ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠣᠶᠣᠨᠴᠢ ᠬᠤᠲᠠ ᠶᠢ ᠪᠠᠶᠢᠭᠤᠯᠣᠨ᠎ᠠ
ᠨᠡᠶᠢᠲᠡᠯᠡᠭᠰᠡᠨ ᠴᠠᠭ᠄
2021/7/29
      ᠮᠠᠨ ᠤ ᠠᠶᠢᠮᠠᠭ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠬᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠬᠤᠲᠠ ᠶᠢᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠡ ᠬᠡᠷᠡᠭ  ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠣᠶᠤᠨᠴᠢᠯᠠᠭᠰᠠᠨ᠂ ᠮᠡᠳᠡᠭᠡ ᠵᠠᠩᠭᠢᠴᠢᠯᠠᠭᠰᠠᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
      ᠭᠠᠷ ᠤᠲᠠᠰᠤᠨ ᠳᠡᠭᠡᠷ᠎ᠡ ᡁᠢ ᠰᠢᠨ APP ᠶᠢ ᠬᠡᠷᠡᠭᠯᠡᠪᠡᠯ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠠᠵᠢᠯᠲᠠᠨ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠭᠥᠯᠢᠶᠡᠨ ᠠᠪᠴᠤ  ᠰᠢᠢᠳᠪᠦᠷᠢᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠷᠢᠯᠴᠠᠭᠰᠠᠨ ᠤ ᠳᠠᠷᠠᠭ᠎ᠠ᠂ 10 ᠮᠢᠨᠦ᠋ᠲ ᠬᠥᠷᠬᠦ ᠥᠬᠡᠶ ᠪᠠᠷ ᠰᠢᠢᠳᠪᠦᠷᠢᠯᠡᠵᠦ ᠳᠠᠭᠤᠰᠬᠠᠳᠠᠭ᠃ ᠪᠥᠬᠦ ᠶᠠᠪᠤᠴᠠ ᠨᠢ ᠴᠠᠭ ᠲᠤᠬᠠᠶ ᠳᠤᠨᠢ᠂ ᠥᠨᠳᠥᠷ ᠪᠦᠲᠦᠮᠵᠢᠲᠡᠶ ᠪᠠᠶᠢᠵᠦ᠂ ᠠᠰᠠᠭᠤᠳᠠᠯ ᠢ ᠰᠢᠢᠳᠪᠦᠷᠢᠯᠡᠬᠦ ᠡᠯ᠎ᠡ ᠭᠤᠭᠴᠤᠭ᠎ᠠ ᠶᠢ ᠴᠥᠮ ᠭᠠᠷ ᠤᠲᠠᠰᠤᠨ ᠤ ᠵᠥᠭᠡᠯᠡᠨ ᠲᠣᠨᠤᠭ ᠳᠡᠭᠡᠷ᠎ᠡ ᠴᠠᠭ ᠲᠤᠬᠠᠶ ᠳᠤᠨᠢ ᠲᠤᠰᠬᠠᠵᠤ ᠪᠠᠶᠢᠴᠠᠭᠠᠨ ᠦᠵᠡᠵᠦ ᠪᠣᠯᠤᠨ᠎ᠠ᠃
      ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠥᠮ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠬᠡᠨ ᠤ ᠲᠠᠪᠴᠠᠩ ᠠᠴᠠ ᠨᠡᠶᠢᠲᠡᠯᠡᠭᠰᠡᠨ ᠶᠤᠮ᠂ ᠲᠠᠪᠴᠠᠩ ᠨᠢ ᠬᠤᠲᠠ ᠶᠢᠨ ᠶᠠᠪᠤᠳᠠᠯ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠠᠷᠢᠭᠤᠨ ᠴᠡᠪᠡᠷ᠂ ᠴᠡᠴᠡᠷᠯᠢᠭ ᠤᠨ ᠨᠣᠭᠤᠭᠠᠷᠠᠭᠤᠯᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠵᠡᠷᠭᠡ ᠬᠤᠲᠠ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠬᠦᠷᠢᠶ᠎ᠡ ᠪᠠᠷ ᠭᠤᠤᠯᠯᠠᠭᠤᠯᠤᠨ᠂ ᠪᠠᠶᠠᠨᠬᠤᠲᠠ ᠶᠢᠨ ᠣᠲᠣ ᠶᠢᠨ ᠪᠠᠶᠢᠭ᠎ᠠ ᠸᠢᠳᠢᠤ᠋ ᠪᠠᠷ ᠬᠢᠨᠠᠨ ᠡᠵᠡᠮᠳᠡᠬᠦ ᠡᠬᠢ ᠪᠠᠶᠠᠯᠢᠭ᠂ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶᠡᠨ ᠤ ᠡᠬᠢ ᠪᠠᠶᠠᠯᠢᠭ ᠵᠡᠷᠭᠡ ᠮᠡᠳᠡᠭᠡ ᠵᠠᠩᠬᠢᠴᠢᠯᠠᠯᠳᠠ ᠶᠢᠨ ᠡᠬᠢ ᠪᠠᠶᠠᠯᠢᠭ ᠢ ᠬᠦᠢᠴᠡᠳ ᠡᠮᠬᠢᠯᠡᠨ ᠨᠡᠶᠢᠯᠡᠭᠦᠯᠵᠦ᠂ ᠣᠶᠤᠨᠴᠢ ᠬᠤᠲᠠ ᠶᠢᠨ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠠᠶᠢᠮᠠᠭ᠂ ᠠᠯᠠᠱᠠ ᠵᠡᠭᠦᠨ ᠬᠤᠰᠢᠭᠤ ᠬᠤᠶᠠᠷ ᠱᠠᠲᠤᠨ ᠤ ᠨᠢᠭᠡ ᠴᠣᠭᠴᠠᠵᠢᠭᠰᠠᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠬᠡᠨ ᠤ ᠲᠠᠪᠴᠠᠩ ᠪᠣᠯᠤᠨ᠎ᠠ᠃
      ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠬᠡᠨ ᠤ ᠲᠠᠪᠴᠠᠩ ᠨᠢ ︽ᠮᠡᠳᠡᠭᠡ ᠵᠠᠩᠭᠢ ᠴᠤᠭᠯᠠᠭᠤᠯᠬᠤ᠂ ᠬᠡᠷᠡᠭ ᠢ ᠳᠠᠩᠰᠠᠯᠠᠬᠤ᠂ ᠰᠢᠢᠳᠪᠦᠷᠢᠯᠡᠬᠦ ᠪᠠᠷ ᠲᠣᠮᠢᠯᠠᠬᠤ᠂  ᠰᠢᠢᠳᠪᠦᠷᠢᠯᠡᠬᠦ᠂ ᠰᠢᠢᠳᠪᠦᠷᠢᠯᠡᠵᠦ ᠳᠠᠭᠤᠰᠣᠭᠠᠳ ᠬᠠᠷᠢᠭᠤᠯᠳᠠ ᠦᠭᠭᠦ᠂ ᠬᠢᠨᠠᠨ ᠬᠠᠷᠭᠤᠭᠤᠯᠵᠤ ᠬᠡᠷᠡᠭ ᠢ ᠳᠠᠭᠤᠰᠬᠠᠬᠤ᠂ ᠬᠢᠨᠠᠯᠲᠠ ᠲᠠᠯᠪᠢᠵᠤ ᠦᠨᠡᠯᠡᠬᠦ︾ ᠲᠤᠯᠤᠭᠠᠨ ᠠᠯᠬᠤᠮ ᠤᠨ ᠪᠢᠲᠡᠭᠦᠮᠵᠢᠯᠡᠭᠰᠡᠨ ᠶᠠᠪᠤᠴᠠ ᠪᠠᠷ ᠳᠠᠮᠵᠢᠭᠤᠯᠤᠨ ᠬᠤᠲᠠ ᠶᠢᠨ ᠬᠠᠮᠢᠶᠠᠷᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠪᠠᠷ ᠳᠣᠮᠢᠯᠠᠬᠤ ᠪᠠ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠣᠳᠣᠬᠠᠨ ᠳᠤ ᠲᠠᠪᠴᠠᠩ ᠤᠨ ᠨᠡᠶᠢᠲᠡᠯᠡᠭᠰᠡᠨ ᠬᠡᠷᠡᠭ ᠨᠢ ᠭᠤᠤᠯᠳᠠᠭᠤ 12319 ᠪᠠ 12345 ᠶᠢᠨ ᠲᠤᠰᠬᠠᠭᠰᠠᠨ ᠮᠡᠳᠡᠭᠡ ᠵᠠᠩᠭᠢ ᠵᠢᠴᠢ ᠮᠡᠳᠡᠭᠡ ᠵᠠᠩᠭᠢ ᠴᠤᠭᠯᠠᠭᠤᠯᠤᠭᠴᠢ ᠶᠢᠨ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠠᠴᠠ ᠢᠷᠡᠯᠲᠡ ᠲᠠᠢ ᠶᠤᠮ᠃
        ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠦᠢᠯᠡᠴᠢᠯᠡᠬᠡᠨ ᠤ ᠲᠠᠪᠴᠠᠩ ᠢᠶᠠᠷ ᠳᠠᠮᠵᠢᠭᠤᠯᠤᠨ᠂ ᠬᠤᠲᠠ ᠶᠢᠨ ᠨᠠᠷᠢᠯᠢᠬᠵᠢᠭᠤᠯᠤᠭᠰᠠᠨ᠂ ᠤᠶᠤᠨᠴᠢᠯᠠᠭᠰᠠᠨ᠂  ᠳᠦᠷᠢᠮᠵᠢᠬᠦᠯᠦᠭᠰᠡᠨ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ᠂ ᠴᠢᠩᠭ᠎ᠠ ᠨᠢᠮᠪᠠᠶ᠂ ᠨᠠᠷᠢᠯᠢᠭ᠂ ᠥᠨᠳᠥᠷ ᠪᠦᠲᠦᠮᠵᠢᠲᠡᠶ ᠰᠢᠨ᠎ᠡ ᠵᠠᠭᠪᠤᠷ ᠢ ᠪᠣᠶ ᠪᠣᠯᠭᠠᠵᠤ᠂ ᠡᠶ᠎ᠡ ᠵᠣᠬᠢᠴᠠᠯ ᠲᠠᠢ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠂ ᠠᠷᠢᠭᠤᠨ ᠴᠡᠪᠡᠷ ᠪᠥᠭᠡᠳ ᠡᠮᠬᠢ ᠵᠢᠷᠤᠮ ᠲᠠᠢ᠂ ᠢᠯᠡ ᠲᠣᠳᠣ ᠣᠨᠴᠠᠯᠢᠭ ᠲᠠᠢ᠂ ᠣᠷᠴᠢᠨ ᠠᠬᠤᠶ ᠭᠤᠶᠣ ᠰᠠᠶᠢᠬᠠᠨ ᠬᠤᠲᠠ ᠶᠢᠨ ᠣᠷᠣᠰᠢᠨ ᠰᠠᠭᠤᠬᠤ ᠣᠷᠴᠢᠨ ᠨᠥᠬᠦᠴᠡᠯ ᠢ ᠪᠣᠶ ᠪᠣᠯᠭᠠᠨ᠎ᠠ᠃
 
ᠢᠷᠡᠯᠲᠡ᠄ ᠠᠯᠠᠱᠠ ᠶᠢᠨ ᠷᠠᠳᠢᠤ᠋ ᠲᠧᠯᠸᠢᠰ ᠬᠤᠷᠢᠶ᠎ᠠ ᠶᠢᠨ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号