ᠠᠯᠠᠱᠠ ᠵᠡᠭᠦᠨ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠠᠬᠢᠭᠤᠯᠵᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢ ᠵᠢᠷᠤᠭᠯᠠᠪᠠ
ᠨᠡᠶᠢᠲᠡᠯᠡᠭᠰᠡᠨ ᠴᠠᠭ᠄
2021/7/29
     ᠨᠢᠭᠡ ᠳᠤ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠵᠤ᠂ ᠴᠠᠭ ᠲᠤᠬᠠᠶ ᠳᠤᠨᠢ ᠰᠢᠮᠳᠠᠭᠤᠯᠤᠨ ᠬᠦᠢᠴᠡᠳᠬᠡᠬᠦᠯᠪᠡ᠃ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠶᠠᠷᠢᠯᠴᠠᠬᠤ ᠬᠤᠷᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠠᠵᠢᠯ ᠤᠨ ᠠᠬᠢᠴᠠ ᠶᠢ ᠰᠢᠮᠳᠠᠭᠤᠯᠤᠨ᠂ ᠭᠤᠣᠯ ᠠᠰᠠᠭᠤᠳᠠᠯ ᠢ ᠠᠳᠬᠤᠵᠤ᠂ ᠭᠤᠣᠯᠳᠠᠯᠭ᠎ᠠ ᠪᠠᠨ ᠲᠥᠪᠯᠡᠷᠡᠭᠦᠯᠦᠨ ᠵᠠᠳᠠᠯᠤᠨ ᠶᠠᠷᠢᠯᠴᠠᠵᠤ᠂ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠦᠷᠢᠮ ᠢ ᠴᠢᠩᠭ᠎ᠠ ᠵᠢᠷᠤᠮᠯᠠᠨ ᠨᠠᠶᠢᠷᠠᠭᠤᠯᠤᠨ ᠵᠣᠬᠢᠶᠠᠵᠤ᠂ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠥᠯᠥᠪᠯᠡᠵᠦ ᠵᠦᠢ ᠵᠣᠬᠢᠰᠲᠠᠶ ᠪᠠᠶᠢᠷᠢᠯᠠᠭᠤᠯᠪᠠ᠃ ᠬᠤᠶᠠᠷ ᠲᠤ᠂ ᠬᠥᠮᠦᠨ ᠢᠶᠠᠷ ᠦᠨᠳᠦᠰᠦ ᠪᠣᠯᠭᠠᠬᠤ ᠪᠠ ᠠᠷᠠᠳ ᠤᠨ ᠰᠠᠨᠠᠭ᠎ᠠ ᠶᠢ ᠬᠦᠨᠳᠦᠳᠬᠡᠬᠦ ᠶᠢ ᠪᠠᠷᠢᠮᠳᠠᠯᠠᠪᠠ᠃ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠳᠠᠭᠠᠭᠠᠨ ᠡᠭᠦᠷᠭᠡᠯᠡᠭᠰᠡᠨ ᠨᠢᠭᠡᠴᠡ ᠶᠢ ᠵᠣᠬᠢᠶᠠᠨ ᠪᠠᠶᠢᠭᠤᠯᠤᠨ ᠡᠯ᠎ᠡ ᠰᠤᠮᠤ ᠪᠠᠯᠭᠠᠰᠤ ᠳᠤ ᠣᠴᠢᠭᠤᠯᠵᠤ ᠬᠤᠶᠠᠳᠠᠬᠢ ᠤᠳᠠᠭᠠᠨ ᠤ ᠪᠠᠶᠢᠴᠠᠭᠠᠨ ᠰᠤᠳᠤᠯᠤᠯᠲᠠ ᠬᠢᠯᠭᠡᠵᠦ᠂ ᠡᠯ᠎ᠡ ᠰᠤᠮᠤ ᠪᠠᠯᠭᠠᠰᠤ ᠪᠣᠯᠤᠨ ᠡᠯ᠎ᠡ ᠭᠠᠴᠠᠭ᠎ᠠ ᠯᠤᠭ᠎ᠠ ᠵᠣᠯᠭᠠᠭᠤᠯᠵᠤ᠂ ᠢᠷᠡᠭᠡᠳᠦᠶ ᠶᠢᠨ ᠬᠥᠭᠵᠢᠯᠲᠡ ᠶᠢᠨ ᠰᠡᠳᠬᠢᠴᠡ᠂ ᠮᠠᠯᠴᠢᠨ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠢᠴᠡᠳ ᠣᠶᠢᠯᠠᠭᠠᠭᠤᠯᠤᠨ᠂ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠡᠯ᠎ᠡ ᠵᠠᠩᠭᠢᠯᠠᠭ᠎ᠠ ᠳᠤ ᠮᠠᠯᠴᠢᠨ ᠲᠠᠷᠢᠶᠠᠴᠢᠳ ᠢ ᠣᠷᠣᠯᠴᠠᠭᠤᠯᠪᠠ᠃ ᠭᠤᠷᠪᠠ ᠳᠤ᠂ ᠠᠵᠢᠯ ᠤᠨ ᠰᠡᠳᠬᠢᠴᠡ ᠪᠠᠨ ᠲᠣᠳᠣᠷᠬᠠᠶ ᠪᠣᠯᠭᠠᠵᠤ᠂ ᠠᠶᠢᠯ ᠲᠣᠰᠬᠤᠨ ᠢ ᠲᠥᠷᠥᠯ ᠬᠤᠪᠢᠶᠠᠬᠤ ᠠᠵᠢᠯ ᠢ ᠲᠦᠷᠭᠡᠳᠬᠡᠨ ᠪᠡᠶᠡᠯᠡᠬᠦᠯᠪᠡ᠃ ᠪᠣᠳᠠᠲᠤ ᠭᠠᠵᠠᠷ ᠲᠤᠨᠢ ᠬᠠᠶᠢᠨ ᠪᠠᠶᠢᠴᠠᠭᠠᠬᠤ᠂ ᠦᠨᠳᠦᠰᠦᠨ ᠪᠠᠶᠢᠴᠠᠭᠠᠨ ᠰᠤᠳᠤᠯᠤᠯᠲᠠ ᠬᠢᠬᠦ᠂ ᠮᠠᠲ᠋ᠧᠷᠢᠶᠠᠯ ᠴᠤᠭᠯᠠᠭᠤᠯᠤᠭᠰᠠᠨ ᠪᠠᠶᠢᠳᠠᠯ ᠢ ᠦᠨᠳᠦᠰᠦᠯᠡᠨ᠂ ᠣᠳᠣ ᠪᠠᠶᠢᠭ᠎ᠠ ᠠᠶᠢᠯ ᠲᠣᠰᠬᠤᠨ ︵ᠭᠠᠴᠠᠭ᠎ᠠ︶ ᠳᠤ ᠬᠢᠨᠠᠮᠠᠭᠠᠶ ᠡᠮᠬᠢᠯᠡᠨ ᠵᠠᠳᠠᠯᠤᠯᠲᠠ ᠬᠢᠵᠦ᠂ ᠲᠣᠰᠬᠤᠨ ︵ᠭᠠᠴᠠᠭ᠎ᠠ︶ ᠳᠠᠷᠠᠭᠠᠯᠠᠨ ᠠᠶᠢᠯ ᠲᠣᠰᠬᠤᠨ ᠤ ᠬᠥᠮᠦᠨ ᠠᠮᠠ ᠶᠢᠨ ᠬᠤᠪᠢᠷᠠᠯᠲᠠ᠂ ᠣᠷᠣᠨ ᠪᠠᠶᠢᠷᠢ ᠶᠢᠨ ᠨᠥᠬᠦᠴᠡᠯ᠂ ᠣᠷᠣᠰᠢᠨ ᠰᠠᠭᠤᠬᠤ ᠣᠷᠴᠢᠨ ᠲᠣᠭᠤᠷᠢᠨ᠂ ᠠᠵᠤ ᠦᠢᠯᠡᠰ ᠤᠨ ᠲᠥᠷᠥᠯ ᠬᠡᠯᠪᠡᠷᠢ᠂ ᠬᠥᠭᠵᠢᠯᠲᠡ ᠶᠢᠨ ᠬᠠᠨᠳᠤᠰᠢ᠂ ᠰᠠᠭᠤᠷᠢ ᠳᠦᠭᠦᠭᠡᠷᠦᠮᠵᠢ ᠶᠢᠨ ᠪᠠᠶᠢᠳᠠᠯ᠂ ᠠᠵᠢᠯ ᠣᠯᠭᠤᠭᠰᠠᠨ ᠪᠠᠶᠢᠳᠠᠯ᠂ ᠤᠰᠤᠨ ᠤ ᠡᠬᠢ ᠪᠠᠶᠠᠯᠢᠭ ᠤᠨ ᠪᠠᠶᠢᠳᠠᠯ᠂ ᠲᠠᠷᠢᠶᠠᠨ ᠭᠠᠵᠠᠷ ᠵᠡᠷᠭᠡ ᠪᠠᠶᠢᠳᠠᠯ ᠢ ᠰᠤᠳᠤᠯᠵᠤ᠂ ᠠᠶᠢᠯ ᠲᠣᠰᠬᠤᠨ ᠤ ᠲᠥᠷᠥᠯ ᠬᠤᠪᠢᠶᠠᠬᠤ ᠠᠵᠢᠯ ᠢ ᠲᠦᠷᠭᠡᠳᠬᠡᠨ ᠪᠡᠶᠡᠯᠡᠭᠦᠯᠵᠦ᠂ ᠰᠠᠭᠤᠷᠢ ᠠᠵᠢᠯ ᠪᠠ ᠭᠤᠣᠯ ᠠᠵᠢᠯ ᠢ ᠯᠠᠪᠳᠠᠭᠤᠨ ᠪᠠᠲᠤᠲᠠᠶ ᠬᠢᠪᠡ᠃ ᠳᠥᠷᠪᠡ ᠳᠤ᠂ ᠢᠯᠡ ᠳᠣᠳᠣ ᠪᠠᠷ ᠲᠥᠯᠥᠪᠵᠢᠭᠦᠯᠭᠡ ᠨᠠᠶᠢᠷᠠᠭᠤᠯᠤᠨ ᠵᠣᠬᠢᠶᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠪᠠ᠃ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠠᠷᠠᠳᠴᠢᠯᠠᠯ ᠢᠶᠠᠷ ᠣᠷᠣᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠮᠡᠳᠡᠯᠭᠡ ᠶᠢ ᠲᠦᠭᠡᠮᠡᠯᠵᠢᠭᠦᠯᠦᠨ᠂ ᠠᠶᠢᠯ ᠲᠣᠰᠬᠤᠨ ᠤ ᠲᠥᠯᠥᠪᠵᠢᠭᠦᠯᠭᠡ ᠶᠢ ᠮᠠᠯᠴᠢᠨ ᠲᠠᠷᠢᠶᠠᠴᠢᠳ ᠤᠨ ᠠᠰᠢᠭ ᠲᠤᠰᠠ ᠪᠠ ᠬᠡᠷᠡᠭᠴᠡᠭᠡ ᠳᠤ ᠨᠡᠶᠢᠴᠡᠭᠦᠯᠬᠦ ᠶᠢ ᠦᠨᠡᠨᠬᠦ ᠪᠠᠲᠤᠯᠠᠵᠤ᠂ ᠲᠣᠰᠬᠤᠨ ᠤ ᠠᠷᠠᠳ ᠤᠨ ᠠᠶᠢᠯ ᠲᠣᠰᠬᠤᠨ ᠤ ᠲᠥᠯᠥᠪᠵᠢᠭᠦᠯᠭᠡ ᠶᠢᠨ ᠠᠵᠢᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠂ ᠣᠯᠠᠨ ᠤ ᠤᠬᠠᠭᠠᠨ ᠬᠠᠮᠲᠤ ᠶᠢᠨ ᠬᠦᠴᠦ ᠪᠠᠷ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠥᠷᠨᠢᠭᠦᠯᠬᠦ ᠰᠠᠶᠢᠨ ᠰᠠᠶᠢᠬᠠᠨ ᠣᠷᠴᠢᠨ ᠠᠬᠤᠶ ᠶᠢ ᠢᠳᠡᠪᠬᠢᠲᠡᠶ ᠪᠠᠷ ᠪᠣᠶ ᠪᠣᠯᠭᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠵᠢᠷᠤᠭ ᠲᠥᠰᠦᠪ ᠢ ᠰᠠᠶᠢᠲᠤᠷ ᠵᠢᠷᠤᠭᠯᠠᠵᠤ ᠦᠭᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号