ᠤᠨᠴᠠᠯᠢᠭᠳᠤ ᠲᠠᠷᠢᠮᠠᠯ ᠤᠨ ᠠᠵᠤ ᠦᠢᠯᠡᠰ ᠨᠢ ᠨᠢᠬᠡᠨᠳᠠ ᠮᠠᠯᠴᠢᠨ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠬᠦ ᠲᠤᠯᠭᠠᠭᠤᠷᠢ ᠠᠵᠦ ᠦᠢᠯᠡᠰ ᠤᠨ ᠨᠢᠬᠡ ᠪᠤᠯᠵᠠᠢ
ᠨᠡᠶᠢᠲᠡᠯᠡᠭᠰᠡᠨ ᠴᠠᠭ᠄
2021/7/30
     ᠤᠢᠢᠷ᠎ᠠ ᠶᠢᠨ ᠡᠳᠦᠷ᠂ ᠰᠤᠷᠪᠤᠯᠵᠢᠯᠠᠭᠴᠢ ᠠᠯᠠᠱᠠ ᠵᠡᠭᠦᠨ ᠬᠤᠰᠢᠭᠤᠨ ᠤ ᠵᠢᠷᠠᠨᠳᠠᠢ ᠪᠠᠯᠭᠠᠰᠤᠨ ᠤ ᠠᠭᠤᠳᠠᠮᠲᠠᠯ᠎ᠠ ᠭᠠᠴᠠᠭᠠᠨ ᠳᠤ ᠬᠦᠷᠬᠦ ᠳᠤ᠂ ᠲᠠᠷᠢᠶᠠᠨ ᠭᠠᠵᠡᠷ ᠲᠤ ᠲᠠᠷᠪᠤᠰ ᠵᠢᠮᠢᠰ ᠪᠤᠯᠪᠠᠰᠤᠷᠠᠵᠦ᠂ ᠲᠠᠷᠢᠶᠠᠴᠢᠳ ᠲᠠᠷᠢᠮᠠᠯ ᠤᠨ ᠪᠦᠲᠦᠬᠡᠭᠳᠡᠬᠦᠨ ᠢᠶᠠᠨ ᠬᠤᠷᠢᠶᠠᠭᠠᠳ ᠶᠠᠭᠠᠷᠠᠨ᠎ᠠ᠃ ︽ᠡᠨᠡ ᠵᠢᠯ ᠨᠡᠶᠢᠲᠡ 5 ᠮᠥ ᠭᠠᠵᠡᠷ ᠲᠤ ᠲᠠᠷᠪᠤᠰ ᠳᠠᠷᠢᠵᠤ᠂ ᠡᠷᠲᠡ ᠶᠢᠨ ᠲᠠᠷᠪᠤᠰ ᠢᠶᠠᠨ ᠨᠢᠭᠡᠨᠲᠡ ᠬᠤᠳᠠᠯᠳᠤᠵᠤ ᠲᠠᠭᠤᠰᠬᠠᠨ᠂ ᠨᠢᠭᠡ ᠮᠥ ᠭᠠᠵᠠᠷ ᠤᠨ ᠴᠡᠪᠡᠷ ᠣᠷᠣᠯᠭ᠎ᠠ 5000 ᠲᠥᠭᠦᠷᠢᠭ ᠲᠤ ᠬᠦᠷᠴᠠᠢ᠃ ᠣᠲᠣ ᠶᠢᠨ ᠬᠤᠷᠢᠶᠠᠵᠦ ᠪᠠᠶᠢᠭ᠎ᠠ ᠲᠠᠷᠪᠤᠰ ᠪᠤᠯ ᠴᠦᠮ ᠳᠤᠮᠳᠠ ᠬᠤᠭᠤᠴᠠᠭᠠᠨ ᠤ ᠲᠠᠷᠪᠤᠰ ᠪᠤᠯᠤᠨ᠎ᠠ᠂ ᠡᠨᠡ ᠵᠢᠯ ᠤᠨ ᠲᠠᠷᠪᠤᠰ ᠤᠨ ᠦᠨ᠎ᠡ ᠬᠠᠩᠰᠢ ᠰᠠᠶᠢᠨ ᠪᠣᠯᠬᠤᠷ ᠪᠢᠳᠡᠨ ᠤ ᠣᠷᠣᠯᠭ᠎ᠠ ᠴᠤ ᠰᠠᠶᠢᠨ᠂ ᠵᠦᠪᠬᠡᠨ ᠲᠠᠷᠪᠤᠰ ᠢᠶᠠᠨ ᠬᠤᠳᠠᠯᠳᠤᠭᠠᠳ ᠪᠠᠷᠤᠭ 3 ᠲᠦᠮᠡᠨ ᠲᠥᠭᠦᠷᠢᠭ ᠤᠨ ᠤᠷᠤᠯᠭ᠎ᠠ ᠲᠠᠢ︾ ᠭᠡᠮᠡᠨ ᠲᠠᠷᠢᠶᠠᠴᠢᠨ ᠴᠠᠢ ᠰᠢᠤ ᠯᠠᠨ ᠪᠠᠶᠠᠷᠳᠠᠶᠢᠬᠠᠨ ᠶᠡᠷᠢᠵᠦ ᠪᠠᠶᠢᠯ᠎ᠠ᠃      ᠠᠯᠠᠱᠠ ᠵᠡᠭᠦᠨ ᠬᠤᠰᠢᠭᠤᠨ ᠤ ᠵᠢᠷᠠᠨᠳᠠᠢ ᠪᠠᠯᠭᠠᠰᠤᠨ ᠤ ᠠᠭᠤᠳᠠᠮᠲᠠᠯ᠎ᠠ ᠭᠠᠴᠠᠭᠠᠨ ᠤ ᠨᠠᠮ ᠤᠨ ᠡᠬᠦᠷ ᠤᠨ ᠱᠦᠵᠢ ᠵᠤᠤ ᠮᠢᠩ ᠪᠢᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠲᠤᠰ ᠭᠠᠴᠠᠭ᠎ᠠ 200 ᠮᠦ ᠭᠠᠵᠡᠷ ᠲᠤ ᠭᠤᠤᠯᠳᠠᠭᠤ ᠡᠯᠡᠰᠦᠨ ᠴᠦᠯ ᠤᠨ 1 ᠨᠣᠮᠧᠷᠲᠤ ᠲᠠᠷᠪᠤᠰ ᠲᠠᠷᠢᠵᠦ᠂ ᠮᠦ ᠪᠦᠷᠢ ᠶᠢᠨ ᠤᠨᠠᠯᠲᠠ ᠨᠢ 6000 ᠵᠢᠩ ᠣᠷᠴᠢᠮ ᠬᠦᠷᠴᠦ ᠪᠤᠢ᠃ ᠴᠠᠬᠠᠷ ᠤᠨ ᠬᠦᠳᠡᠭᠡ ᠶᠢᠨ ᠣᠨᠴᠣᠭᠤᠢ ᠠᠭᠤᠷ ᠠᠮᠢᠰᠬᠤᠯ ᠤᠨ ᠣᠷᠴᠢᠨ ᠨᠦᠬᠦᠴᠠᠯ ᠪᠠ ᠬᠥᠷᠥᠰᠥ ᠰᠢᠷᠣᠢ ᠶᠢᠨ ᠨᠥᠬᠦᠴᠡᠯ ᠨᠢ ᠲᠤᠰ ᠭᠠᠵᠠᠷ ᠤᠨ ᠲᠠᠷᠪᠤᠰ ᠤᠨ ᠥᠪᠡᠷᠮᠢᠴᠡ ᠶᠠᠰᠤ ᠴᠢᠨᠠᠷ ᠢ ᠪᠤᠢ ᠪᠣᠯᠭᠠᠵᠤ᠂ ᠲᠠᠷᠢᠭᠰᠠᠨ ᠲᠠᠷᠪᠤᠰ ᠤᠨ ᠠᠮᠲᠠ ᠨᠢ ᠤᠨᠴᠠ ᠶᠢᠨ ᠰᠠᠶᠢᠨ ᠪᠤᠯᠬᠤᠷ᠂ ᠵᠠᠬ᠎ᠠ ᠲᠡᠯᠬᠡᠬᠦᠷ ᠲᠤ ᠦᠪᠡᠷ ᠤᠨ ᠬᠡᠰᠡᠨ ᠤᠷᠤᠨ ᠪᠠᠶᠢᠷᠢ ᠪᠠᠨ ᠤᠯᠤᠭᠰᠠᠨ ᠪᠠᠶᠢᠨ᠎ᠠ᠃ᠠᠭᠤᠳᠠᠮᠲᠠᠯ᠎ᠠ ᠭᠠᠴᠠᠭ᠎ᠠ ᠪᠣᠯ ᠡᠷᠳᠡᠨᠢ ᠰᠢᠰᠢ᠂ ᠲᠠᠷᠪᠤᠰ ᠵᠡᠷᠬᠡ ᠲᠠᠷᠢᠮᠠᠯ ᠪᠠ ᠬᠠᠰᠢᠶᠠᠯᠠᠨ ᠲᠡᠵᠢᠭᠡᠬᠦ ᠪᠠᠷ ᠭᠤᠤᠯ ᠪᠣᠯᠭᠠᠭᠰᠠᠨ ᠲᠠᠷᠢᠶᠠᠯᠠᠬᠤ ᠭᠠᠴᠠᠭ᠎ᠠ ᠪᠣᠯᠤᠨ᠎ᠠ᠃ ᠣᠶᠢᠷ᠎ᠠ ᠶᠢᠨ ᠵᠢᠯ ᠳᠤ᠂ ᠲᠣᠰ ᠭᠠᠴᠠᠭ᠎ᠠ ᠠᠭᠤᠷ ᠠᠮᠢᠰᠬᠤᠯ᠂ ᠭᠠᠵᠠᠷ ᠤᠨ ᠪᠠᠶᠢᠴᠠ ᠪᠠ ᠮᠡᠷᠭᠡᠵᠢᠯ ᠤᠨ ᠬᠠᠮᠢᠶᠠᠷᠤᠯᠲᠠ ᠶᠢᠨ ᠳᠠᠪᠠᠭᠤᠯᠢᠭ ᠢᠶᠠᠨ ᠭᠦᠢᠴᠡᠳ  ᠠᠰᠢᠭᠯᠠᠨ᠂ ᠲᠠᠷᠢᠶᠠᠴᠢᠨ ᠡᠷᠦᠬᠡ ᠶᠢᠨ ᠲᠠᠷᠢᠮᠠᠯ ᠤᠨ ᠦᠢᠯᠡᠰ ᠤᠨ ᠪᠦᠲᠦᠴᠡ ᠪᠠᠨ ᠲᠣᠬᠢᠷᠠᠭᠤᠯᠬᠤ ᠶᠢ ᠢᠳᠡᠪᠬᠢᠲᠡᠶ ᠵᠣᠷᠢᠭᠵᠢᠭᠤᠯᠵᠤ᠂ ᠤᠨᠴᠠᠯᠢᠬᠳᠤ ᠲᠠᠷᠢᠮᠠᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠂ ᠲᠠᠷᠢᠶᠠᠴᠢᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠪᠦᠲᠦᠮᠵᠢᠲᠡᠶ ᠥᠷᠭᠡᠳᠬᠡᠵᠦ᠂ ᠲᠠᠷᠪᠤᠰ᠂ ᠡᠷᠳᠡᠨᠢ ᠰᠢᠰᠢ ᠵᠡᠷᠬᠡ ᠤᠷᠤᠨ ᠨᠤᠳᠤᠭ ᠤᠨ ᠲᠠᠷᠢᠮᠠᠯ ᠨᠢ ᠲᠣᠰ ᠭᠠᠵᠠᠷ ᠤᠨ ᠲᠠᠷᠢᠶᠠᠴᠢᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠪᠣᠯᠵᠠᠶ᠃       ᠴᠠᠶ ᠰᠢᠤ ᠯᠠᠨ ᠰᠤᠷᠪᠤᠯᠵᠢᠯᠠᠭᠴᠢ ᠶᠢ ᠦᠪᠡᠷ ᠤᠨ ᠡᠷᠳᠡᠨᠢ ᠰᠢᠰᠢ ᠶᠢᠨ ᠲᠠᠷᠢᠶᠠᠨ ᠳᠠᠭᠠᠨ ᠲᠠᠭᠠᠭᠤᠯᠵᠦ ᠬᠦᠷᠦᠭᠰᠡᠨ ᠢᠶᠠᠨ᠂ ︽ᠨᠢᠳᠤᠨᠤᠨ ᠤ ᠡᠷᠳᠡᠨᠢ ᠰᠢᠰᠢ ᠶᠢᠨ ᠦᠨ᠎ᠡ ᠬᠠᠩᠰᠢ ᠰᠠᠶᠢᠨ᠂ ᠵᠢᠩ ᠪᠦᠷᠢ ᠳᠡᠭᠡᠨ 1.5 ᠲᠥᠭᠦᠷᠢᠭ ᠲᠤ ᠬᠦᠷᠴᠠᠢ᠂ ᠡᠨᠡ ᠵᠢᠯ ᠪᠠᠰᠠ 70 ᠮᠥ ᠭᠠᠵᠡᠷ ᠲᠤ ᠡᠷᠳᠡᠨᠢ ᠰᠢᠰᠢ ᠳᠠᠷᠢᠪᠠ᠂ ᠬᠡᠳᠦ᠋ᠢᠪᠡᠷ ᠵᠢᠯ ᠪᠦᠷᠢ ᠶᠢᠨ  ᠡᠷᠳᠡᠨᠢ ᠰᠢᠰᠢ ᠶᠢᠨ ᠦᠨ᠎ᠡ ᠬᠠᠨᠭ᠍ᠰᠢ ᠲᠤᠭᠳᠠᠪᠤᠷᠢᠳᠡᠢ ᠪᠢᠰᠢ ᠪᠤᠯᠪᠠᠴᠦ᠂ ᠡᠨᠡ ᠵᠢᠯ ᠤᠨ ᠡᠷᠳᠡᠨᠢ ᠰᠢᠰᠢ ᠶᠢᠨ ᠦᠨ᠎ᠡ ᠬᠠᠩᠰᠢ ᠣᠨᠴᠣᠭᠤᠢ ᠶᠡᠭᠡ ᠬᠤᠪᠢᠷᠠᠯᠳᠠ ᠦᠬᠡᠢ᠂ ᠲᠠᠷᠪᠤᠰ ᠵᠡᠷᠬᠡ ᠪᠤᠰᠤᠳ ᠲᠦᠷᠦᠯ ᠤᠨ ᠲᠠᠷᠢᠮᠠᠯ ᠤᠨ ᠪᠦᠲᠦᠬᠡᠭᠳᠡᠬᠦᠨ ᠤ ᠤᠷᠤᠯᠭ᠎ᠠ ᠪᠠᠨ ᠨᠡᠮᠡᠪᠠᠯ ᠡᠨᠡ ᠵᠢᠯ ᠤᠨ ᠤᠷᠤᠯᠭ᠎ᠠ ᠦᠡᠭᠬᠡᠷᠡᠬᠦ ᠵᠢᠯ ᠠᠴᠠ ᠪᠠᠨ ᠨᠡᠮᠡᠭᠳᠡᠬᠦ ᠬᠠᠨᠳᠤᠰᠢ ᠲᠠᠢ︾ ᠭᠡᠵᠦ ᠪᠠᠶᠢᠪᠠ᠃       ᠡᠨᠡ ᠵᠢᠯ᠂ ᠠᠯᠠᠱᠠ ᠵᠡᠭᠦᠨ ᠬᠤᠰᠢᠭᠤᠨ ᠤ ᠵᠢᠷᠠᠨᠳᠠᠢ ᠪᠠᠯᠭᠠᠰᠤᠨ ᠤ ᠴᠠᠬᠠᠷ ᠤᠨ ᠬᠦᠳᠡᠭᠡ ᠶᠢᠨ ᠲᠠᠷᠢᠮᠠᠯ ᠤᠨ ᠶᠡᠷᠦᠩᠬᠡᠢ ᠲᠠᠯᠠᠪᠠᠢ 32894 ᠮᠦ ᠳᠤ ᠬᠦᠷᠴᠦ᠂ ᠡᠷᠳᠡᠨᠢ ᠰᠢᠰᠢ᠂ ᠨᠡᠷᠡᠨ ᠬᠤᠸᠠᠷ᠂ ᠲᠠᠷᠪᠤᠰ᠂ ᠪᠠᠯᠲᠦ ᠬᠡᠮᠬᠡ ᠵᠡᠷᠭᠡ ᠲᠠᠷᠢᠮᠠᠯ ᠢᠶᠠᠷ ᠭᠤᠣᠯᠯᠠᠵᠤ᠂ ᠡᠭᠦᠨ ᠳᠤ ᠡᠷᠳᠡᠨᠢ ᠰᠢᠰᠢ 26883.6 ᠮᠦ᠂ ᠲᠠᠷᠪᠤᠰ 1131.7 ᠮᠦ᠂ ᠪᠠᠯᠲᠦ ᠬᠡᠮᠬᠡ 4108 ᠮᠦ᠂ ᠨᠡᠷᠡᠨ ᠬᠤᠸᠠᠷ 1995.5 ᠮᠦ᠂ ᠪᠤᠰᠤᠳ ᠲᠦᠷᠦᠯ ᠤᠨ ᠲᠠᠷᠢᠮᠠᠯ 533 ᠮᠦ ᠳᠤ ᠬᠦᠷᠴᠦ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号