ᠰᠢᠨᠬᠤᠸᠠ ᠬᠤᠷᠢᠶᠠᠨ ᠤ ᡀᠠᠰᠠ ᠶᠢᠨ 7 ᠰᠠᠷ᠎ᠠ ᠶᠢᠨ 23 ᠤ ᠴᠠᠬᠢᠯᠭᠠᠨ ᠮᠡᠳᠡᠭᠡ ᠲᠥᠪᠡᠳ ᠢ | ᠨᠠᠶᠢᠷᠠᠮᠳᠠᠯ ᠢᠶᠠᠷ ᠴᠢᠯᠥᠭᠡᠯᠡᠭᠰᠡᠨ 70 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠲᠥᠪᠡᠳ ᠲᠤ ᠢᠷᠡᠵᠦ᠂ ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ 70 ᠵᠢᠯ ᠤᠨ ᠤᠢ ᠳᠤ | ᠪᠠᠶᠠᠷ ᠬᠦᠷᠭᠡᠵᠦ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠣᠯᠭᠤᠭᠠᠨ | ᠲᠣᠬᠤᠨᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠨᠠᠮ ᠤᠨ ᠲᠥᠪ ᠬᠤᠷᠢᠶᠠᠨ ᠤ ᠬᠠᠶᠢᠷ᠎ᠠ | ᠬᠠᠯᠠᠮᠵᠢ ᠶᠢ ᠬᠦᠷᠭᠡᠪᠡ᠃ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠶᠢᠨ ᠬᠤᠪᠢ ᠪᠠᠷ ᠲᠥᠪᠡᠳ ᠲᠤ ᠬᠦᠷᠴᠤ ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ ᠢ | ᠪᠡᠯᠭᠡᠯᠡᠭᠰᠡᠨ ᠨᠢ ᠨᠠᠮ ᠪᠠ ᠤᠯᠤᠰ ᠤᠨ ᠲᠡᠦᠬᠡᠨ ᠳᠡᠭᠡᠷᠡᠬᠢ ᠠᠩᠬᠠᠳᠠᠬᠴᠢ ᠤᠳᠠᠭ᠎ᠠ ᠪᠠᠶᠢᠵᠥ᠂ ᠨᠠᠮ ᠤᠨ ᠲᠥᠪ | ᠬᠤᠷᠢᠶ᠎ᠠ ᠠᠴᠠ ᠲᠥᠪᠡᠳ ᠤᠨ ᠠᠵᠢᠯ ᠢ ᠳᠡᠮᠵᠢᠵᠦ ᠪᠠᠶᠢᠬᠤ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ | ᠤᠯᠠᠨ ᠲᠦᠮᠡᠨ ᠢ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠳᠬᠡᠭᠰᠡᠨ ᠪᠠᠶᠢᠨ᠎ᠠ᠃ | ᠰᠢ ᠶᠢᠨ ᠫᠢᠩ᠂ ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ 70 ᠵᠢᠯ ᠤᠨ ᠲᠤᠷᠰᠢ᠂ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠠᠷᠠᠳ ᠲᠦᠮᠡᠨ ᠤ ᠬᠦᠴᠦᠲᠡᠢ | ᠳᠡᠮᠵᠢᠯᠭᠡ ᠳᠣᠣᠷ᠎ᠠ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠢᠷᠭᠠᠭᠤ ᠬᠠᠲᠠᠭᠤᠵᠢᠯᠲᠠᠢ | ᠲᠡᠮᠡᠴᠡᠵᠦ᠂ ᠡᠷᠡᠯᠬᠡᠭᠯᠡᠨ ᠲᠡᠮᠡᠴᠡᠵᠦ᠂ ᠨᠡᠶᠢᠭᠡᠮ ᠤᠨ ᠪᠠᠶᠢᠭᠤᠯᠤᠯ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ | ᠠᠵᠤ ᠠᠬᠤᠢ ᠨᠡᠶᠢᠭᠡᠮ ᠪᠦᠬᠦ ᠲᠠᠯ᠎ᠠ ᠪᠠᠷ ᠬᠥᠭᠵᠢᠵᠦ᠂ ᠠᠷᠠᠳ ᠤᠨ ᠠᠮᠢᠳᠤᠷᠠᠯ ᠲᠦᠢᠯ ᠤᠨ ᠶᠡᠭᠡ ᠪᠠᠷ ᠰᠠᠶᠢᠵᠢᠷᠠᠵᠤ᠂ | ᠬᠤᠳᠠ ᠬᠥᠳᠡᠭᠡ ᠶᠢᠨ ᠳᠦᠷᠰᠦ ᠪᠠᠶᠢᠳᠠᠯ ᠯᠤᠳᠤ ᠶᠡᠭᠡ ᠬᠤᠪᠢᠷᠠᠯᠳᠠ ᠲᠠᠢ ᠪᠣᠯᠵᠠᠢ᠃ ᠦᠢᠯᠡᠳᠦᠯᠭᠡ | ᠭᠡᠷᠡᠴᠢᠯᠡᠭᠰᠡᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ | ᠪᠠᠶᠢᠵᠤ ᠴᠢᠳᠠᠬᠤ ᠦᠭᠡᠢ᠂ ᠰᠢᠨ᠎ᠡ ᠲᠥᠪᠡᠳ ᠴᠦ ᠪᠠᠶᠢᠵᠤ ᠴᠢᠳᠠᠬᠤ ᠦᠭᠡᠢ ᠶᠤᠮ᠂ ᠨᠠᠮ ᠤᠨ ᠲᠥᠪ ᠬᠤᠷᠢᠶᠠᠨ ᠤ | ᠲᠥᠪᠡᠳ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠤᠳᠤᠯᠭ᠎ᠠ ᠪᠣᠯ ᠪᠦᠷᠢᠮᠦᠰᠦᠨ ᠵᠥᠪ ᠶᠤᠮ ᠬᠡᠵᠥ | ᠵᠢᠭᠠᠵᠥ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠨᠠᠮ ᠤᠨ ᠲᠥᠪᠡᠳ ᠢ ᠵᠠᠰᠠᠬᠤ ᠠᠷᠭ᠎ᠠ ᠪᠤᠳᠤᠯᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠬᠢᠯᠢ ᠬᠢᠵᠠᠭᠠᠷ ᠣᠷᠣᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠭᠤᠨ᠂ ᠬᠥᠭᠵᠢᠯᠲᠡ᠂ ᠠᠮᠢ | ᠠᠬᠤᠢ᠂ ᠬᠢᠯᠢ ᠬᠢᠵᠠᠭᠠᠷ ᠢ ᠬᠦᠴᠦᠷᠬᠡᠭᠵᠢᠭᠦᠯᠬᠦ ᠲᠦᠷᠪᠡᠨ ᠶᠡᠭᠡ ᠶᠠᠪᠤᠳᠠᠯ ᠢ ᠰᠠᠶᠢᠲᠤᠷ ᠠᠳᠬᠤᠵᠤ᠂ ᠬᠥᠬᠡᠨᠠᠭᠤᠷ | ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ | ᠲᠠᠯ᠎ᠠ ᠪᠠᠷ ᠲᠠᠰᠤᠷᠠᠯᠳᠠ ᠦᠭᠡᠢ ᠰᠢᠨ᠎ᠡ ᠠᠮᠵᠢᠯᠲᠠ ᠣᠯᠵᠤ᠂ ᠴᠠᠰᠤᠲᠤ ᠥᠨᠳᠦᠷᠯᠢᠭ ᠤᠨ ᠥᠨᠢ ᠤᠳᠠᠭᠠᠨ ᠠᠮᠤᠷ | ᠲᠣᠭᠲᠠᠭᠤᠨ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | 7 ᠰᠠᠷ᠎ᠠ ᠶᠢᠨ 21 ᠠᠴᠠ 23 ᠤ ᠡᠳᠦᠷ ᠪᠣᠯᠲᠠᠯ᠎ᠠ᠂ ᠰᠢ ᠶᠢᠨ ᠫᠢᠩ ᠲᠥᠪᠡᠳ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠱᠦᠵᠢ ᠡᠤ ᠶᠢᠩ ᠵᠢᠶᠧ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠲᠡᠷᠢᠭᠦᠯᠡᠭᠴᠢ ᠴᠢᠵᠠᠯᠠ ᠶᠢᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠨᠢᠩ ᠤᠤᠢ᠂ ᡀᠠᠰᠠ ᠵᠡᠷᠭᠡ | ᠭᠠᠵᠠᠷ ᠲᠤ ᠬᠦᠷᠴᠦ᠂ ᠬᠥᠳᠡᠭᠡ ᠲᠣᠰᠬᠤᠨ᠂ ᠬᠤᠲᠠ ᠶᠢᠨ ᠴᠡᠴᠡᠷᠯᠢᠭ᠂ ᠲᠡᠮᠦᠷ ᠵᠠᠮ ᠤᠨ ᠬᠦᠢᠰᠦ᠂ ᠱᠠᠰᠢᠨ | ᠰᠤᠷᠲᠠᠬᠤᠨ ᠤ ᠲᠠᠯᠠᠪᠤᠷ ᠭᠠᠵᠠᠷ᠂ ᠰᠣᠶᠣᠯ ᠤᠨ ᠵᠡᠭᠡᠯᠢ ᠲᠣᠭᠤᠷᠢᠭ ᠢᠶᠠᠷ ᠭᠦᠨᠵᠡᠭᠡᠶᠢᠷᠡᠨ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ᠃ | 21 ᠤ ᠦᠳᠡ ᠶᠢᠨ ᠡᠮᠦᠨᠡᠬᠢ 11 ᠴᠠᠭ ᠤᠨ ᠦᠶ᠎ᠡ ᠪᠠᠷ᠂ ᠰᠢ ᠶᠢᠨ ᠫᠢᠩ ᠨᠢᠰᠬᠡᠯ ᠢᠶᠠᠷ ᠨᠢᠩ ᠤᠤᠢ ᠶᠢᠨ | ᠮᠢᠨᠯᠢᠩ ᠨᠢᠰᠬᠡᠯ ᠤᠨ ᠪᠠᠭᠤᠳᠠᠯ ᠳᠤ ᠬᠦᠷᠪᠡ᠃ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ | ᠭᠠᠷ ᠲᠠᠭᠠᠨ ᠬᠤᠸᠠᠷ ᠴᠡᠴᠡᠭ ᠪᠠᠷᠢᠵᠥ᠂ ᠳᠠᠭᠤᠯᠠᠨ ᠪᠥᠵᠢᠭᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠬᠦᠷᠴᠦ | ᠢᠷᠡᠭᠰᠡᠨ ᠢ ᠬᠠᠯᠠᠭᠤᠨ ᠢᠶᠠᠷ ᠤᠭᠲᠤᠬᠤ ᠶᠢᠨ ᠬᠠᠮᠲᠤ ᠶᠡᠷᠦᠩᠬᠡᠢ ᠱᠦᠵᠢ ᠳᠤ ᠬᠠᠳᠠᠭ᠂ ᠴᠤᠮᠨ᠂ ᠨᠣᠬᠠᠢ ᠶᠢᠨ | ᠬᠤᠰᠢᠭᠤ ᠶᠢᠨ ᠠᠷᠢᠬᠢ ᠡᠷᠭᠦᠨ ᠪᠠᠷᠢᠵᠤ᠂ ᠶᠡᠷᠦᠩᠬᠡᠢ ᠱᠦᠵᠢ ᠳᠤ ᠴᠢᠩ ᠰᠡᠳᠬᠢᠯ ᠤᠨ ᠵᠥᠩᠨᠡᠯ ᠢᠶᠠᠨ | ᠳᠡᠪᠰᠢᠭᠦᠯᠪᠡ᠃ | ᠳᠠᠷᠠᠭ᠎ᠠ ᠨᠢ᠂ ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠨᠢᠶᠠᠩ ᠭᠤᠣᠯ ᠤᠨ ᠶᠡᠭᠡ ᠬᠥᠭᠦᠷᠭᠡ ᠳᠤ | ᠬᠦᠷᠴᠦ᠂ ᠤᠰᠤᠨ ᠤ ᠳᠠᠪᠠᠯᠭᠠᠨ ᠳᠠᠪᠠᠯᠭᠠᠯᠠᠨ᠂ ᠡᠪᠡᠰᠦ ᠮᠣᠳᠣ ᠬᠥᠬᠡᠷᠡᠨ ᠨᠣᠭᠤᠭᠠᠷᠠᠭᠰᠠᠨ ᠶᠠᠨᠢ ᠨᠤᠭᠤ ᠭᠠᠵᠠᠷ ᠢ | ᠠᠯᠤᠰ ᠠᠴᠠ ᠪᠠᠷᠠᠯᠠᠵᠥ᠂ ᠶᠠᠯᠦᠰᠠᠩᠪᠦ ᠮᠥᠷᠡᠨ ᠵᠢᠴᠢ ᠨᠢᠶᠠᠩ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠣᠯᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ | ᠪᠠᠶᠢᠳᠠᠯ ᠢ ᠰᠣᠨᠣᠰᠪᠠ᠃ ᠰᠢ ᠶᠢᠨ ᠫᠢᠩ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠭᠤᠯᠠ | ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠮᠥᠰᠥ ᠴᠠᠰᠤ ᠶᠢ ᠨᠢᠭᠡ | ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠴᠢᠬᠤᠯᠠ ᠭᠤᠣᠯ ᠮᠥᠷᠡᠨ ᠤ ᠰᠠᠪᠠ | ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ | ᠤᠰᠤᠨ ᠤ ᠡᠬᠢ ᠪᠠᠶᠠᠯᠢᠭ ᠢ ᠵᠣᠬᠢᠰᠲᠠᠢ ᠨᠡᠭᠡᠭᠡᠨ ᠠᠰᠢᠬᠯᠠᠬᠤ ᠪᠠ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠵᠦ᠂ | ᠠᠳᠡᠬᠢ ᠠᠮᠢᠳᠠᠨ ᠠᠷᠢᠶᠠᠳᠠᠨ ᠡᠪᠡᠰᠦ ᠮᠣᠳᠣ᠂ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠬᠡᠵᠥ | ᠴᠢᠬᠤᠯᠠᠴᠢᠯᠠᠪᠠ᠃ | ᠲᠤᠰ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠨᠢᠩ ᠤᠤᠢ ᠬᠤᠲᠠ ᠶᠢᠨ ᠬᠤᠲᠠ ᠶᠢᠨ | ᠲᠥᠯᠥᠪᠵᠢᠭᠦᠯᠭᠡ ᠶᠢᠨ ᠣᠷᠳᠣᠨ ᠳᠤ ᠬᠦᠷᠴᠦ᠂ ᠨᠢᠩ ᠤᠤᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ | ᠵᠢᠴᠢ ᠬᠥᠭᠵᠢᠯᠲᠡ ᠶᠢᠨ ᠲᠥᠯᠥᠪᠵᠢᠭᠦᠯᠭᠡ ᠶᠢ ᠣᠶᠢᠯᠠᠭᠠᠪᠠ᠃ ᠰᠢ ᠶᠢᠨ ᠫᠢᠩ᠂ ᠥᠨᠳᠦᠷᠯᠢᠭ ᠲᠤ ᠤᠷᠤᠰᠢᠨ | ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ ᠤᠯᠠᠨ ᠲᠦᠮᠡᠨ ᠤᠷᠳᠤ ᠬᠤᠭᠤᠴᠠᠭᠠᠨ ᠤ ᠲᠤᠷᠰᠢ ᠡᠬᠡ | ᠪᠠᠶᠢᠭᠠᠯᠢ ᠲᠠᠢ ᠬᠠᠷᠢᠯᠴᠠᠨ ᠲᠦᠰᠢᠯᠴᠡᠵᠦ᠂ ᠥᠨᠳᠦᠷᠯᠢᠭ ᠤᠨ ᠣᠷᠴᠢᠨ ᠲᠣᠭᠤᠷᠢᠨ ᠲᠠᠢ ᠡᠶ᠎ᠡ ᠵᠣᠬᠢᠴᠠᠩᠭᠤᠢ ᠪᠠᠷ | ᠬᠠᠮᠲᠤ ᠣᠷᠣᠰᠢᠬᠤ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠵᠡᠢ᠂ ᠣᠷᠣᠨ ᠪᠦᠰᠡ ᠶᠢᠨ ᠣᠨᠴᠠᠯᠢᠭ ᠢ | ᠲᠤᠪᠤᠶᠢᠯᠭᠠᠵᠤ᠂ ᠡᠶᠢᠮᠤᠷᠬᠦᠦ ᠮᠠᠶ᠋ᠢᠭ ᠤᠨ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ | ᠦᠷᠭᠦᠯᠵᠢᠯᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠬᠦᠳᠦᠯᠥᠨ ᠬᠥᠭᠵᠢᠭᠡᠵᠦ᠂ ᠡᠬᠢ ᠪᠠᠶᠠᠯᠢᠭ ᠣᠷᠴᠢᠨ | ᠲᠣᠭᠤᠷᠢᠨ ᠤ ᠳᠠᠭᠠᠭᠠᠯᠳᠠ ᠶᠢᠨ ᠴᠢᠳᠠᠪᠤᠷᠢ ᠪᠠᠷ ᠬᠠᠲᠠᠭᠤ ᠬᠢᠵᠠᠭᠠᠷᠯᠠᠯ ᠪᠣᠯᠭᠠᠵᠤ᠂ ᠬᠤᠳᠠ ᠶᠢᠨ ᠨᠡᠭᠡᠭᠡᠨ | ᠬᠥᠭᠵᠢᠭᠦᠯᠦᠯᠲᠡ ᠶᠢᠨ ᠵᠠᠭᠠᠭ ᠱᠤᠭᠤᠮ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠤᠳᠠ ᠶᠢᠨ ᠬᠥᠮᠦᠨ ᠠᠮᠠ ᠶᠢᠨ ᠬᠡᠪᠴᠢᠶ᠎ᠡ ᠶᠢ ᠵᠣᠬᠢᠰᠲᠠᠢ | ᠲᠣᠭᠲᠠᠭᠠᠵᠤ᠂ ᠰᠠᠭᠤᠷᠢ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠢᠵᠢ ᠪᠦᠷᠢᠳᠦᠬᠦᠯᠤᠨ ᠲᠥᠯᠥᠪᠵᠢᠭᠦᠯᠦᠨ | ᠪᠦᠳᠦᠭᠡᠨ ᠪᠠᠶᠢᠭᠤᠯᠵᠤ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ | ᠭᠡᠵᠦ ᠢᠯᠡᠳᠬᠡᠪᠡ᠃ | ᠨᠢᠩ ᠤᠤᠢ ᠬᠤᠲᠠ ᠶᠢᠨ ᠪᠠ ᠢ ᠲᠣᠭᠤᠷᠢᠭ ᠤᠨ ᠨᠢᠩ ᠤᠤᠢ ᠪᠠᠯᠭᠠᠰᠤᠨ ᠤ ᠭᠠᠯᠠ ᠲᠣᠰᠬᠤᠨ ᠨᠢ᠂ ᠬᠠᠪᠤᠷ | ᠪᠠᠳᠠᠷᠠᠨ ᠳᠡᠯᠭᠡᠷᠡᠳᠡᠭ ᠬᠡᠭᠡᠷ᠎ᠡ ᠶᠢᠨ ᠲᠤᠭᠤᠷ ᠤᠨ ᠴᠡᠴᠡᠭ ᠢᠶᠠᠷ ᠢᠶᠠᠨ ᠠᠯᠳᠠᠷᠰᠢᠭᠰᠠᠨ ᠶᠤᠮ᠃ ᠰᠢ ᠶᠢᠨ ᠫᠢᠩ ᠠᠳᠡ | ᠢᠷᠡᠵᠦ᠂ ᠭᠠᠯᠠ ᠲᠣᠰᠬᠤᠨ ᠤ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ | ᠪᠠᠳᠠᠷᠠᠭᠤᠯᠤᠭᠰᠠᠨ᠂ ᠣᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠰᠠᠨ᠂ ᠦᠨᠳᠦᠰᠦᠨ | ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠭᠰᠡᠨ ᠵᠡᠷᠭᠡ ᠲᠠᠨᠢᠯᠴᠠᠭᠤᠯᠭ᠎ᠠ ᠶᠢ ᠰᠣᠨᠣᠰᠴᠤ᠂ ᠲᠣᠰᠬᠤᠨ ᠤ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ︽ᠪᠣᠬᠢᠷᠲᠤᠯ ᠥᠬᠡᠶ ᠪᠠᠩᠬᠢ︾ ᠶᠢᠨ ᠰᠣᠯᠢᠯᠴᠠᠬᠤ | ᠳᠡᠯᠭᠡᠭᠦᠷ᠂ ᠡᠷᠡᠭᠦᠯ ᠬᠠᠮᠠᠭᠠᠯᠠᠯ ᠤᠨ ᠲᠠᠰᠤᠭ ᠵᠡᠷᠭᠡ ᠶᠢᠨ ᠬᠤᠯᠪᠤᠬᠳᠠᠯ ᠪᠥᠬᠦᠶ ᠪᠠᠶᠢᠳᠠᠯ ᠢ ᠨᠠᠷᠢᠨ ᠣᠶᠢᠯᠠᠭᠠᠪᠠ᠃ | ᠲᠣᠰᠬᠤᠨ ᠤ ᠠᠷᠠᠳ ᠳ᠋ᠠᠸᠠᠵᠢᠶᠠᠨᠼᠠᠨ ᠶᠡᠷᠦᠩᠬᠡᠢ ᠱᠦᠵᠢ ᠶᠢ ᠭᠡᠷ ᠲᠤ ᠪᠠᠨ ᠬᠠᠯᠠᠭᠤᠨ ᠢᠶᠠᠷ ᠤᠭᠲᠤᠪᠠ᠃ ᠰᠢ ᠶᠢᠨ | ᠫᠢᠩ ᠤᠨᠲᠠᠬᠤ ᠥᠷᠥᠭᠡ᠂ ᠲᠣᠭᠤᠭᠠᠨ ᠬᠡᠷ᠂ ᠬᠠᠳᠠᠭᠠᠯᠠᠬᠤ ᠥᠷᠥᠭᠡ᠂ ᠵᠤᠷᠯᠤᠩ ᠵᠡᠷᠭᠡ ᠶᠢ ᠨᠠᠷᠢᠨ ᠪᠠᠶᠢᠴᠠᠭᠠᠨ | ᠦᠵᠡᠭᠰᠡᠨ ᠪᠥᠭᠡᠳ ᠬᠡᠷ ᠤᠨ ᠬᠥᠮᠦᠰ ᠲᠠᠢ ᠨᠢ ᠵᠣᠴᠢᠯᠠᠬᠤ ᠲᠢᠩᠬᠢᠮ ᠳᠤ ᠲᠣᠭᠤᠷᠢᠨ ᠰᠠᠭᠤᠵᠤ ᠵᠣᠭᠤᠭᠳᠠᠪᠠ᠃ | ᠳ᠋ᠠᠸᠠᠵᠢᠶᠠᠨᠼᠠᠨ ᠶᠡᠷᠦᠩᠬᠡᠢ ᠱᠦᠵᠢ ᠳᠤ᠂ ᠡᠳᠡᠭᠡᠷ ᠵᠢᠯ ᠤᠳ ᠲᠤ ᠲᠡᠳᠡᠨ ᠤ ᠬᠢᠨ ᠲᠡᠭᠡᠭᠡᠪᠦᠷᠢ ᠭᠦᠶᠦᠬᠦ᠂ | ᠲᠤᠭᠤᠷ ᠤᠨ ᠴᠡᠴᠡᠭ ᠤᠨ ᠪᠠᠶᠠᠷ ᠠᠴᠠ ᠠᠰᠢᠭ ᠬᠤᠪᠢᠶᠠᠬᠤ᠂ ᠭᠠᠵᠠᠷ ᠰᠢᠷᠣᠢ ᠶᠢᠨ ᠡᠵᠡᠩᠨᠡᠯᠳᠡ ᠶᠢᠨ ᠡᠷᠬᠡ ᠶᠢ | ᠰᠢᠯᠵᠢᠭᠦᠯᠬᠦ᠂ ᠲᠠᠷᠢᠵᠤ ᠲᠡᠵᠢᠭᠡᠨ ᠦᠷᠡᠵᠢᠭᠦᠯᠬᠦ ᠳᠤ ᠲᠦᠰᠢᠭᠯᠡᠵᠤ᠂ ᠨᠢᠳᠤᠨᠤᠨ ᠪᠦᠬᠦ ᠭᠡᠷ ᠤᠨ ᠣᠷᠣᠯᠭ᠎ᠠ ᠨᠢ 30 | ᠲᠦᠮᠡᠨ ᠲᠥᠭᠦᠷᠢᠭ ᠢ ᠳᠠᠪᠠᠪᠠ ᠭᠡᠵᠤ ᠬᠡᠯᠡᠵᠤ ᠦᠭᠭᠦᠯ᠎ᠡ᠃ ᠰᠢ ᠶᠢᠨ ᠫᠢᠩ ᠰᠣᠨᠣᠰᠤᠭᠠᠳ ᠮᠠᠰᠢ ᠪᠠᠶᠠᠷᠯᠠᠪᠠ᠃ | ᠲᠡᠷᠡ᠂ ᠭᠠᠯᠠ ᠲᠣᠰᠬᠤᠨ ᠤ ᠰᠠᠶᠢᠨ ᠰᠠᠶᠢᠬᠠᠨ ᠠᠮᠢᠳᠤᠷᠠᠯ ᠪᠣᠯ ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ 70 | ᠵᠢᠯ ᠤᠨ ᠲᠤᠷᠰᠢᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠬᠤᠷᠢᠶᠠᠩᠭᠤᠢ | ᠳᠦᠷᠰᠦ ᠪᠣᠯᠤᠨ᠎ᠠ᠂ ᠠᠳᠡᠬᠢ ᠪᠣᠯ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠴᠡᠴᠡᠭ ᠪᠠᠳᠠᠷᠠᠨ ᠳᠡᠯᠭᠡᠷᠡᠭᠰᠡᠨ | ᠭᠠᠵᠠᠷ ᠪᠣᠯᠤᠨ᠎ᠠ᠃ ᠨᠤᠲᠤᠭ ᠤᠨ ᠠᠬ᠎ᠠ ᠳᠡᠭᠦᠦ ᠨᠡᠷ ᠤᠨ ᠰᠠᠶᠢᠨ ᠰᠠᠶᠢᠬᠠᠨ ᠠᠮᠢᠳᠤᠷᠠᠯ ᠨᠢ ᠨᠠᠮ ᠪᠠ ᠤᠯᠤᠰ ᠤᠨ | ᠰᠠᠶᠢᠨ ᠲᠦᠷᠦ ᠶᠢᠨ ᠪᠤᠳᠤᠯᠭ᠎ᠠ ᠶᠢᠨ ᠠᠴᠢ ᠲᠤᠰᠠ ᠪᠤᠯᠬᠤ ᠪᠦᠭᠡᠳ ᠪᠠᠰᠠ ᠲᠠ ᠨᠠᠷ ᠥᠪᠡᠷ ᠢᠶᠠᠨ ᠠᠵᠢᠯᠴᠢ | ᠬᠥᠳᠡᠯᠮᠦᠷᠢᠴᠢ ᠬᠤᠶᠠᠷ ᠭᠠᠷ ᠢᠶᠠᠷ ᠢᠶᠠᠨ ᠡᠭᠦᠳᠦᠨ ᠪᠦᠲᠦᠭᠡᠭᠰᠡᠨ ᠶᠤᠮ᠃ ᠲᠥᠪᠡᠳ ᠤᠨ ᠬᠥᠭᠵᠢᠯᠲᠡ ᠶᠢ ᠳᠡᠮᠵᠢᠬᠦ | ᠲᠤᠬᠠᠶ ᠨᠠᠮ ᠤᠨ ᠲᠥᠪ ᠬᠤᠷᠢᠶᠠᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠪᠠ᠃ | ᠲᠣᠰᠬᠤᠨ ᠤ ᠠᠷᠠᠳ ᠵᠠᠮ ᠤᠨ ᠬᠠᠵᠠᠭᠤ ᠳᠤ ᠴᠤᠭᠯᠠᠷᠠᠵᠤ᠂ ᠠᠷᠢᠭᠤᠨ ᠴᠠᠭᠠᠨ ᠬᠠᠳᠠᠭ ᠪᠠᠷᠢᠵᠤ᠂ ᠶᠡᠷᠦᠩᠬᠡᠢ | ᠱᠦᠵᠢ ᠶᠢᠨ ᠠᠮᠤᠷ ᠢ ᠠᠰᠠᠭᠤᠵᠤ᠂ ᠮᠠᠯᠠᠭᠠᠢ ᠪᠠᠨ ᠠᠪᠴᠤ ᠶᠡᠷᠦᠩᠬᠡᠢ ᠱᠦᠵᠢ ᠳᠤ ᠬᠦᠨᠳᠦᠳᠬᠡᠯ ᠳᠡᠪᠰᠢᠭᠦᠯᠪᠡ᠃ | ᠰᠢ ᠶᠢᠨ ᠫᠢᠩ ᠤᠯᠠᠠ ᠢ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠬᠦᠰᠡᠨ ᠵᠥᠩᠨᠡᠪᠡ᠃ | ᠭᠠᠯᠠ ᠲᠣᠰᠬᠤᠨ ᠠᠴᠠ ᠰᠠᠯᠤᠭᠠᠳ᠂ ᠰᠢ ᠶᠢᠨ ᠫᠢᠩ ᠨᠢᠩ ᠤᠤᠢ ᠶᠢᠨ ᠰᠢᠨ᠎ᠡ ᠬᠠᠭᠤᠴᠢᠨ ᠬᠤᠳᠠ ᠶᠢᠨ | ᠲᠣᠭᠤᠷᠢᠭ ᠤᠨ ᠠᠭᠤᠯᠵᠠᠷ ᠲᠠᠬᠢ ᠭᠤᠮᠪᠤ ᠴᠡᠴᠡᠷᠯᠢᠭ ᠲᠤ ᠬᠦᠷᠴᠦ᠂ ᠴᠡᠴᠡᠷᠯᠢᠭ ᠤᠨ ᠨᠣᠭᠤᠭᠠᠷᠠᠭᠤᠯᠤᠯᠲᠠ ᠪᠠ | ᠰᠠᠭᠤᠷᠢ ᠲᠥᠬᠦᠭᠡᠷᠦᠮᠵᠢ ᠶᠢ ᠪᠠᠶᠢᠴᠠᠭᠠᠨ ᠦᠵᠡᠪᠡ᠃ ᠰᠢ ᠶᠢᠨ ᠫᠢᠩ᠂ ᠬᠤᠳᠠ ᠶᠢᠨ ᠭᠤᠣᠯᠳᠠᠯᠭ᠎ᠠ ᠪᠣᠯ ᠬᠥᠮᠦᠨ | ᠮᠥᠨ᠂ ᠬᠤᠳᠠ ᠶᠢᠨ ᠠᠵᠢᠯ ᠢ ᠰᠠᠶᠢᠨ ᠬᠢᠭᠰᠡᠨ ᠡᠰᠡᠬᠦ᠂ ᠤᠯᠠᠨ ᠲᠦᠮᠡᠨ ᠬᠠᠨᠤᠮᠵᠢᠲᠠᠢ ᠪᠠᠶᠢᠬᠤ ᠡᠰᠡᠬᠦ᠂ ᠠᠮᠢᠳᠤᠷᠠᠯ | ᠳᠥᠭᠦᠮ ᠳᠥᠲᠡ ᠪᠠᠶᠢᠬᠤ ᠡᠰᠡᠬᠦ ᠪᠣᠯ ᠴᠢᠬᠤᠯᠠ ᠦᠨᠡᠯᠡᠬᠦ ᠪᠠᠷᠢᠮᠵᠢᠶ᠎ᠠ ᠪᠣᠯᠤᠨ᠎ᠠ᠃ ᠬᠥᠮᠦᠨ ᠢᠶᠠᠷ ᠦᠨᠳᠦᠰᠦ | ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠴᠢᠳᠠᠪᠬᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠯᠠᠨ | ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃ ᠰᠢ ᠶᠢᠨ ᠫᠢᠩ | ᠴᠡᠴᠡᠷᠯᠢᠭ ᠤᠨ ᠠᠭᠤᠳᠠᠮ ᠲᠠᠯᠠᠪᠠᠢ ᠳᠡᠭᠡᠷ᠎ᠡ ᠪᠥᠵᠢᠭᠯᠡᠵᠦ ᠪᠠᠶᠢᠭ᠎ᠠ ᠲᠤᠬᠠᠢ ᠶᠢᠨ ᠭᠠᠵᠠᠷ ᠤᠨ ᠤᠯᠠᠨ ᠲᠦᠮᠡᠨ ᠪᠣᠯᠤᠨ | ᠵᠢᠭᠤᠯᠴᠢᠯᠠᠬᠰᠡᠳ ᠲᠤ ᠵᠥᠩᠨᠡᠯ ᠳᠡᠪᠰᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢᠳᠤᠷᠠᠯ | ᠤᠯᠠᠮ ᠠᠴᠠ ᠤᠯᠠᠮ ᠰᠠᠶᠢᠵᠢᠷᠠᠬᠤ ᠶᠢ ᠵᠥᠩᠨᠡᠪᠡ᠃ | ᠡᠨᠡ ᠵᠢᠯ ᠤᠨ 6 ᠰᠠᠷ᠎ᠠ ᠶᠢᠨ 25 ᠤ ᠡᠳᠦᠷ᠂ ᠲᠥᠪᠡᠳ ᠤᠨ ᠠᠩᠬᠠᠳᠠᠭᠴᠢ ᠴᠠᠬᠢᠯᠭᠠᠨᠵᠢᠭᠰᠠᠨ ᠲᠡᠮᠦᠷ | ᠵᠠᠮ ᠤᠨ ᠯᠾᠠᠰᠠ ᠠᠴᠠ ᠨᠢᠩ ᠤᠤᠢ ᠬᠦᠷᠬᠦ ᠲᠡᠮᠦᠷ ᠵᠠᠮ ᠠᠰᠢᠬᠯᠠᠯᠳᠠ ᠳᠤ ᠣᠷᠣᠪᠠ᠃ 22 ᠤᠨ ᠦᠳᠡ ᠶᠢᠨ | ᠡᠮᠦᠨ᠎ᠡ᠂ ᠰᠢ ᠶᠢᠨ ᠫᠢᠩ ᠰᠧᠴᠤᠸᠠᠨ ᠠᠴᠠ ᠲᠥᠪᠡᠳ ᠬᠦᠷᠬᠦ ᠲᠡᠮᠦᠷ ᠵᠠᠮ ᠤᠨ ᠴᠢᠬᠤᠯᠠ ᠬᠦᠢᠰᠦ ᠦᠷᠳᠡᠭᠡ | ᠪᠣᠯᠬᠤ ᠨᠢᠩ ᠤᠤᠢ ᠭᠠᠯᠲᠤ ᠲᠡᠷᠭᠡᠨ ᠦᠷᠳᠡᠭᠡ ᠳᠤ ᠬᠦᠷᠴᠦ᠂ ᠰᠧᠴᠤᠸᠠᠨ ᠠᠴᠠ ᠲᠥᠪᠡᠳ ᠬᠦᠷᠬᠦ ᠲᠡᠮᠦᠷ ᠵᠠᠮ ᠤᠨ | ᠶᠡᠷᠦᠩᠬᠡᠢ ᠲᠥᠯᠥᠪᠵᠢᠭᠦᠯᠭᠡ ᠵᠢᠴᠢ ᡀᠠᠰᠠ ᠠᠴᠠ ᠨᠢᠩ ᠤᠤᠢ ᠬᠦᠷᠬᠦ ᠬᠡᠰᠡᠭ ᠤᠨ ᠪᠦᠲᠦᠭᠡᠨ ᠪᠠᠶᠢᠭᠤᠯᠤᠯᠲᠠ | ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠶᠠ ᠠᠨ ᠠᠴᠠ ᠨᠢᠩ ᠤᠤᠢ ᠬᠦᠷᠬᠦ ᠬᠡᠰᠡᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠢ ᠭᠠᠯᠲᠤ | ᠲᠡᠷᠭᠡᠨ ᠳᠤ ᠰᠠᠭᠤᠵᠤ ᠯᠾᠠᠰᠠ ᠠᠴᠠ ᠨᠢᠩ ᠤᠤᠢ ᠬᠦᠷᠬᠦ ᠲᠡᠮᠦᠷ ᠵᠠᠮ ᠳᠠᠭᠠᠤ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠰᠠᠭᠤᠳᠠᠯ ᠢ ᠭᠦᠨᠵᠡᠭᠡᠢ | ᠰᠤᠳᠤᠯᠪᠠ᠃ ᠰᠢ ᠶᠢᠨ ᠫᠢᠩ ᠰᠧᠴᠤᠸᠠᠨ ᠠᠴᠠ ᠲᠥᠪᠡᠳ ᠬᠦᠷᠬᠦ ᠲᠡᠮᠦᠷ ᠵᠠᠮ ᠤᠨ ᠪᠦᠳᠦᠭᠡᠨ ᠪᠠᠶᠢᠭᠤᠯᠤᠯᠲᠠ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠧᠴᠤᠸᠠᠨ ᠠᠴᠠ ᠲᠥᠪᠡᠳ ᠬᠦᠷᠬᠦ ᠲᠡᠮᠦᠷ | ᠵᠠᠮ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠰᠤᠳᠤᠯᠤᠨ ᠪᠠᠶᠢᠷᠢᠯᠠᠭᠤᠯᠵᠤ᠂ | ᠠᠵᠢᠯ ᠢ ᠠᠬᠢᠭᠤᠯᠬᠤ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭᠴᠡᠢ᠃ ᠲᠡᠷᠡ᠂ ᠰᠧᠴᠤᠸᠠᠨ ᠠᠴᠠ | ᠲᠥᠪᠡᠳ ᠬᠦᠷᠬᠦ ᠲᠠᠮᠤᠷ ᠵᠠᠮ ᠢ ᠲᠥᠯᠥᠪᠵᠢᠭᠦᠯᠦᠨ ᠪᠦᠳᠤᠬᠡᠨ ᠪᠠᠶᠢᠭᠤᠯᠬᠤ ᠪᠣᠯ ᠲᠥᠪᠡᠳ ᠤᠨ ᠬᠥᠭᠵᠢᠯᠲᠡ | ᠪᠣᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠂ | ᠶᠠ ᠠᠨ ᠠᠴᠠ ᠨᠢᠩ ᠤᠤᠢ ᠬᠦᠷᠬᠦ ᠬᠡᠰᠡᠭ ᠤᠨ ᠭᠠᠵᠠᠷ ᠤᠨ ᠪᠠᠶᠢᠴᠠ ᠪᠣᠯᠤᠨ ᠠᠭᠤᠷ ᠠᠮᠢᠰᠬᠤᠯ ᠤᠨ ᠨᠥᠬᠦᠴᠡᠯ | ᠨᠡᠩ ᠪᠤᠳᠤᠯᠢᠶᠠᠨᠲᠠᠢ᠂ ᠪᠦᠳᠤᠬᠡᠨ ᠪᠠᠶᠢᠭᠤᠯᠬᠤ ᠬᠦᠴᠢᠷᠳᠡᠯ ᠤᠨ ᠶᠡᠭᠡ ᠨᠢ ᠳᠡᠯᠡᠬᠡᠢ ᠳ᠋ᠠᠬᠢᠨ ᠳᠤ ᠬᠤᠪᠣᠷ ᠶᠤᠮ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠢ | ᠪᠠᠳᠠᠷᠠᠭᠤᠯᠵᠤ᠂ ᠬᠦᠴᠢᠷ ᠢ ᠰᠦᠷᠤᠨ ᠤᠷᠤᠭᠰᠢᠯᠠᠵᠤ᠂ ᠵᠣᠷᠢᠭᠲᠠᠢ ᠪᠠᠷ ᠲᠦᠷᠦᠭᠦᠯᠡᠨ ᠬᠢᠵᠦ᠂ ᠰᠢᠨᠵᠢᠯᠡᠬᠦ | ᠤᠬᠠᠭᠠᠨᠴᠢ ᠪᠠᠷ ᠪᠠᠷᠢᠯᠭ᠎ᠠ ᠪᠠᠷᠢᠬᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ᠂ ᠪᠣᠬᠢᠷᠲᠤᠯ ᠦᠬᠡᠢ ᠪᠠᠷ ᠪᠠᠷᠢᠯᠭ᠎ᠠ | ᠪᠠᠷᠢᠬᠤ ᠶᠢ ᠪᠠᠷᠢᠮᠲᠠᠯᠠᠵᠤ᠂ ᠡᠨᠡ ᠬᠦ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ | ᠶᠠᠪᠤᠴᠠ ᠳᠠᠬᠢ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠢ ᠰᠠᠶᠢᠲᠤᠷ ᠪᠦᠳᠤᠬᠡᠨ ᠪᠠᠶᠢᠭᠤᠯᠬᠤ ᠬᠡᠷᠡᠭᠲᠡᠢ᠃ | ᠪᠠᠷᠠᠭᠤᠨ ᠬᠡᠰᠡᠭ ᠤᠨ ᠬᠢᠯᠢ ᠬᠢᠵᠠᠭᠠᠷ ᠤᠨ ᠲᠡᠮᠦᠷ ᠵᠠᠮ ᠤᠨ ᠲᠤᠤᠷ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ | ᠰᠠᠶᠢᠳᠤᠷ ᠲᠥᠯᠥᠪᠵᠢᠭᠦᠯᠦᠨ᠂ ᠭᠦᠢᠴᠡᠳ ᠨᠤᠲᠠᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠬᠢᠯᠢ | ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠪᠣᠯᠤᠨ ᠥᠷᠭᠡᠨ ᠣᠯᠠᠨ ᠠᠷᠠᠳ ᠲᠦᠮᠡᠨ ᠤ ᠴᠢᠨᠠᠷ ᠰᠠᠶᠢᠲᠠᠶ | ᠠᠮᠢᠳᠤᠷᠠᠯ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ ᠭᠡᠵᠤ ᠵᠢᠭᠠᠵᠤ ᠭᠠᠷᠭᠠᠪᠠ᠃ | ᠲᠤᠰ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᡀᠠᠰᠠ ᠶᠢᠨ ᠪᠠᠷᠠᠭᠤᠨ ᠲᠡᠭᠦᠷᠭᠡ ᠳᠤ | ᠪᠠᠶᠢᠷᠢᠯᠠᠭ᠎ᠠ ᠪᠷᠢᠪᠧᠩ ᠭᠡᠶᠢᠳ ᠲᠤ ᠬᠦᠷᠪᠡ᠃ ᠰᠤᠬᠴᠢᠨ ᠲᠤᠭᠠᠩ ᠤᠨ ᠠᠭᠤᠳᠠᠮ ᠲᠠᠯᠠᠪᠠᠢ ᠳᠤ᠂ ᠬᠡᠩᠭᠡᠷᠭᠡ ᠴᠠᠩ | ᠵᠡᠷᠭᠡ ᠪᠠᠷ ᠳᠤᠤᠭᠠᠷᠴᠤ᠂ ᠪᠷᠢᠪᠧᠩ ᠭᠡᠶᠢᠳ ᠤᠨ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠶᠡᠷᠦᠩᠬᠡᠢ | ᠱᠦᠵᠢ ᠳᠤ ᠬᠠᠳᠠᠭ ᠡᠷᠭᠦᠨ᠂ ᠯᠠᠮᠠ ᠬᠤᠸᠠᠷᠠᠭ ᠦᠨᠦᠷᠳᠤ ᠬᠦᠯᠢᠰ ᠡᠷᠭᠦᠨ᠂ ᠡᠷᠳᠡᠨᠢ ᠶᠢᠨ ᠰᠢᠬᠦᠷ ᠪᠠᠷᠢᠵᠤ᠂ | ᠶᠡᠷᠦᠩᠬᠡᠢ ᠱᠦᠵᠢ ᠶᠡᠨᠳᠡᠷ ᠢᠶᠠᠷ ᠲᠤᠭᠠᠩ ᠳᠤ ᠠᠯᠬᠤᠨ ᠣᠷᠣᠪᠠ᠃ ᠰᠢ ᠶᠢᠨ ᠫᠢᠩ ᠲᠥᠪᠡᠳ ᠤᠨ ᠱᠠᠰᠢᠨ | ᠰᠤᠷᠲᠠᠬᠤᠨ ᠤ ᠠᠵᠢᠯ ᠤᠨ ᠪᠠᠶᠢᠳᠠᠯ ᠪᠣᠯᠤᠨ ᠪᠷᠢᠪᠧᠩ ᠬᠡᠶᠢᠳ ᠤᠨ ᠰᠦᠮ᠎ᠡ ᠬᠡᠶᠢᠳ ᠤᠨ ᠬᠠᠮᠢᠶᠠᠷᠤᠯᠲᠠ ᠶᠢᠨ | ᠰᠢᠨ᠎ᠡ ᠶᠢ ᠡᠭᠦᠳᠬᠦ ᠶᠢ ᠴᠢᠩᠭᠠᠳᠬᠠᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠰᠤᠬᠴᠢᠨ | ᠳᠤᠭᠠᠩ ᠢ ᠪᠠᠶᠢᠴᠠᠭᠠᠨ ᠦᠵᠡᠵᠦ᠂ ᠪᠷᠢᠪᠧᠩ ᠬᠡᠶᠢᠳ ᠤᠨ ᠡᠳᠡᠭᠡᠷ ᠵᠢᠯ ᠤᠳ ᠲᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ᠂ ᠨᠡᠶᠢᠭᠡᠮ ᠵᠢᠷᠤᠮ ᠤᠨ ᠪᠠᠶᠢᠭᠤᠯᠤᠯ ᠢ ᠬᠦᠷᠢᠶᠡᠯᠡᠬᠦ᠂ ᠡᠬᠡ | ᠤᠯᠤᠰ ᠤᠨ ᠨᠢᠭᠡᠳᠦᠯ ᠢ ᠬᠠᠮᠠᠭᠠᠯᠠᠬᠤ ᠵᠡᠷᠭᠡ ᠲᠠᠯ᠎ᠠ ᠪᠠᠷ ᠦᠵᠡᠭᠦᠯᠦᠭᠰᠡᠨ ᠢᠳᠡᠪᠬᠢ ᠬᠤᠪᠢ ᠨᠡᠮᠡᠷᠢ ᠶᠢ ᠭᠦᠢᠴᠡᠳ | ᠨᠤᠲᠠᠯᠠᠪᠠ᠃ ᠰᠢ ᠶᠢᠨ ᠫᠢᠩ ᠳᠤᠭᠠᠩ ᠠᠴᠠ ᠭᠠᠷᠴᠤ ᠢᠷᠡᠬᠦ ᠳᠤ ᠬᠡᠳᠦᠨ ᠠᠷᠪᠠᠨ ᠯᠠᠮᠠ ᠶᠡᠷᠦᠩᠬᠡᠢ ᠱᠦᠵᠢ ᠶᠢ | ᠬᠠᠳᠠᠭ ᠪᠠᠷᠢᠵᠤ ᠦᠳᠡᠨ ᠮᠣᠷᠳᠠᠭᠤᠯᠵᠠᠢ᠃ ᠰᠢ ᠶᠢᠨ ᠫᠢᠩ᠂ ᠨᠠᠮ ᠤᠨ ᠱᠠᠰᠢᠨ ᠰᠤᠷᠲᠠᠬᠤᠨ ᠤ ᠠᠵᠢᠯ ᠤᠨ | ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠠᠨ ᠲᠦᠮᠡᠨ ᠤ ᠱᠠᠰᠢᠨ ᠰᠢᠲᠦᠯᠭᠡ ᠶᠢ | ᠬᠦᠨᠳᠦᠳᠬᠡᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠨ ᠥᠪᠡᠷᠳᠡᠭᠡᠨ ᠡᠷᠬᠢᠯᠡᠬᠦ ᠵᠠᠷᠴᠢᠮ ᠢ ᠪᠠᠷᠢᠮᠲᠠᠯᠠᠵᠤ᠂ ᠱᠠᠰᠢᠨ | ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠲᠥᠪᠡᠳ ᠤᠨ ᠪᠤᠳ᠋ᠳ᠋ᠾᠠ ᠶᠢᠨ ᠱᠠᠰᠢᠨ ᠤ | ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠬᠤ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠱᠠᠰᠢᠨ ᠰᠤᠷᠲᠠᠬᠤᠨ | ᠡᠶ᠎ᠡ ᠨᠠᠶᠢᠷᠠᠮᠳᠠᠭᠤ᠂ ᠨᠡᠶᠢᠭᠡᠮ ᠡᠶ᠎ᠡ ᠵᠣᠬᠢᠴᠠᠩᠭᠤᠢ᠂ ᠦᠨᠳᠦᠰᠦᠲᠡᠨ ᠡᠶ᠎ᠡ ᠨᠠᠶᠢᠷᠳᠠᠢ ᠪᠠᠶᠢᠬᠤ ᠶᠢ ᠠᠬᠢᠭᠤᠯᠵᠤ᠂ | ᠨᠡᠶᠢᠭᠡᠮ ᠤᠨ ᠬᠥᠭᠵᠢᠯᠲᠡ ᠲᠠᠪᠰᠢᠯᠳᠠ ᠶᠢ ᠠᠬᠢᠭᠤᠯᠬᠤ ᠳᠤᠮᠳᠠ ᠢᠳᠡᠪᠬᠢᠲᠡᠢ ᠦᠢᠯᠡᠳᠦᠯ ᠪᠠᠳᠠᠷᠠᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠯᠾᠠᠰᠠ ᠬᠤᠲᠠ ᠶᠢᠨ ᠬᠠᠭᠤᠴᠢᠨ ᠬᠤᠲᠠ ᠲᠣᠭᠤᠷᠢᠭ ᠲᠤ ᠪᠠᠶᠢᠷᠢᠯᠠᠭ᠎ᠠ ᠫᠠᠭᠤᠷ ᠵᠡᠭᠡᠯᠢ ᠤᠳᠤ ᠠᠴᠠ | 1300 ᠭᠠᠷᠤᠢ ᠵᠢᠯ ᠤᠨ ᠲᠡᠦᠬᠡ ᠲᠠᠢ ᠪᠣᠯᠵᠠᠢ᠃ ᠰᠢ ᠶᠢᠨ ᠫᠢᠩ ᠶᠠᠪᠠᠭᠠᠨ ᠢᠶᠠᠷ ᠫᠠᠭᠤᠷ ᠵᠡᠭᠡᠯᠢ ᠶᠢᠨ ᠳᠦᠷᠰᠦ | ᠪᠠᠶᠢᠳᠠᠯ ᠢ ᠪᠠᠶᠢᠴᠠᠭᠠᠨ ᠦᠵᠡᠵᠦ᠂ ᠤᠨᠴᠠᠯᠢᠬᠳᠤ ᠲᠠᠸᠠᠷ ᠤᠨ ᠳᠡᠯᠭᠡᠭᠦᠷ ᠲᠤ ᠣᠷᠣᠵᠤ᠂ ᠵᠢᠭᠤᠯᠴᠢᠯᠠᠯ ᠤᠨ | ᠰᠣᠶᠣᠯ ᠤᠨ ᠪᠦᠳᠦᠭᠡᠯᠴᠢ ᠠᠵᠤ ᠦᠢᠯᠡᠰ ᠤᠨ ᠬᠥᠭᠵᠢᠯᠲᠡ᠂ ᠲᠥᠪᠡᠳ ᠤᠨ ᠰᠣᠶᠣᠯ ᠢ ᠤᠯᠠᠮᠵᠢᠯᠠᠨ ᠬᠠᠮᠠᠭᠠᠯᠠᠵᠤ | ᠪᠠᠶᠢᠬᠤ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠦᠨᠳᠦᠰᠦᠲᠡᠨ ᠨᠦᠭᠦᠳ ᠤᠨ ᠤᠯᠠᠨ ᠲᠦᠮᠡᠨ ᠶᠡᠷᠦᠩᠬᠡᠢ | ᠱᠦᠵᠢ ᠶᠢᠨ ᠠᠮᠤᠷ ᠢ ᠠᠰᠠᠭᠤᠵᠤ ᠪᠠᠶᠢᠯ᠎ᠠ᠃ ᠰᠢ ᠶᠢᠨ ᠫᠢᠩ ᠭᠠᠷ ᠳᠠᠯᠠᠯᠤᠨ ᠤᠯᠠᠨ ᠳᠤ ᠮᠡᠨᠳᠦᠴᠢᠯᠡᠯ ᠬᠦᠷᠭᠡᠪᠡ᠃ | ᠰᠢ ᠶᠢᠨ ᠫᠢᠩ ᠵᠠᠯᠭᠠᠭᠠᠳ ᠪᠤᠳᠠᠯᠠ ᠣᠷᠳᠣᠨ ᠤ ᠠᠭᠤᠳᠠᠮ ᠲᠠᠯᠠᠪᠠᠢ ᠳᠤ ᠬᠦᠷᠬᠦ ᠳᠤ᠂ ᠠᠭᠤᠳᠠᠮ ᠲᠠᠯᠠᠪᠠᠢ ᠳᠠᠬᠢ | ᠤᠯᠤᠰ ᠤᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠲᠥᠪᠡᠳ ᠢ ᠨᠠᠶᠢᠷᠠᠮᠳᠠᠯ ᠢᠶᠠᠷ ᠴᠢᠯᠥᠭᠡᠯᠡᠭᠰᠡᠨ ᠳᠤᠷᠠᠰᠬᠠᠯ ᠤᠨ | ᠬᠦᠰᠢᠶ᠎ᠡ ᠰᠡᠬᠦ᠋ᠢᠨ ᠰᠦᠨᠳᠡᠷᠯᠡᠵᠦ᠂ ᠪᠤᠳᠠᠯᠠ ᠣᠷᠳᠣᠨ ᠰᠦᠷ ᠵᠢᠪᠬᠤᠭ᠎ᠠ ᠲᠠᠢ ᠪᠠᠶᠢᠯ᠎ᠠ᠃ ᠰᠢ ᠶᠢᠨ ᠫᠢᠩ ᠪᠣᠳᠠᠯᠠ | ᠣᠷᠳᠣᠨ ᠤ ᠬᠠᠮᠠᠭᠠᠯᠠᠯᠲᠠ ᠬᠠᠮᠢᠶᠠᠷᠤᠯᠲᠠ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠦᠨᠳᠦᠰᠦᠲᠡᠨ ᠨᠦᠭᠦᠳ ᠤᠨ | ᠣᠯᠠᠨ ᠲᠦᠮᠡᠨ ᠢ ᠳᠣᠲᠣᠨᠣ ᠪᠠᠷ ᠪᠣᠯᠭᠤᠭᠠᠨ ᠦᠵᠡᠪᠡ᠃ ᠠᠭᠤᠳᠠᠮ ᠲᠠᠯᠠᠪᠠᠢ ᠳᠠᠬᠢ ᠵᠢᠭᠤᠯᠴᠢᠯᠠᠬᠰᠠᠳ ᠲᠤᠬᠠᠢ ᠶᠢᠨ | ᠭᠠᠵᠠᠷ ᠤᠨ ᠤᠯᠠᠨ ᠲᠦᠮᠡᠨ ᠲᠠᠢ ᠬᠠᠮᠲᠤ ᠪᠠᠷ ︽ᠶᠡᠷᠦᠩᠬᠡᠢ ᠱᠦᠵᠢ ᠰᠠᠶᠢᠨ ᠪᠠᠶᠢᠨ᠎ᠠ ᠦᠦ︾ ᠭᠡᠵᠦ ᠥᠨᠳᠥᠷ | ᠲᠠᠭᠤᠨ ᠢᠶᠠᠷ ᠮᠡᠨᠳᠤᠴᠢᠯᠠᠯ ᠬᠦᠷᠬᠡᠵᠤ ᠪᠠᠶᠢᠪᠠ᠃ ᠰᠢ ᠶᠢᠨ ᠫᠢᠩ᠂ ᠲᠥᠪᠡᠳ ᠢ ᠦᠨᠳᠦᠰᠦᠲᠡᠨ ᠨᠦᠭᠦᠳ | ᠬᠠᠮᠲᠤ ᠪᠠᠷ ᠨᠡᠭᠡᠭᠡᠨ ᠬᠥᠭᠵᠢᠭᠦᠯᠦᠭᠰᠡᠨ ᠶᠤᠮ᠂ ᠲᠥᠪᠡᠳ ᠤᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ | ᠪᠢᠴᠢᠭᠯᠡᠭᠰᠡᠨ ᠶᠤᠮ᠂ ᠲᠥᠪᠡᠳ ᠦᠨᠳᠦᠰᠦᠲᠡᠨ ᠪᠣᠯᠤᠨ ᠪᠤᠰᠤᠳ ᠦᠨᠳᠦᠰᠦᠲᠡᠨ ᠨᠦᠭᠦᠳ ᠤᠨ ᠰᠣᠯᠢᠯᠴᠠᠭ᠎ᠠ ᠨᠢ | ᠲᠥᠪᠡᠳ ᠤᠨ ᠲᠡᠦᠬᠡ ᠶᠢᠨ ᠬᠥᠭᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠳᠠᠵᠤ ᠪᠠᠶᠢᠨ᠎ᠠ᠃ ᠣᠳᠣᠬᠠᠨ ᠳᠤ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ | ᠨᠢᠭᠡᠨᠳᠡ ᠡᠬᠢᠯᠡᠵᠦ᠂ ᠲᠥᠪᠡᠳ ᠤᠨ ᠬᠥᠭᠵᠢᠯᠲᠡ ᠴᠦ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠪᠠ᠂ | ᠳᠤᠮᠳᠠᠳᠤ ᠤᠯᠤᠰ ᠤᠨ ᠡᠪ ᠬᠠᠮᠲᠤ ᠨᠠᠮ ᠢ ᠲᠠᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠵᠠᠮ ᠢᠶᠠᠷ ᠡᠷᠡᠰ ᠵᠠᠮᠨᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠳᠦᠰᠦᠲᠡᠨ ᠤ ᠪᠦᠯᠬᠦᠮᠳᠡᠯ ᠢ | ᠴᠢᠩᠭᠠᠳᠬᠠᠳᠠᠭ ᠯᠠ ᠶᠤᠮ ᠪᠣᠯ ᠪᠢᠳᠠ ᠯᠠᠪᠲᠠᠢ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠪᠣᠯᠤᠨ᠎ᠠ ᠬᠡᠵᠤ ᠵᠢᠭᠠᠵᠤ ᠭᠠᠷᠭᠠᠪᠠ᠃ ᠰᠢ ᠶᠢᠨ ᠫᠢᠩ | ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠤᠷ ᠠᠮᠤᠭᠤᠯᠠᠩ ᠢ ᠢᠷᠤᠬᠡᠪᠡ᠃ | ᠲᠤᠰ ᠤᠷᠤᠢ ᠳᠤᠨᠢ᠂ ᠰᠢ ᠶᠢᠨ ᠫᠢᠩ ᠲᠥᠪᠡᠳ ᠤᠨ ᠠᠷᠠᠳ ᠤᠨ ᠬᠤᠷᠠᠯ ᠤᠨ ᠲᠠᠩᠬᠢᠮ ᠳᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠠᠢ ᠬᠠᠮᠲᠤ ᠪᠠᠷ ᠦᠨᠳᠦᠰᠦᠲᠡᠨ ᠤ ᠤᠷᠠᠨ ᠰᠠᠶᠢᠬᠠᠨ ᠤ | ᠲᠣᠭᠯᠠᠯᠲᠠ ᠶᠢ ᠰᠣᠨᠢᠷᠬᠠᠪᠠ᠃ ᠢᠷᠠᠭᠤ ᠰᠠᠶᠢᠬᠠᠨ ᠠᠷᠠᠳ ᠤᠨ ᠳᠠᠭᠤᠤ᠂ ᠵᠤᠯᠪᠤᠭᠠᠯᠢᠭ ᠰᠠᠶᠢᠬᠠᠨ ᠪᠥᠵᠢᠭ ᠨᠢ | ᠲᠥᠪᠡᠳ ᠤᠨ ᠥᠪᠡᠷᠮᠢᠴᠡ ᠣᠨᠴᠠᠯᠢᠭ ᠲᠠᠢ ᠰᠣᠶᠣᠯ ᠤᠨ ᠷᠢᠳᠢ ᠰᠢᠳᠢ ᠶᠢ ᠢᠯᠡᠷᠡᠭᠦᠯᠵᠦ᠂ ᠲᠥᠪᠡᠳ ᠤᠨ | ᠦᠨᠳᠦᠰᠦᠲᠡᠨ ᠨᠦᠭᠦᠳ ᠤᠨ ᠤᠯᠠᠨ ᠲᠦᠮᠡᠨ ᠡᠷᠡᠰ ᠭᠤᠶᠢᠪᠢᠰᠢ ᠦᠭᠡᠢ ᠪᠠᠷ ᠨᠠᠮ ᠢᠶᠠᠨ ᠲᠠᠭᠠᠵᠤ᠂ ᠨᠡᠩ ᠵᠣᠯ | ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠡᠷᠡᠰ ᠪᠠᠲᠤ ᠢᠲᠡᠭᠡᠯ ᠵᠣᠷᠢᠭ ᠢ | ᠢᠯᠡᠷᠡᠭᠦᠯᠪᠡ᠃ | 7 ᠰᠠᠷ᠎ᠠ ᠶᠢᠨ 23 ᠤ ᠦᠳᠡ ᠶᠢᠨ ᠡᠮᠦᠨ᠎ᠡ᠂ ᠰᠢ ᠶᠢᠨ ᠫᠢᠩ ᠲᠥᠪᠡᠳ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠥᠪᠡᠳ ᠤᠨ ᠡᠯ᠎ᠡ ᠵᠦᠢᠯ ᠤᠨ ᠠᠵᠢᠯ ᠳᠤ ᠣᠯᠤᠭᠰᠠᠨ ᠠᠮᠵᠢᠯᠲᠠ ᠶᠢ ᠨᠤᠲᠠᠯᠠᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠥᠷᠭᠡᠨ ᠤᠯᠠᠨ ᠺᠠᠳ᠋ᠷ ᠤᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ | ᠪᠦᠯᠬᠦᠮᠳᠡᠯ ᠲᠠᠢ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠳᠤ | ᠣᠳᠣᠬᠢᠴᠢᠯᠠᠭᠰᠠᠨ ᠰᠢᠨ᠎ᠡ ᠲᠥᠪᠡᠳ ᠢ ᠴᠢᠷᠮᠠᠶᠢᠨ ᠰᠠᠶᠢᠲᠤᠷ ᠪᠦᠳᠦᠭᠡᠨ ᠪᠠᠶᠢᠭᠤᠯᠬᠤ ᠶᠢ ᠬᠦᠰᠡᠪᠡ᠃ | ᠰᠢ ᠶᠢᠨ ᠫᠢᠩ᠂ ᠲᠥᠪᠡᠳ ᠤᠨ ᠠᠵᠢᠯ ᠤᠨ ᠱᠠᠳᠤᠴᠢ ᠴᠢᠨᠠᠷᠲᠠᠢ ᠣᠨᠴᠠᠯᠢᠭ ᠢ ᠣᠨᠣᠪᠴᠢᠲᠠᠢ ᠡᠵᠡᠮᠳᠡᠵᠦ᠂ | ᠤᠯᠠᠨ ᠲᠦᠮᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ᠂ ᠠᠷᠠᠳ ᠲᠦᠮᠡᠨ ᠤ ᠵᠣᠯ | ᠵᠢᠷᠭᠠᠯ ᠢ ᠪᠠᠲᠤᠯᠠᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ | ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠬᠥᠮᠦᠵᠢᠯ᠂ ᠡᠭᠡ ᠣᠷᠣᠨᠴᠢ ᠦᠵᠡᠯ ᠤᠨ ᠬᠥᠮᠦᠵᠢᠯ | ᠂ ᠬᠠᠭᠠᠴᠠᠭᠤᠯᠬᠤ ᠶᠢ ᠡᠰᠡᠷᠭᠦᠴᠡᠬᠦ ᠲᠡᠮᠡᠴᠡᠯ ᠤᠨ ᠬᠥᠮᠦᠵᠢᠯ᠂ ᠰᠢᠨ᠎ᠡ ᠬᠠᠭᠤᠴᠢᠨ ᠲᠥᠪᠡᠳ ᠤᠨ ᠬᠠᠷᠢᠴᠠᠭᠤᠯᠤᠯ ᠤᠨ | ᠬᠥᠮᠦᠵᠢᠯ ᠪᠠ ᠮᠠᠷᠺᠰ ᠤᠨ ᠦᠵᠡᠯ ᠤᠨ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ | ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢᠨ ᠬᠥᠮᠦᠵᠢᠯ ᠲᠠᠢ | ᠤᠶᠠᠯᠳᠤᠭᠤᠯᠬᠤ ᠶᠢ ᠪᠠᠷᠢᠮᠲᠠᠯᠠᠵᠤ᠂ ᠤᠷᠳᠤ ᠤᠳᠠᠭᠠᠨ ᠤ ᠠᠷᠭ᠎ᠠ ᠪᠤᠳᠤᠯᠭ᠎ᠠ ᠶᠢ ᠢᠯᠡᠭᠦᠬᠡᠨ ᠰᠦᠪᠡᠭᠴᠢᠯᠡᠵᠦ᠂ | ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ ᠶᠢ ᠢᠯᠡᠭᠦᠬᠡᠨ ᠬᠡᠷᠡᠭᠵᠢᠭᠦᠯᠬᠦ ᠬᠡᠷᠡᠭᠲᠡᠢ᠃ ᠦᠨᠳᠦᠰᠦᠲᠡᠨ ᠤ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ | ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠬᠠᠮᠲᠤ ᠶᠢᠨ ᠲᠠᠨᠢᠯᠲᠠ ᠶᠢ | ᠲᠠᠰᠤᠷᠠᠯᠲᠠ ᠥᠬᠡᠶ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠶᠢ | ᠪᠠᠬᠢᠵᠢᠭᠦᠯᠬᠦ ᠬᠡᠷᠡᠭᠲᠡᠶ ᠬᠡᠵᠤ ᠴᠢᠬᠤᠯᠠᠴᠢᠯᠠᠪᠠ᠃ | ᠰᠢ ᠶᠢᠨ ᠫᠢᠩ᠂ ᠲᠥᠪᠡᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠠᠯᠢᠪᠠ | ᠬᠥᠭᠵᠢᠯᠲᠡ ᠨᠢ ᠴᠥᠮ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠠᠴᠢ ᠬᠤᠯᠪᠣᠭᠳᠠᠯ ᠣᠯᠭᠤᠬᠤ ᠶᠢ | ᠪᠠᠷᠢᠮᠳᠠᠯᠠᠵᠤ᠂ ᠴᠥᠮ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠳᠤ | ᠠᠴᠢ ᠬᠤᠯᠪᠣᠭᠳᠠᠯ ᠣᠯᠭᠤᠬᠤ ᠶᠢ ᠪᠠᠷᠢᠮᠳᠠᠯᠠᠵᠤ᠂ ᠴᠥᠮ ᠦᠨᠳᠦᠰᠦᠲᠡᠨ ᠨᠦᠭᠦᠳ ᠤᠨ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠳᠤ | ᠠᠰᠢᠭᠲᠠᠢ ᠪᠠᠶᠢᠬᠤ ᠢ ᠪᠠᠷᠢᠮᠳᠠᠯᠠᠬᠤ ᠬᠡᠷᠡᠭᠲᠡᠢ᠃ ᠰᠠᠶᠢᠨ ᠲᠠᠯ᠎ᠠ ᠪᠠᠨ ᠪᠠᠳᠠᠷᠠᠭᠤᠯᠤᠨ ᠰᠢᠭᠠᠷᠤ ᠲᠠᠯ᠎ᠠ ᠪᠠᠨ ᠲᠡᠪᠴᠢᠵᠦ | ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠥᠭᠡᠷᠡᠴᠢᠯᠡᠯᠲᠡ ᠨᠡᠭᠡᠭᠡᠯᠳᠠ ᠶᠢ ᠭᠦᠨᠵᠡᠭᠡᠶᠢᠷᠡᠭᠦᠯᠵᠦ᠂ | ᠲᠡᠮᠦᠷ ᠵᠠᠮ᠂ ᠵᠠᠰᠠᠮᠠᠯ ᠵᠠᠮ ᠵᠢᠴᠢ ᠪᠤᠰᠤᠳ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ᠂ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠤᠯᠤᠰ ᠤᠨ ᠴᠡᠪᠡᠷ | ᠡᠨᠧᠷᠭᠢ ᠶᠢᠨ ᠰᠠᠭᠤᠷᠢᠨ ᠢ ᠲᠦᠷᠭᠡᠳᠬᠡᠨ ᠪᠦᠳᠦᠭᠡᠨ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠦᠨ᠂ ᠲᠥᠪᠡᠳ ᠤᠨ ᠪᠣᠳᠠᠲᠤ ᠪᠠᠶᠢᠳᠠᠯ ᠳᠤ ᠨᠡᠶᠢᠴᠡᠭᠰᠡᠨ ᠴᠢᠨᠠᠷ ᠰᠠᠶᠢᠲᠠᠢ | ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠡᠳᠡᠭᠡᠷ ᠵᠢᠯ ᠤᠳ ᠲᠤ᠂ ᠲᠥᠪᠡᠳ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ | ᠠᠮᠢᠳᠤᠷᠠᠯ ᠪᠣᠯᠤᠨ ᠤᠶᠤᠨ ᠰᠠᠨᠠᠭᠠᠨ ᠤ ᠳᠦᠷᠰᠦ ᠪᠠᠶᠢᠳᠠᠯ ᠳᠤ ᠴᠥᠮ ᠮᠠᠰᠢ ᠶᠡᠭᠡ ᠬᠤᠪᠢᠷᠠᠯᠲᠠ ᠭᠠᠷᠴᠠᠢ᠂ ᠪᠢ | ᠬᠦᠷᠦᠭᠰᠡᠨ ᠭᠠᠵᠠᠷ ᠪᠣᠯᠭᠠᠨ ᠠᠴᠠ ᠤᠯᠠᠨ ᠤ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠵᠣᠯ ᠵᠢᠷᠭᠠᠯᠲᠤ ᠰᠡᠳᠬᠢᠯᠭᠡ᠂ | ᠨᠠᠮ ᠪᠣᠯᠤᠨ ᠤᠯᠤᠰ ᠲᠤ ᠲᠠᠯᠠᠷᠬᠠᠬᠤ ᠰᠡᠳᠬᠢᠯᠭᠡ ᠶᠢ ᠮᠡᠳᠡᠷᠡᠪᠡ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠤᠯᠠᠨ ᠲᠦᠮᠡᠨ ᠤ ᠨᠡᠶᠢᠳᠡᠮ | ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠳᠤ ᠨᠡᠩ ᠢᠯᠡᠭᠦᠦ ᠠᠩᠬᠠᠷᠤᠯ ᠢᠶᠠᠨ ᠲᠥᠪᠯᠡᠷᠡᠭᠦᠯᠵᠦ᠂ | ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ | ᠬᠡᠦᠬᠡᠳ ᠤᠨ ᠴᠡᠴᠡᠷᠯᠢᠭ᠂ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ | ᠬᠢᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠭᠦᠢᠴᠡᠳ ᠪᠤᠯᠭᠠᠵᠦ᠂ ᠵᠢᠷᠭᠠᠯᠲᠤ ᠲᠦᠷᠦᠭᠳᠡᠯ ᠢ ᠨᠡᠩ | ᠦᠷᠭᠦᠯᠵᠢᠯᠡᠬᠦᠯᠵᠦ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠬᠡᠷᠡᠭᠲᠡᠢ᠃ ᠬᠢᠯᠢ ᠶᠢᠨ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠬᠢᠯᠢ ᠬᠢᠵᠠᠭᠠᠷ ᠲᠤ ᠦᠨᠳᠦᠰᠦᠯᠡᠵᠦ᠂ ᠤᠯᠤᠰ ᠤᠨ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠵᠤ᠂ ᠭᠡᠷ | ᠣᠷᠣᠨ ᠢᠶᠠᠨ ᠪᠦᠳᠦᠭᠡᠨ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠲᠥᠪᠡᠳ ᠤᠨ ᠠᠮᠢ ᠠᠬᠤᠶ ᠣᠷᠴᠢᠨ ᠳᠤᠭᠤᠷᠢᠨ ᠢ ᠰᠠᠶᠢᠲᠤᠷ ᠬᠠᠮᠠᠭᠠᠯᠠᠬᠤ ᠨᠢ ᠥᠨᠢ | ᠤᠳᠠᠭᠠᠨ ᠤ ᠠᠰᠢᠭ ᠲᠤᠰᠠ ᠶᠢ ᠡᠳ᠋ᠯᠡᠵᠦ᠂ ᠳᠡᠯᠡᠬᠡᠶ ᠳ᠋ᠠᠬᠢᠨ ᠳᠤ ᠠᠴᠢ ᠲᠤᠰᠠ ᠬᠦᠷᠲᠡᠭᠡᠨ᠎ᠡ᠃ ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠲᠠ ᠮᠦᠩᠭᠦᠨ ᠠᠭᠤᠯᠠ ᠮᠥᠨ᠂ ᠴᠠᠰᠤ ᠮᠥᠰᠥᠲᠦ ᠭᠠᠵᠠᠷ ᠴᠤ ᠠᠯᠲᠠ | ᠮᠦᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ | ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ | ᠬᠠᠮᠠᠭᠠᠯᠠᠯᠲᠠ ᠶᠢ ᠠᠬᠢᠭᠤᠯᠵᠤ᠂ ᠠᠮᠢ ᠠᠬᠤᠢ ᠶᠢ ᠤᠷᠢᠳᠠᠪᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠪᠠᠷ | ᠣᠷᠣᠰᠢᠬᠰᠠᠨ ᠣᠳᠣᠬᠢᠴᠢᠯᠠᠯᠲᠠ ᠶᠢ ᠴᠢᠷᠮᠠᠶᠢᠨ ᠪᠦᠳᠦᠭᠡᠨ ᠪᠠᠶᠢᠭᠤᠯᠵᠤ᠂ ᠳᠡᠯᠡᠬᠡᠢ ᠶᠢᠨ ᠪᠥᠮᠪᠥᠷᠴᠡᠭ ᠤᠨ | ᠭᠤᠷᠪᠠᠳᠤᠭᠠᠷ ᠲᠦᠢᠯ ᠤᠨ ᠠᠮᠢ ᠠᠬᠤᠢ ᠶᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠡᠤᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠭᠦᠯᠬᠦ ᠪᠣᠯ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠤᠨ ᠲᠤᠰᠤᠯᠲᠠ ᠮᠥᠨ᠂ ᠲᠡᠤᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠬᠤ᠂ | ᠲᠡᠤᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠭᠦᠯᠬᠦ᠂ ᠲᠡᠤᠬᠡ ᠶᠢ ᠰᠤᠷᠤᠯᠴᠠᠵᠤ ᠶᠣᠰᠣ ᠰᠤᠷᠳᠠᠬᠤᠨ ᠢ | ᠡᠷᠬᠢᠮᠯᠡᠬᠦ ᠶᠢᠨ ᠦᠷ᠎ᠡ ᠪᠦᠲᠦᠭᠡᠯ ᠢ ᠪᠡᠶᠡᠴᠢ ᠶᠢᠷᠲᠢᠨᠴᠦ ᠪᠠ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠪᠣᠳᠠᠲᠤ | ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠲᠠᠯ᠎ᠠ ᠪᠠᠷ | ᠴᠢᠷᠮᠠᠶᠢᠨ ᠦᠢᠯᠡᠳᠦᠯᠭᠡᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠢ ᠢᠷᠠᠭᠤ ᠠᠯᠳᠠᠷᠲᠤ | ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠬᠤ ᠶᠢ | ᠬᠥᠮᠦᠵᠢᠭᠦᠯᠦᠨ ᠬᠥᠲᠥᠯᠥᠨ ᠵᠢᠯᠤᠭᠤᠳᠴᠤ᠂ ᠨᠠᠮ ᠪᠠᠶᠢᠭᠤᠯᠤᠬᠰᠠᠨ ᠠᠭᠤᠤ ᠶᠡᠭᠡ ᠵᠣᠷᠢᠭ ᠰᠠᠨᠠᠭ᠎ᠠ ᠪᠠᠷ ᠨᠠᠮᠴᠢ | ᠴᠢᠨᠠᠷ ᠤᠨ ᠪᠣᠯᠪᠠᠰᠤᠷᠠᠯ ᠢ ᠬᠥᠮᠦᠵᠢᠭᠦᠯᠵᠦ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠨ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ | ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ | ᠢ ᠪᠠᠭᠲᠠᠭᠠᠵᠤ᠂ ᠢᠮᠠᠭᠲᠠ ᠨᠠᠮᠴᠢ ᠴᠢᠨᠠᠷ ᠤᠨ ᠵᠠᠷᠴᠢᠮ ᠢᠶᠠᠷ ᠪᠡᠶ᠎ᠡ ᠪᠠᠨ ᠵᠠᠰᠠᠵᠤ ᠪᠡᠶ᠎ᠡ ᠪᠠᠨ ᠪᠠᠷᠢᠵᠤ᠂ ᠦᠨᠡᠨ ᠬᠦ | ᠪᠠᠳᠤ ᠴᠢᠩᠭ᠎ᠠ ᠨᠠᠮᠴᠢ ᠴᠢᠨᠠᠷ ᠢᠶᠠᠷ ᠠᠷᠠᠳ ᠤᠨ ᠢᠲᠡᠭᠡᠯ ᠢ ᠣᠯᠵᠤ᠂ ᠤᠯᠠᠨ ᠲᠦᠮᠡᠨ ᠢ ᠬᠥᠲᠥᠯᠥᠨ ᠳᠠᠭᠠᠭᠤᠯᠬᠤ | ᠬᠡᠷᠡᠭᠳᠡᠢ᠃ ᠠᠷᠠᠳ ᠲᠦᠮᠡᠨ ᠳᠤ ᠦᠢᠯᠡᠴᠢᠯᠡᠬᠦ ᠶᠢ ᠴᠢᠷᠮᠠᠶᠢᠨ ᠦᠢᠯᠡᠳᠦᠯᠭᠡᠵᠢᠭᠦᠯᠵᠦ᠂ ᠥᠷᠭᠡᠨ ᠤᠯᠠᠨ ᠨᠠᠮ ᠤᠨ | ᠭᠡᠰᠢᠭᠦᠨ᠂ ᠺᠠᠳ᠋ᠷᠴᠤᠳ ᠢ ᠢᠮᠠᠭᠲᠠ ᠠᠷᠠᠳ ᠲᠦᠮᠡᠨ ᠢ ᠰᠡᠳᠬᠢᠯ ᠤᠨ ᠢᠶᠠᠨ ᠬᠠᠮᠤᠭ ᠤᠨ ᠳᠡᠭᠡᠳᠦ ᠪᠠᠶᠢᠷᠢᠨ ᠳᠤ | ᠲᠠᠯᠪᠢᠬᠤ ᠶᠢ ᠬᠥᠮᠦᠵᠢᠭᠦᠯᠦᠨ ᠬᠥᠲᠥᠯᠥᠨ ᠵᠢᠯᠣᠭᠤᠳᠴᠤ᠂ ᠠᠷᠠᠳ ᠤᠯᠠᠨ ᠤ ᠰᠡᠳᠬᠢᠯ ᠢ ᠮᠡᠳᠡᠭᠴᠢ᠂ ᠲᠤᠳᠤᠨᠤ | ᠬᠦᠮᠦᠨ᠂ ᠵᠠᠮᠴᠢᠯᠠᠭᠴᠢ ᠪᠤᠯᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠦᠨᠡᠨ ᠰᠡᠳᠬᠢᠯ ᠠᠴᠠ ᠪᠠᠨ ᠬᠦᠴᠦ ᠲᠠᠯᠪᠢᠨ ᠰᠠᠶᠢᠲᠤᠷ ᠰᠢᠢᠳᠪᠦᠷᠢᠯᠡᠵᠦ᠂ ᠪᠦᠬᠦ ᠠᠷᠠᠳ ᠲᠦᠮᠡᠨ ᠤ | ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠨᠡᠩ ᠢᠯᠡᠷᠬᠡᠶ ᠪᠣᠳᠠᠲᠤ ᠠᠬᠢᠴᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠶ᠃ | ᠬᠥᠭᠵᠢᠯᠲᠡ ᠶᠢ ᠠᠬᠢᠭᠤᠯᠬᠤ ᠲᠠᠯ᠎ᠠ ᠪᠠᠷ ᠴᠢᠷᠮᠠᠶᠢᠨ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ᠂ ᠺᠠᠳ᠋ᠷᠴᠤᠳ ᠢ | ᠨᠠᠮ ᠤᠨ ᠲᠡᠦᠬᠡ ᠶᠢ ᠰᠤᠷᠤᠯᠴᠠᠬᠤ ᠶᠢ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠬᠤ ᠶᠢ ᠬᠥᠮᠦᠵᠢᠭᠦᠯᠦᠨ | ᠬᠦᠳᠦᠯᠦᠨ ᠵᠢᠯᠣᠭᠤᠳᠴᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ | ᠬᠢᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠪᠦᠲᠦᠭᠡᠯᠴᠢ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠵᠤ᠂ ᠨᠠᠮ ᠪᠠ ᠠᠷᠠᠳ ᠲᠦᠮᠡᠨ ᠳᠤ ᠣᠰᠣᠯᠳᠠᠬᠤ ᠦᠭᠡᠢ᠂ ᠲᠡᠦᠬᠡ | ᠪᠠ ᠴᠠᠭ ᠦᠶ᠎ᠡ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠲᠥᠪ ᠬᠤᠷᠢᠶ᠎ᠠ ᠲᠥᠪᠡᠳ ᠤᠨ ᠺᠠᠳ᠋ᠷ ᠠᠵᠢᠯᠲᠠᠨ ᠠᠵᠢᠯᠴᠢᠨ ᠢ ᠲᠦᠢᠯ ᠢᠶᠠᠷ | ᠬᠠᠯᠠᠮᠵᠢᠯᠠᠵᠤ᠂ ᠲᠥᠪᠡᠳ ᠤᠨ ᠲᠦᠢᠯ ᠤᠨ ᠬᠠᠲᠠᠭᠤᠵᠢᠯᠲᠠᠶ ᠠᠵᠢᠯ ᠠᠮᠢᠳᠤᠷᠠᠯ ᠠᠴᠠ ᠡᠭᠦᠰᠦᠨ᠂ ᠣᠨᠴᠠᠭᠠᠶ ᠴᠠᠯᠢᠩ | ᠪᠠ ᠬᠠᠮᠢᠶ᠎ᠠ ᠪᠦᠬᠦᠢ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠠᠢ᠂ ᠨᠠᠶᠢᠳᠠᠪᠤᠷᠢᠵᠢᠭᠤᠯᠤᠯᠲᠠ ᠶᠢ | ᠦᠨᠡᠨ ᠬᠦ ᠰᠠᠶᠢᠲᠤᠷ ᠠᠳᠬᠤᠵᠤ᠂ ᠺᠠᠳ᠋ᠷ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢ ᠪᠠᠲᠤᠯᠠᠬᠤ ᠠᠵᠢᠯ ᠢ | ᠴᠢᠬᠤᠯᠠᠴᠢᠯᠠᠨ᠂ ᠺᠠᠳ᠋ᠷ ᠠᠵᠢᠯᠲᠠᠨ ᠠᠵᠢᠯᠴᠢᠨ ᠤ ᠬᠤᠶᠢᠰᠢᠳᠠ ᠶᠢᠨ ᠵᠣᠪᠠᠨᠢᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ | ᠭᠡᠵᠦ ᠵᠢᠭᠠᠵᠤ ᠭᠠᠷᠭᠠᠪᠠ᠃ | ᠬᠠᠷᠢᠭᠤ ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠰᠢ ᠶᠢᠨ ᠫᠢᠩ ᠲᠥᠪᠡᠳ ᠤᠨ ᠥᠪᠡᠷᠲᠡᠭᠡᠨ ᠵᠠᠰᠠᠬᠤ | ᠣᠷᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠭᠠᠵᠠᠷ ᠬᠤᠳᠠ ᠶᠢᠨ ᠬᠠᠷᠢᠭᠤᠴᠠᠯᠭᠠᠲᠠᠨ ᠨᠥᠬᠦᠳ | ᠪᠣᠯᠤᠨ ᠠᠬᠠᠮᠠᠳ ᠨᠥᠬᠦᠳ ᠤᠨ ᠲᠥᠯᠥᠭᠡᠯᠡᠭᠴᠢ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢ᠂ | ᠲᠥᠪᠡᠳ ᠢ ᠲᠤᠰᠠᠯᠠᠬᠤ ᠺᠠᠳ᠋ᠷᠴᠤᠳ ᠤᠨ ᠲᠥᠯᠥᠭᠡᠯᠡᠭᠴᠢ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ | ᠴᠠᠭᠳᠠᠭ᠎ᠠ ᠶᠢᠨ ᠲᠥᠯᠥᠭᠡᠯᠡᠭᠴᠢ᠂ ᠱᠠᠰᠢᠨ ᠰᠤᠷᠲᠠᠬᠤᠨ ᠤ ᠡᠲᠡᠭᠡᠳ ᠤᠨ ᠡᠭᠡ ᠣᠷᠣᠨᠴᠢ ᠬᠥᠮᠦᠰ ᠤᠨ | ᠲᠥᠯᠥᠭᠡᠯᠡᠭᠴᠢ ᠲᠠᠢ ᠲᠤᠰ ᠲᠤᠰ ᠠᠭᠤᠯᠵᠠᠪᠠ᠃ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ | ᠴᠠᠰᠤᠲᠤ ᠥᠨᠳᠦᠷᠯᠢᠭ ᠲᠤ ᠴᠢᠷᠮᠠᠶᠢᠨ ᠲᠡᠮᠡᠴᠡᠵᠦ ᠪᠠᠶᠢᠭ᠎ᠠ ᠥᠷᠭᠡᠨ ᠤᠯᠠᠨ ᠨᠥᠬᠦᠳ ᠲᠤ ᠴᠢᠩ ᠰᠡᠳᠬᠢᠯ ᠤᠨ | ᠮᠡᠨᠳᠦᠴᠢᠯᠡᠯ ᠳᠡᠪᠰᠢᠭᠦᠯᠪᠡ᠃ | 7 ᠰᠠᠷ᠎ᠠ ᠶᠢᠨ 23 ᠤ ᠡᠳᠦᠷ᠂ ᠰᠢ ᠶᠢᠨ ᠫᠢᠩ ᡀᠠᠰᠠ ᠳᠤ ᠲᠥᠪᠡᠳ ᠲᠤ ᠰᠠᠭᠤᠭ᠎ᠠ ᠴᠡᠷᠢᠭ ᠠᠩᠭᠢ ᠶᠢᠨ | ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠬᠦᠯᠢᠶᠡᠨ ᠠᠪᠴᠤ ᠠᠭᠤᠯᠵᠠᠪᠠ᠃ ᠰᠢ ᠶᠢᠨ | ᠫᠢᠩ ᠲᠥᠪᠡᠳ ᠲᠤ ᠰᠠᠭᠤᠭ᠎ᠠ ᠴᠡᠷᠢᠭ ᠠᠩᠭᠢ ᠶᠢᠨ ᠪᠦᠬᠦ ᠵᠢᠯᠤᠭᠤᠳᠤᠭᠴᠢ ᠪᠠᠶᠢᠯᠳᠤᠭᠴᠢᠳ ᠲᠤ ᠴᠢᠩ | ᠰᠡᠳᠬᠢᠯ ᠤᠨ ᠮᠡᠨᠳᠦᠴᠢᠯᠡᠯ ᠬᠦᠷᠭᠡᠵᠦ᠂ ᠲᠥᠪᠡᠳ ᠲᠤ ᠰᠠᠭᠤᠭ᠎ᠠ ᠴᠡᠷᠢᠭ ᠠᠩᠭᠢ ᠶᠢᠨ ᠲᠤᠪᠤᠶᠢᠮ᠎ᠠ ᠬᠤᠪᠢ | ᠨᠡᠮᠡᠷᠢ ᠶᠢ ᠭᠦᠢᠴᠡᠳ ᠨᠤᠲᠠᠯᠠᠪᠠ᠃ ᠲᠡᠷᠡ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ | ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ | ᠪᠤᠳᠤᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ︽ᠠᠬᠠᠮᠠᠳ ᠨᠢᠭᠡ ᠦᠶ᠎ᠡ ᠶᠢᠨ ᠲᠥᠪᠡᠳ ᠤᠨ ᠵᠣᠷᠢᠭ ᠰᠠᠨᠠᠭ᠎ᠠ︾ | ᠶᠢ ᠶᠡᠬᠡᠪᠡᠷ ᠪᠠᠳᠠᠷᠠᠭᠤᠯᠵᠤ᠂ ᠴᠡᠷᠢᠭ ᠢ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠠᠵᠢᠯ ᠢ ᠪᠦᠬᠦ ᠲᠠᠯ᠎ᠠ ᠪᠠᠷ | ᠴᠢᠩᠭᠠᠳᠬᠠᠵᠤ᠂ ᠲᠥᠪᠡᠳ ᠤᠨ ᠥᠨᠢ ᠤᠳᠠᠭᠠᠨ ᠠᠮᠤᠷ ᠲᠤᠬᠳᠠᠭᠤᠨ ᠪᠠ ᠴᠡᠴᠡᠭᠯᠡᠯ ᠬᠥᠭᠵᠢᠯ ᠢ ᠠᠬᠢᠭᠤᠯᠬᠤ ᠳᠤ | ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ | ᠣᠳᠣᠬᠠᠨ ᠳᠤ᠂ ᠶᠠᠭ ᠪᠦᠬᠦ ᠤᠯᠤᠰ ᠤᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠵᠠᠩᠭᠢᠯᠠᠭ᠎ᠠ ᠶᠢᠨ | ᠴᠠᠭ ᠦᠶ᠎ᠡ ᠪᠣᠯᠤᠨ᠎ᠠ᠃ ᠰᠢᠨᠵᠢᠯᠡᠨ ᠪᠠᠶᠢᠴᠠᠭᠠᠬᠤ ᠵᠠᠮ ᠳᠠᠭᠠᠨ᠂ ᠰᠢ ᠶᠢᠨ ᠫᠢᠩ ᠡᠾᠧᠨᠠᠨ ᠳᠤ ᠲᠦᠢᠯ ᠤᠨ ᠶᠡᠭᠡ | ᠪᠣᠷᠣᠭᠠᠨ ᠤᠷᠤᠭᠰᠠᠨ ᠢ ᠣᠯᠵᠤ ᠮᠡᠳᠡᠭᠰᠡᠨ ᠤ ᠳᠠᠷᠠᠭ᠎ᠠ᠂ ᠲᠡᠷᠡ ᠳᠠᠷᠤᠢ ᠳᠤᠨᠢ ᠴᠢᠬᠤᠯᠠ ᠵᠢᠭᠠᠪᠤᠷᠢ ᠥᠭᠴᠦ᠂ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ᠂ ᠬᠦᠴᠦᠨ ᠢᠶᠠᠨ ᠦᠳᠲᠡᠷ ᠲᠦᠷᠭᠡᠨ ᠵᠣᠬᠢᠶᠠᠨ ᠪᠠᠶᠢᠭᠤᠯᠵᠤ ᠦᠶᠡᠷ ᠢ ᠰᠡᠷᠭᠡᠶᠢᠯᠡᠨ | ᠭᠠᠮᠰᠢᠭ ᠠᠴᠠ ᠠᠪᠤᠷᠠᠵᠤ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠳᠠᠭᠠᠯᠳᠤᠭᠰᠠᠨ | ᠭᠠᠮᠰᠢᠭ ᠢ ᠴᠢᠩᠭ᠎ᠠ ᠰᠡᠷᠭᠡᠶᠢᠯᠡᠵᠦ᠂ ᠬᠥᠮᠦᠨ ᠤ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃ ᠰᠢ ᠶᠢᠨ ᠫᠢᠩ ᠴᠢᠯᠥᠭᠡᠯᠡᠬᠦ ᠴᠡᠷᠢᠭ | ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠣᠷᠣᠨ ᠨᠤᠲᠤᠭ ᠢ ᠢᠳᠡᠪᠬᠢᠲᠡᠶ ᠬᠠᠮᠵᠢᠨ ᠠᠶᠤᠯ ᠭᠠᠮᠰᠢᠭ ᠠᠴᠠ | ᠠᠪᠤᠷᠠᠬᠤ ᠠᠵᠢᠯ ᠢ ᠥᠷᠨᠢᠭᠦᠯᠬᠦ ᠶᠢ ᠱᠠᠭᠠᠷᠳᠠᠵᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ | ᠶᠡᠷᠦᠩᠬᠡᠶ ᠵᠢᠯᠤᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠤᠰᠤᠨ | ᠠᠰᠢᠬᠯᠠᠯᠳᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠵᠤ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠭᠠᠵᠠᠷ ᠤᠨ | ᠭᠠᠶ ᠭᠠᠮᠰᠢᠭ ᠢ ᠦᠨᠡᠯᠡᠨ ᠵᠢᠱᠢᠬᠦ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ | ᠵᠦᠢᠯ ᠤᠨ ᠠᠵᠢᠯ ᠢ ᠨᠠᠷᠢᠨ ᠪᠣᠳᠠᠲᠠᠶ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠡᠯ᠎ᠡ ᠭᠠᠵᠠᠷ ᠣᠷᠣᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠠᠵᠢᠯ ᠢᠶᠠᠨ ᠦᠨᠡᠨᠬᠦ ᠰᠠᠶᠢᠲᠤᠷ ᠬᠢᠵᠦ᠂ | ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠲᠦᠷᠭᠡᠬᠡᠨ ᠰᠡᠷᠭᠦᠭᠡᠵᠦ᠂ ᠭᠠᠮᠰᠢᠭᠳᠠᠭᠰᠠᠨ ᠤᠯᠠᠨ ᠲᠦᠮᠡᠨ ᠢ | ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ | ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ | ᠴᠢᠬᠤᠯᠠᠴᠢᠯᠠᠬᠤ ᠬᠡᠷᠡᠭᠲᠡᠢ᠃ ᠲᠥᠪᠡᠳ ᠪᠠᠰᠠ ᠡᠳᠡᠭᠡᠷ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | ᠳ᠋ᠢᠩ ᠰᠢᠤᠸᠠᠢ ᠰᠢᠶᠠᠩ᠂ ᠯᠢᠦ ᠡᡁᠧ᠂ ᠶᠠᠩ ᠰᠢᠶᠤᠤ ᠳ᠋ᠦ᠋᠂ ᠵᠠᠩ ᠶᠢᠦ ᠰᠢᠶᠠ᠂ ᠴᠧᠨ ᠰᠢ᠂ ᠡᡁᠧ ᠯᠢ | ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ ᠰᠢᠨᠵᠢᠯᠡᠨ ᠪᠠᠶᠢᠴᠠᠭᠠᠵᠤ᠂ ᠫᠠᠪᠠᠯᠠ · ᠭᠧᠯᠧᠭᠨᠡᠮᠵᠢᠯ ᠬᠤᠯᠪᠣᠭᠳᠠᠯ ᠪᠦᠬᠦᠢ | ᠠᠵᠢᠯᠯᠠᠭ᠎ᠠ ᠳᠤ ᠣᠷᠣᠯᠴᠠᠪᠠ᠃ | | | | | | | | | | | | 7 ᠰᠠᠷ᠎ᠠ ᠶᠢᠨ 21 ᠤ ᠡᠳᠤᠷ ᠠᠴᠠ 23 ᠤ ᠡᠳᠦᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠠᠷᠦᠩᠭᠡᠢ | ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ | ᠫᠢᠩ ᡀᠠᠰᠠ ᠳᠤ ᠢᠷᠡᠵᠦ᠂ ᠳᠦᠪᠠᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠳᠤ ᠪᠠᠶᠠᠷ ᠬᠦᠷᠭᠡᠵᠦ | ᠂ ᠳᠦᠪᠡᠳ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠳᠦᠮᠡᠨ ᠢ ᠪᠤᠯᠭᠤᠭᠠᠨ ᠳᠤᠬᠤᠨᠢᠭᠤᠯᠪᠠ᠃ ᠵᠢᠷᠤᠭ ᠪᠤᠯ | 21 ᠤ ᠦᠳᠡ ᠶᠢᠨ ᠡᠮᠦᠨ᠎ᠠ᠂ ᠰᠢ ᠶᠢᠨ ᠫᠢᠩ ᠨᠢᠰᠭᠡᠯ ᠢᠶᠠᠷ ᠨᠢᠩ ᡂᠢ ᠶᠢᠨ ᠮᠢᠨᠯᠢᠩ ᠨᠢᠰᠭᠡᠯ ᠤᠨ ᠪᠠᠭᠤᠳᠠᠯ ᠳᠤ | ᠬᠦᠷᠬᠦ ᠳᠤ᠂ ᠳᠦᠪᠠᠳ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠳᠦᠮᠡᠨ ᠳᠠᠭᠤᠯᠠᠨ ᠪᠦᠵᠢᠭᠯᠡᠵᠦ᠂ | ᠶᠠᠷᠦᠩᠭᠡᠢ ᠱᠦᠵᠢ ᠰᠢ ᠶᠢᠨ ᠫᠢᠩ ᠤᠨ ᠬᠦᠷᠴᠦ ᠢᠷᠡᠭᠰᠡᠨ ᠢ ᠬᠠᠯᠠᠭᠤᠨ ᠢᠶᠠᠷ ᠪᠠᠶᠠᠷᠯᠠᠨ ᠤᠭᠳᠤᠵᠦ ᠪᠠᠶᠢᠭ᠎ᠠ ᠨᠢ᠃ | ᠰᠢᠨᠬᠤᠧᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠠ | | | | | | | | | | | | 7 ᠰᠠᠷ᠎ᠠ ᠶᠢᠨ 21 ᠤ ᠡᠳᠤᠷ ᠠᠴᠠ 23 ᠤ ᠡᠳᠦᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠠᠷᠦᠩᠭᠡᠢ | ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ | ᠫᠢᠩ ᡀᠠᠰᠠ ᠳᠤ ᠢᠷᠡᠵᠦ᠂ ᠳᠦᠪᠠᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠳᠤ ᠪᠠᠶᠠᠷ ᠬᠦᠷᠭᠡᠵᠦ | ᠂ ᠳᠦᠪᠡᠳ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠳᠦᠮᠡᠨ ᠢ ᠪᠤᠯᠭᠤᠭᠠᠨ ᠳᠤᠬᠤᠨᠢᠭᠤᠯᠪᠠ᠃ ᠵᠢᠷᠤᠭ ᠪᠤᠯ | 21 ᠤ ᠦᠳᠡ ᠶᠢᠨ ᠬᠤᠶᠢᠨ᠎ᠠ᠂ ᠰᠢ ᠶᠢᠨ ᠫᠢᠩ ᠨᠢᠩ ᡂᠢ ᠬᠤᠳᠠ ᠶᠢᠨ ᠪᠠ ᠢ ᠳᠤᠭᠤᠷᠢᠭ ᠤᠨ ᠨᠢᠩ ᡂᠢ | ᠪᠠᠯᠭᠠᠰᠤᠨ ᠤ ᠭᠠᠯᠠ ᠳᠤᠰᠬᠤᠨ ᠳᠤ ᠰᠢᠨᠵᠢᠯᠡᠨ ᠪᠠᠶᠢᠴᠠᠭᠠᠬᠤ ᠦᠶ᠎ᠠ ᠳᠤ᠂ ᠳᠤᠰᠬᠤᠨ ᠤ ᠠᠷᠠᠳ ᠤᠨ ᠵᠦᠭ ᠭᠠᠷ | ᠳᠠᠯᠠᠯᠤᠨ ᠮᠡᠨᠳᠤᠴᠢᠯᠠᠯ ᠳᠠᠪᠰᠢᠬᠦᠯᠵᠦ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠠ | | | | | | | | 7 ᠰᠠᠷ᠎ᠠ ᠶᠢᠨ 21 ᠤ ᠡᠳᠤᠷ ᠠᠴᠠ 23 ᠤ ᠡᠳᠦᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠠᠷᠦᠩᠭᠡᠢ | ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ | ᠫᠢᠩ ᡀᠠᠰᠠ ᠳᠤ ᠢᠷᠡᠵᠦ᠂ ᠳᠦᠪᠠᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠳᠤ ᠪᠠᠶᠠᠷ ᠬᠦᠷᠭᠡᠵᠦ | ᠂ ᠳᠦᠪᠡᠳ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠳᠦᠮᠡᠨ ᠢ ᠪᠤᠯᠭᠤᠭᠠᠨ ᠳᠤᠬᠤᠨᠢᠭᠤᠯᠪᠠ᠃ ᠵᠢᠷᠤᠭ ᠪᠤᠯ | 22 ᠤᠨ ᠦᠳᠡ ᠶᠢᠨ ᠬᠤᠶᠢᠨ᠎ᠠ᠂ ᠰᠢ ᠶᠢᠨ ᠫᠢᠩ ᡀᠠᠰᠠ ᠶᠢᠨ ᠪᠠᠷᠠᠭᠤᠨ ᠳᠡᠬᠦᠷᠭᠡ ᠳᠤ ᠪᠠᠶᠢᠷᠢᠯᠠᠵᠦ ᠪᠠᠶᠢᠭ᠎ᠠ | ᠪᠷᠢᠪᠧᠩ ᠭᠡᠶᠢᠳ ᠲᠤ ᠰᠢᠨᠵᠢᠯᠡᠨ ᠪᠠᠶᠢᠴᠠᠭᠠᠵᠦ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᡂᠢ ᠰᠡᠬᠦᠳᠡᠷᠯᠡᠪᠠ | | | | | | | | | | 7 ᠰᠠᠷ᠎ᠠ ᠶᠢᠨ 21 ᠤ ᠡᠳᠤᠷ ᠠᠴᠠ 23 ᠤ ᠡᠳᠦᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠶᠠᠷᠦᠩᠭᠡᠢ | ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ | ᠫᠢᠩ ᡀᠠᠰᠠ ᠳᠤ ᠢᠷᠡᠵᠦ᠂ ᠳᠦᠪᠠᠳ ᠢ ᠨᠠᠶᠢᠷᠠᠮᠳᠠᠯ ᠢᠶᠠᠷ ᠴᠢᠯᠦᠭᠡᠯᠡᠭᠰᠡᠨ 70 ᠵᠢᠯ ᠤᠨ ᠤᠢ ᠳᠤ ᠪᠠᠶᠠᠷ ᠬᠦᠷᠭᠡᠵᠦ | ᠂ ᠳᠦᠪᠡᠳ ᠤᠨ ᠦᠨᠳᠦᠰᠦᠳᠡᠨ ᠨᠦᠭᠦᠳ ᠤᠨ ᠺᠠᠳ᠋ᠷ ᠤᠯᠠᠨ ᠳᠦᠮᠡᠨ ᠢ ᠪᠤᠯᠭᠤᠭᠠᠨ ᠳᠤᠬᠤᠨᠢᠭᠤᠯᠪᠠ᠃ ᠵᠢᠷᠤᠭ ᠪᠤᠯ | 23 ᠤ ᠦᠳᠡ ᠶᠢᠨ ᠡᠮᠦᠨ᠎ᠠ᠂ ᠰᠢ ᠶᠢᠨ ᠫᠢᠩ ᡀᠠᠰᠠ ᠳᠤ ᠲᠥᠪᠡᠳ ᠲᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠬᠦᠯᠢᠶᠡᠨ ᠠᠪᠴᠤ ᠠᠭᠤᠯᠵᠠᠵᠦ᠂ ᠲᠥᠪᠡᠳ ᠲᠤ ᠰᠠᠭᠤᠭ᠎ᠠ | ᠴᠡᠷᠢᠭ ᠠᠩᠭᠢ ᠶᠢᠨ ᠪᠦᠬᠦ ᠵᠢᠯᠤᠭᠤᠳᠤᠭᠴᠢ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ | ᠲᠥᠪᠡᠳ ᠲᠤ ᠰᠠᠭᠤᠭ᠎ᠠ ᠴᠡᠷᠢᠭ ᠠᠩᠭᠢ ᠶᠢᠨ ᠲᠤᠪᠤᠶᠢᠮ᠎ᠠ ᠬᠤᠪᠢ ᠨᠡᠮᠡᠷᠢ ᠶᠢ ᠭᠦᠢᠴᠡᠳ ᠨᠤᠲᠠᠯᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠬᠦᠳᠡᠷᠯᠡᠪᠠ | | | | | | | | |