᠠᠷ ᠲᠠᠬᠢ ᠲᠤᠬᠠᠶᠢᠯᠠᠭᠰᠠᠨ ᠠᠵᠢᠯ ᠤᠨ ᠪᠠᠭᠤᠷᠠᠯᠲᠠ ᠶᠢᠨ ᠬᠡᠮᠵᠢᠶ᠎ᠡ ᠨᠢ 80% ᠠᠴᠠ ᠳᠡᠭᠡᠭᠰᠢ ᠪᠣᠯᠵᠠᠶ᠃ ᠠᠩᠬ᠎ᠠ ᠠᠯᠬᠤᠮ ᠤᠨ ᠵᠢᠱᠢᠯᠲᠡ ᠪᠠᠷ᠂ ᠰᠦᠢᠳᠭᠡᠯ ᠢ ᠪᠠᠭᠤᠷᠠᠭᠤᠯᠵᠤ ᠠᠰᠢᠭ ᠣᠯᠭᠤᠬᠤ ᠬᠡᠪᠴᠢᠶ᠎ᠡ ᠨᠢ ᠪᠠᠷᠤᠭ ᠵᠢᠯ ᠪᠦᠷᠢ 40 ᠳ᠋ᠦᠩᠰᠢᠭᠤᠷ ᠲᠥᠭᠦᠷᠢᠭ ᠲᠤ ᠬᠦᠷᠦᠨ᠎ᠡ᠃ ᠰᠠᠨᠠᠭᠠᠴᠢᠯᠠᠭ᠎ᠠ ᠶᠢᠨ ᠪᠢᠴᠢᠭ ᠢ ᠬᠡᠷᠡᠭᠵᠢᠭᠦᠯᠬᠦ ᠰᠢᠯᠵᠢᠯᠲᠡ ᠶᠢᠨ ᠬᠤᠭᠤᠴᠠᠭ᠎ᠠ ᠨᠢ ᠨᠢᠭᠡ ᠰᠠᠷ᠎ᠠ ᠪᠣᠯᠤᠨ᠎ᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号