ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠶᠢᠨ ᠳᠣᠰᠠᠳᠠ ᠮᠠᠨ ᠤ ᠠᠶᠢᠮᠠᠭ 1000 ᠲᠦᠮᠡᠨ ᠲᠥᠭᠦᠷᠢᠭ ᠤᠨ ᠪᠡᠯᠡ ᠮᠥᠩᠭᠦ ᠶᠢ ᠴᠢᠷᠮᠠᠶᠢᠨ ᠣᠯᠪᠠ
ᠨᠡᠶᠢᠲᠡᠯᠡᠭᠰᠡᠨ ᠴᠠᠭ᠄
2021/7/29
      ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠵᠤ᠂ ᠮᠠᠨ ᠤ ᠠᠶᠢᠮᠠᠭ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ 2021 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠨᠥᠬᠦᠪᠥᠷᠢ ᠪᠠᠯᠠ ᠮᠥᠩᠭᠦ ᠶᠢ 1000 ᠲᠦᠮᠡᠨ ᠲᠥᠭᠦᠷᠢᠭ ᠢ ᠴᠢᠷᠮᠠᠶᠢᠨ ᠣᠯᠪᠠ᠃ ᠡᠭᠦᠨ ᠳᠤ᠄ ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠠᠯᠠ ᠮᠥᠩᠭᠦ 200 ᠲᠦᠮᠡᠨ ᠲᠥᠭᠦᠷᠢᠭ  ᠦᠭᠴᠦ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠨ᠎ᠡ︔ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠳᠤ 100 ᠲᠦᠮᠡᠨ ᠲᠥᠭᠦᠷᠢᠭ ᠤᠨ ᠪᠠᠯᠠ ᠮᠥᠩᠭᠦ ᠦᠭᠴᠦ᠂ ᠵᠢᠭᠠᠨ ᠰᠤᠷᠭᠠᠯᠲᠠ ᠶᠢᠨ ᠨᠢᠭᠡ ᠴᠣᠭᠴᠠᠵᠢᠭᠤᠯᠣᠭᠰᠠᠨ ᠮᠠᠰᠢᠨ ᠢ ᠬᠤᠳᠠᠯᠳᠤᠨ ᠠᠪᠬᠤ ᠳᠤ ᠬᠡᠷᠡᠭᠯᠡᠨ᠎ᠡ︔ ᠠᠯᠠᠱᠠ ᠵᠡᠭᠦᠨ ᠬᠤᠰᠢᠭᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠡᠯᠡ ᠮᠥᠩᠭᠦ 300 ᠲᠦᠮᠡᠨ ᠲᠥᠭᠦᠷᠢᠭ ᠦᠭᠴᠦ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠨ᠎ᠡ︔ ᠠᠯᠠᠱᠠ ᠪᠠᠷᠠᠭᠤᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠡᠯᠡ ᠮᠥᠩᠭᠦ 300 ᠲᠦᠮᠡᠨ ᠲᠥᠭᠦᠷᠢᠭ ᠦᠭᠴᠦ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠨ᠎ᠡ︔ ᠡᠵᠡᠨ᠎ᠡ ᠬᠤᠰᠢᠭᠤᠨ ᠤ ᠳᠤᠮᠳᠠᠳᠤ ᠰᠤᠷᠭᠠᠭᠤᠯᠢ ᠳᠤ 100 ᠲᠦᠮᠡᠨ ᠲᠥᠭᠦᠷᠢᠭ ᠦᠭᠴᠦ᠂ ᠣᠶᠣᠨᠴᠢ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ᠣᠳᠣᠬᠠᠨ ᠳᠤ ᠲᠥᠷᠥᠯ ᠵᠦᠢᠯ ᠤᠨ ᠪᠠᠯᠠ ᠮᠥᠩᠭᠦ ᠶᠢ ᠪᠦᠬᠦᠨ ᠢ ᠪᠠᠭᠤᠯᠭᠠᠪᠠ᠃       ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠪᠡᠯᠡ ᠮᠥᠩᠭᠦ ᠶᠢᠨ ᠣᠷᠣᠭᠤᠯᠤᠯᠲᠠ ᠶᠢ  ᠨᠡᠮᠡᠭᠳᠡᠬᠦᠯᠦᠭᠰᠡᠨ ᠨᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠣᠷᠴᠢᠨ ᠲᠣᠭᠤᠷᠢᠨ ᠢ ᠳᠡᠭᠡᠭᠰᠢᠯᠡᠭᠦᠯᠬᠦ ᠪᠠ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠬᠤᠯᠠ ᠪᠠᠲᠤᠯᠠᠭ᠎ᠠ ᠶᠢᠨ ᠦᠢᠯᠡᠳᠦᠯ ᠦᠵᠡᠬᠦᠯᠬᠦ ᠶᠣᠮ᠃ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠲᠥᠷᠥᠯ ᠵᠦᠢᠯ ᠢ ᠬᠡᠷᠡᠭᠵᠢᠬᠦᠯᠬᠦ ᠨᠢᠭᠡᠴᠡ ᠶᠢ ᠰᠢᠮᠳᠠᠭᠤᠯᠵᠤ ᠪᠠᠶᠢᠭᠠᠳ ᠪᠠᠯᠠ ᠣᠷᠣᠭᠤᠯᠤᠯᠲᠠ ᠶᠢᠨ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠲᠦᠷᠭᠡᠳᠬᠡᠵᠦ᠂ ᠲᠥᠷᠥᠯ ᠵᠦᠢᠯ ᠤᠨ ᠬᠠᠮᠢᠶᠠᠷᠤᠯᠲᠠ ᠪᠠ ᠪᠠᠯᠠ ᠮᠥᠩᠭᠦ ᠶᠢᠨ ᠬᠢᠨᠠᠠ ᠬᠠᠮᠢᠶᠠᠷᠤᠯᠲᠠ ᠶᠢ ᠴᠢᠩᠭᠠᠳᠬᠠᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠲᠤᠰᠬᠠᠶ ᠪᠠᠯᠠ ᠮᠥᠩᠭᠦ ᠢ ᠲᠤᠰᠬᠠᠶ ᠬᠡᠷᠡᠭᠯᠡᠬᠦ ᠶᠢ ᠦᠨᠡᠨᠬᠦ ᠪᠠᠳᠣᠯᠠᠬᠤ ᠪᠣᠯᠣᠨ᠎ᠠ᠃
 
ᠢᠷᠡᠯᠲᠡ᠄ ᠠᠯᠠᠱᠠ ᠨᠡᠶᠢᠳᠡᠯᠡᠯ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号