ᠠᠯᠠᠱᠠ ᠠᠶᠢᠮᠠᠭ ︽ᠤᠯᠠᠭᠠᠨᠮᠥ᠋ᠴᠢᠷ +︾ ᠶᠡᠷᠦᠩᠬᠡᠶᠢᠯᠡᠭᠰᠡᠨ ᠦᠢᠯᠡᠴᠢᠯᠡᠭᠡ ᠶᠢ ᠦᠨᠳᠦᠰᠦᠨ  ᠱᠠᠳᠤᠨ ᠳᠤ ᠬᠦᠨᠵᠡᠬᠡᠶᠢᠷᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2021/7/29
      ᠤᠢᠢᠷ᠎ᠠ ᠶᠢᠨ ᠡᠳᠦᠷ ᠤᠳ ᠲᠤ᠂ ᠠᠯᠠᠱᠠ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠤᠬᠠᠭᠤᠯᠬᠤ ᠠᠩᠬᠢ ᠶᠢᠨ ᠬᠢᠨ ᠤᠷᠢᠳ ᠬᠤᠵᠢᠳ ᠠᠯᠠᠱᠠ ᠵᠡᠬᠦᠨ ᠬᠤᠰᠢᠭᠤᠨ ᠤ ᠵᠢᠷᠠᠨᠳᠠᠢ ᠪᠠᠯᠭᠠᠰᠤ᠂ ᠵᠢᠷᠭᠠᠯᠰᠠᠶᠢᠬᠠᠨ ᠪᠠᠯᠭᠠᠰᠤ᠂ ᠪᠠᠶᠠᠨᠨᠢᠷᠤᠭᠤᠨ ᠰᠤᠮᠤ ᠵᠡᠷᠭᠡ ᠭᠠᠵᠠᠷ ᠢᠶᠠᠷ ᠬᠦᠷᠴᠦ᠂ ᠪᠦᠬᠦ ᠣᠷᠣᠨ ᠤ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠬᠦᠨᠵᠡᠬᠡᠶᠢᠷᠡᠬᠦ ᠰᠢᠷᠢᠰ ᠦᠯᠡᠴᠢᠯᠡᠭᠡᠨ ᠤ ᠠᠵᠢᠯᠯᠠᠭ᠎ᠠ ᠶᠢ ᠡᠬᠢᠯᠡᠬᠦᠯᠦᠭᠰᠡᠨ ᠪᠠᠶᠢᠨ᠎ᠠ᠃       ᠮᠠᠨ ᠤ ᠠᠶᠢᠮᠠᠭ 6 ᠰᠠᠷ᠎ᠠ ᠶᠢᠨ 17 ᠤ ᠡᠳᠦᠷ ᠠᠴᠠ ᠡᠬᠢᠯᠡᠨ ᠪᠥᠬᠦ ᠠᠶᠢᠮᠠᠭ ᠤᠨ ᠬᠡᠪᠴᠢᠶᠡᠨ ᠳᠤ        ︽ᠨᠠᠮ ᠢᠶᠠᠨ ᠡᠭᠦᠷᠢᠳᠡ ᠳᠠᠭᠠᠬᠤ︾ 2021 ᠣᠨ ᠤ ᠪᠥᠬᠦ ᠣᠷᠣᠨ ᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠶᠢ ᠡᠬᠢᠯᠡᠬᠦᠯᠵᠦ᠂ ᠨᠢᠭᠡ ᠪᠦᠯᠦᠭ ᠭᠤᠤᠯ ᠰᠡᠳᠦᠪ ᠲᠣᠪᠤᠶᠢᠮ᠎ᠠ᠂ ᠤᠳᠬ᠎ᠠ ᠰᠠᠨᠠᠭ᠎ᠠ ᠭᠦᠨᠵᠡᠭᠡᠶ ᠪᠠ ᠣᠨᠴᠠᠯᠢᠭ ᠢᠯᠡ ᠲᠣᠳᠣ ᠠᠭᠤᠯᠭ᠎ᠠ ᠶᠢ ᠲᠥᠰᠦᠪᠯᠡᠨ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠠᠠᠵᠢᠭᠤᠯᠵᠠᠢ᠃ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠡᠬᠢᠯᠡᠭᠰᠡᠨ ᠠᠴᠠ ᠨᠠᠰᠢ᠂ ᠪᠥᠬᠦ ᠠᠶᠢᠮᠠᠭ ᠤᠨ ᠡᠯ᠎ᠡ ᠤᠯᠠᠭᠠᠨᠮᠥ᠋ᠴᠢᠷ ᠤᠨ ᠬᠢᠨ ᠭᠤᠤᠯ ᠠᠵᠢᠯᠳᠠᠨ ᠢᠶᠠᠨ ᠰᠢᠯᠢᠨ ᠰᠣᠩᠭᠤᠵᠤ᠂ ᠲᠣᠭᠯᠠᠯᠲᠠ ᠪᠠᠨ ᠨᠠᠷᠢᠯᠢᠭ ᠲᠤᠬᠢᠷᠠᠭᠤᠯᠤᠨ᠂ ᠲᠤᠭᠯᠠᠭᠴᠢᠳ ᠤᠨ ︽ᠨᠢᠭᠡ ᠵᠦᠢᠯ ᠳᠤ ᠮᠡᠷᠭᠡᠰᠢᠵᠦ ᠣᠯᠠᠨ ᠴᠢᠳᠠᠪᠤᠷᠢ ᠲᠠᠢ ᠪᠣᠯᠬᠤ︾ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠳᠤ 75 ᠲᠠᠯᠠᠪᠠᠶ ᠲᠣᠭᠯᠠᠯᠲᠠ ᠲᠤᠬᠢᠷᠠᠭᠤᠯᠤᠨ᠂ 1.8 ᠲᠦᠮᠡᠨ ᠬᠥᠮᠦᠨ ᠳᠤ ᠠᠰᠢᠭ ᠬᠦᠷᠲᠡᠭᠡᠪᠡ︔ ︽ᠤᠳᠬ᠎ᠠ ᠤᠷᠠᠯᠢᠭ + ᠤᠬᠠᠭᠤᠯᠤᠨ ᠲᠠᠶᠢᠯᠪᠤᠷᠢᠯᠠᠬᠤ︾ ᠠᠷᠭ᠎ᠠ ᠬᠡᠯᠪᠡᠷᠢ ᠪᠠᠷ᠂ ︽ᠡᠭᠦᠷᠢᠳᠡ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 40 ᠭᠠᠷᠤᠢ ᠲᠠᠯᠠᠪᠤᠷ ᠥᠷᠨᠢᠭᠦᠯᠵᠠᠢ᠃ ᠡᠭᠦᠨ ᠠᠴᠠ ᠭᠠᠳᠠᠨ᠎ᠠ᠂ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠤᠯᠠᠭᠠᠨᠮᠥ᠋ᠴᠢᠷ ᠤᠨ ᠰᠢᠯᠢᠳᠡᠭ ᠭᠡᠰᠢᠭᠦᠳ ᠤᠨ ᠲᠥᠯᠥᠭᠡᠯᠡᠭᠴᠢ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠥᠷᠥᠯ ᠤᠨ ᠲᠥᠯᠥᠭᠡᠯᠡᠭᠴᠢ ᠶᠢ ᠤᠷᠢᠵᠦ ᠪᠠᠶᠢᠭᠠᠳ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠰᠢᠭᠤᠳ ᠨᠡᠪᠲᠡᠷᠡᠭᠦᠯᠭᠡ ᠬᠢᠵᠦ᠂ ᠤᠬᠠᠭᠤᠯᠤᠨ ᠲᠠᠶᠢᠯᠪᠤᠷᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃       ᠲᠣᠭᠯᠠᠯᠲᠠ ᠶᠢᠨ ᠶᠠᠪᠤᠴᠠ ᠳᠤ᠂ ᠪᠦᠬᠦ ᠠᠶᠢᠮᠠᠭ ᠤᠨ ᠤᠯᠠᠭᠠᠨᠮᠦ᠋ᠴᠢᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠤᠯᠠᠨ ᠲᠦᠮᠡᠨ ᠳᠤ 170 ᠭᠠᠷᠤᠢ ᠤᠳᠠᠭᠠᠨ ᠤ ᠤᠳᠬ᠎ᠠ ᠤᠷᠠᠯᠢᠭ ᠤᠨ ᠵᠢᠯᠣᠭᠤᠳᠣᠯᠭ᠎ᠠ᠂ ᠤᠳᠬ᠎ᠠ ᠤᠷᠠᠯᠢᠭ ᠤᠨ ᠪᠣᠯᠪᠠᠰᠤᠷᠠᠯ᠂ ᠠᠮᠢᠳᠤᠷᠠᠯ ᠤᠨ ᠬᠠᠪᠰᠤᠷᠤᠯᠭ᠎ᠠ ᠥᠷᠨᠢᠭᠦᠯᠵᠦ᠂ ︽ᠤᠯᠠᠭᠠᠨᠮᠥ᠋ᠴᠢᠷ +︾ ᠦᠨᠳᠦᠰᠦᠨ ᠱᠠᠲᠤᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠠᠢ᠃ ᠡᠬᠦᠨ ᠠᠴᠠ ᠭᠠᠳᠠᠨ᠎ᠠ᠂ ᠤᠯᠠᠭᠠᠨᠮᠥ᠋ᠴᠢᠷ ᠤᠨ ᠬᠢᠨ ᠪᠠᠳᠠᠶ ᠶᠢᠨ ᠵᠢᠷᠠᠨ᠂ ᠬᠠᠷ᠎ᠠ ᠬᠤᠲᠠ᠂ ᠲᠤᠤᠷᠠᠢ ᠶᠢᠨ ᠤᠢ ᠶᠢᠨ ᠦᠵᠡᠮᠵᠢ ᠶᠢᠨ ᠣᠷᠣᠨ ᠢᠶᠠᠷ ᠬᠦᠨᠵᠡᠬᠡᠶᠢᠷᠡᠵᠦ᠂ ᠤᠷᠠᠨ ᠰᠠᠶᠢᠬᠠᠨ ᠤ ᠲᠣᠭᠯᠠᠯᠲᠠ ᠶᠢ ᠦᠵᠡᠮᠵᠢ ᠶᠢᠨ ᠣᠷᠣᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠤᠨ᠂ ᠦᠵᠡᠮᠵᠢ ᠶᠢᠨ ᠣᠷᠣᠨ ᠤ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠵᠦ᠂ ᠦᠨᠳᠦᠰᠦᠨ ᠱᠠᠲᠤᠨ ᠳᠤ ᠦᠢᠯᠡᠴᠢᠯᠡᠵᠦ ᠪᠠᠶᠢᠭ᠎ᠠ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号