ᠠᠯᠠᠱᠠ ᠠᠶᠢᠮᠠᠭ ︽ᠠᠯᠠᠱᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ︾ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠬᠤ ᠠᠵᠢᠯ ᠤᠨ ᠲᠤᠬᠠᠶ ᠲᠤᠰᠬᠠᠶ  ᠰᠡᠳᠦᠪᠲᠦ ᠲᠠᠶᠢᠯᠤᠮᠵᠢ ᠡᠷᠭᠢᠯᠡᠵᠠᠢ
ᠨᠡᠶᠢᠲᠡᠯᠡᠭᠰᠡᠨ ᠴᠠᠭ᠄
2021/7/29
     7 ᠰᠠᠷ᠎ᠠ ᠶᠢᠨ 27 ᠤ ᠡᠳᠦᠷ᠂ ᠮᠠᠨ ᠤ ᠠᠶᠢᠮᠠᠭ 2021 ᠣᠨ ᠤ ᠨᠠᠢᠮᠠᠳᠤᠭᠠᠷ ᠬᠤᠭᠤᠴᠠᠭᠠᠨ ᠤ         ︽ᠠᠯᠠᠱᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ︾ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠤᠨ ᠲᠤᠬᠠᠢ ᠴᠢᠬᠤᠯᠠ ᠦᠵᠡᠯ ᠰᠠᠨᠠᠭᠠᠨ ᠤ ᠰᠤᠳᠤᠯᠭᠠᠨ ᠤ ᠲᠤᠰᠬᠠᠢ ᠰᠡᠳᠦᠪᠲᠦ ᠲᠠᠶᠢᠯᠤᠮᠵᠢ ᠶᠢ ᠡᠷᠬᠢᠯᠡᠵᠦ᠂ ᠴᠢᠨ ᠶᠠᠨ᠂ ᠵᠠᠩ ᠬᠤ᠋ ᠸᠧᠨ᠂ ᠯᠢᠦ ᠳ᠋ᠧ ᠵᠡᠷᠭᠡ ᠠᠶᠢᠮᠠᠭ ᠤᠨ ᠤᠳᠤᠷᠢᠳᠤᠯᠭ᠎ᠠ ᠲᠠᠶᠢᠯᠤᠮᠵᠢ ᠳᠤ ᠣᠷᠣᠯᠴᠠᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠢᠨ ᠰᠢᠶᠤᠤ ᠷᠦᠢ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃       ᠲᠠᠶᠢᠯᠤᠮᠵᠢ ᠳᠤ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠭᠠᠵᠠᠷ ᠤᠨ ᠤᠤᠯ ᠤᠨ ᠲᠣᠭᠤᠷᠢᠨ ᠪᠠᠶᠢᠴᠠᠭᠠᠭᠴᠢ᠂ ᠪᠦᠬᠦ ᠤᠯᠤᠰ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠤᠤᠯ ᠤᠨ ᠲᠤᠰᠬᠠᠢ ᠲᠤᠰᠢᠶᠠᠯᠳᠦ ᠳᠡᠳ᠋ ᠨᠠᠷᠢᠨ ᠪᠢᠴᠢᠭ ᠤᠨ ᠳᠠᠷᠤᠭ᠎ᠠ᠂ ᠪᠦᠬᠦ ᠤᠯᠤᠰ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠣᠨᠴᠠ ᠤᠷᠢᠭᠰᠠᠨ ᠰᠤᠳᠤᠯᠤᠭᠴᠢ ᠴᠧᠨ ᠳ᠋ᠦᠩ ᠫᠢᠩ ᠢ ᠤᠷᠢᠵᠤ᠂ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠤᠨ ᠲᠤᠬᠠᠢ ᠴᠢᠬᠤᠯᠠ ᠦᠵᠡᠯ ᠰᠠᠨᠠᠭᠠᠨ ᠤ ᠰᠤᠳᠤᠯᠭᠠᠨ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠴᠧᠨ ᠳ᠋ᠦᠩ ᠫᠢᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠠᠴᠠ ᠪᠤᠢ ᠪᠣᠯᠤᠭᠰᠠᠨ ᠴᠠᠭ ᠦᠶ᠎ᠡ ᠶᠢᠨ ᠠᠬᠤᠢ ᠪᠠᠶᠢᠳᠠᠯ᠂ ᠪᠠᠶᠠᠯᠢᠭ ᠠᠭᠤᠯᠤᠭᠳᠠᠬᠤᠨ᠂ ᠢᠯᠡ ᠲᠣᠳᠣ ᠣᠨᠴᠠᠯᠢᠭ ᠪᠠ ᠣᠨᠣᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠵᠢᠴᠢ ᠨᠠᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠵᠡᠷᠭᠡ 5 ᠲᠠᠯ᠎ᠠ ᠪᠠᠷ ᠰᠢᠰᠲ᠋ᠧᠮ ᠲᠠᠢ ᠵᠢᠯᠣᠭᠤᠳᠤᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠳᠣᠣᠱᠯᠠᠭᠤᠯᠬᠤ ᠳᠤ ᠣᠨᠣᠯ ᠤᠨ ᠵᠢᠯᠣᠭᠤᠳᠤᠯᠭ᠎ᠠ ᠪᠠ ᠦᠢᠯᠡᠳᠦᠯᠭᠡ ᠶᠢᠨ ᠰᠡᠩᠬᠡᠷᠡᠭᠦᠯᠦᠯ ᠬᠠᠩᠭᠠᠪᠠ᠃       ᠰᠢᠨ ᠰᠢᠶᠤᠤ ᠷᠦᠢ ᠠᠴᠠ᠂ ᠡᠯ᠎ᠡ ᠬᠤᠰᠢᠭᠤ ᠨᠡᠭᠡᠭᠡᠯᠳᠡ ᠶᠢᠨ ᠤᠷᠤᠨ ᠤ ᠬᠢᠨ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠥᠮᠦᠨ ᠰᠣᠩᠭᠤᠨ ᠬᠡᠷᠡᠭᠯᠡᠬᠦ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠴᠢᠩᠭᠠᠳᠬᠠᠵᠤ᠂ ᠴᠢᠳᠠᠪᠤᠷᠢᠲᠠᠨ ᠤ ᠠᠵᠢᠯ ᠤᠨ ᠤᠯᠤᠰ ᠲᠥᠷᠥ ᠶᠢᠨ ᠵᠢᠯᠣᠭᠤᠳᠤᠮᠵᠢ ᠶᠢ ᠴᠢᠬᠤᠯᠠᠴᠢᠯᠠᠨ᠂ ᠲᠣᠰ ᠪᠡᠶ᠎ᠡ ᠶᠢᠨ ᠪᠠᠶᠢᠭᠤᠯᠤᠯᠲᠠ ᠶᠢᠨ ᠤᠯᠤᠰ ᠲᠥᠷᠥ ᠶᠢᠨ ᠰᠢᠨᠵᠢ ᠴᠢᠨᠠᠷ ᠢ ᠳᠣᠪᠤᠶᠢᠯᠭᠠᠬᠤ ᠬᠡᠷᠡᠭᠲᠡᠶ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠠᠷᠠᠭ᠎ᠠ ᠪᠠᠨ ᠥᠷᠭᠡᠳᠬᠡᠨ᠂ ᠲᠡᠷᠢᠭᠦᠨ ᠤ ᠬᠢ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠨ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠤᠬᠠᠮᠰᠠᠷ᠂ ᠵᠣᠷᠢᠭᠲᠠᠶ ᠪᠠᠷ ᠡᠭᠦᠷᠭᠡᠯᠡᠬᠦ ᠰᠥᠰᠥ ᠵᠣᠷᠢᠭ᠂ ᠡᠭᠦᠷᠭᠡᠯᠡᠵᠦ ᠳᠡᠶᠢᠯᠬᠦ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ᠂ ᠠᠵᠢᠯ ᠳᠤ ᠬᠠᠷᠢᠭᠤᠴᠠᠬᠤ᠂ ᠥᠪᠡᠷ ᠤᠨ ᠪᠡᠶ᠎ᠡ ᠳᠡᠭᠡᠨ ᠬᠠᠷᠢᠭᠤᠴᠠᠬᠤ ᠬᠡᠷᠡᠭᠲᠡᠶ ᠬᠡᠵᠦ ᠱᠠᠭᠠᠷᠳᠠᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号