ᠯᠢ ᠵᠦᠩ ᠽᠸᠡᠭ ᠡᠵᠡᠨ᠎ᠡ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠨᠢᠭᠡᠨ ᠪᠠᠷᠢᠭᠠᠳᠠ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2021/7/30
       ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 28 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠡᠵᠡᠨ᠎ᠡ ᠬᠤᠰᠢᠭᠤᠨ ᠳᠤ ᠬᠦᠷᠴᠦ ︽8 · 1︾ ᠤ ᠪᠡᠶᠡᠷ ᠠᠴᠠ ᠡᠮᠦᠨᠡᠬᠢ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠤᠨ᠂ ᠡᠵᠡᠨ᠎ᠡ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠨᠢᠭᠡᠨ ᠪᠠᠷᠢᠭᠠᠳᠠ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠡᠷᠬᠢᠮ ᠳᠡᠭᠡᠳᠦ ᠬᠦᠨᠳᠦᠳᠬᠡᠯ ᠪᠠ ᠪᠠᠶᠠᠷ ᠤᠨ ᠡᠳᠦᠷ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃
       ᠯᠢ ᠵᠦᠩ ᠽᠧᠩ ᠠᠴᠠ᠂ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠤᠯᠤᠰ ᠤᠨ ᠪᠠᠲᠤᠯᠠᠨ ᠬᠠᠮᠠᠭᠠᠯᠠᠯᠲᠠ ᠳᠤ ᠠᠮᠢ ᠪᠡᠶ᠎ᠡ ᠪᠠᠨ ᠵᠣᠷᠢᠭᠤᠯᠵᠤ᠂ ᠲᠠ ᠨᠡᠷ ᠤᠨ ᠰᠢᠷᠭᠠᠭᠤ ᠬᠠᠳᠠᠭᠤᠵᠢᠯᠳᠡᠢ ᠴᠢᠷᠮᠠᠶᠢᠯᠭ᠎ᠠ ᠪᠠᠷ ᠬᠢᠯᠢ ᠬᠢᠵᠠᠭᠠᠷ ᠤᠨ ᠠᠮᠦᠷ ᠲᠤᠭᠳᠠᠭᠤᠨ᠂ ᠤᠯᠤᠰ ᠤᠷᠤᠨ ᠤ ᠡᠩᠬᠡ ᠲᠠᠶᠢᠪᠤᠩ᠂ ᠠᠷᠠᠳ ᠲᠦᠮᠡᠨ ᠤ ᠠᠮᠤᠷ ᠠᠮᠤᠭᠤᠯᠠᠩ ᠢ ᠰᠣᠯᠢᠨ ᠠᠪᠴᠢᠷᠠᠵᠦ᠂ ᠰᠢᠨ᠎ᠡ ᠴᠠᠭ ᠦᠶ᠎ᠡ ᠶᠢᠨ ᠬᠠᠮᠤᠭ ᠤᠨ ᠬᠠᠶᠢᠷᠠᠲᠠᠢ ᠬᠥᠮᠦᠨ ᠭᠡᠬᠦ ᠨᠡᠷ᠎ᠡ ᠨᠢᠳᠡᠷ ᠲᠡᠭᠡᠨ ᠨᠡᠶᠢᠴᠡᠭᠰᠡᠨ ᠶᠤᠮ᠃ ᠣᠷᠳᠣ ᠬᠤᠭᠤᠴᠠᠭᠠᠨ ᠤ ᠲᠤᠷᠰᠢ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠵᠢᠴᠢ ᠥᠷᠭᠡᠨ ᠣᠯᠠᠨ ᠳᠠᠷᠤᠭ᠎ᠠ ᠪᠠᠶᠢᠯᠳᠤᠭᠴᠢᠳ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠶᠡᠭᠡ ᠪᠠᠷ ᠳᠡᠮᠵᠢᠵᠦ᠂ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠢᠷᠠᠭᠤ ᠠᠯᠳᠠᠷᠲᠤ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠴᠡᠷᠢᠭ ᠠᠷᠠᠳ ᠨᠢᠭᠡ ᠬᠡᠷ ᠤᠨ ᠬᠥᠮᠦᠨ ᠮᠡᠲᠦ ᠳᠣᠲᠣᠨᠣ ᠭᠦᠨ ᠵᠤᠵᠠᠭᠠᠨ ᠨᠥᠬᠦᠷᠯᠡᠯ ᠢ ᠪᠠᠶᠢᠭᠤᠯᠪᠠ᠃ ᠬᠤᠶᠢᠰᠢᠳᠠ᠂ ᠪᠢᠳᠡ ᠬᠤᠪᠢᠰᠬᠠᠯ ᠤᠨ ᠠᠮᠢᠨ ᠰᠤᠳᠠᠰᠤ ᠪᠠᠨ ᠦᠷᠭᠦᠯᠵᠢᠯᠡᠭᠦᠯᠵᠦ᠂ ᠲᠠᠶᠢᠴᠢᠨ ᠨᠥᠬᠦᠷᠯᠡᠯ ᠢᠶᠠᠨ ᠭᠦᠨᠵᠡᠭᠡᠶᠢᠷᠡᠭᠦᠯᠤᠨ᠂ ᠴᠡᠷᠢᠭ ᠠᠩᠬᠢ ᠣᠷᠣᠨ ᠨᠤᠲᠤᠭ ᠴᠡᠷᠢᠭ ᠠᠷᠠᠳ ᠤᠨ          ︽ᠰᠡᠳᠬᠢᠯ ᠤᠨ ᠬᠤᠯᠪᠣᠭᠠᠰᠣ︾ ᠶᠢ ᠪᠠᠳᠤ ᠴᠤᠭᠴᠠᠯᠠᠨ᠂ ᠰᠢᠨ᠎ᠡ ᠴᠠᠭ ᠦᠶ᠎ᠡ ᠶᠢᠨ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ᠂ ᠬᠢᠯᠢ ᠬᠢᠵᠠᠭᠠᠷ ᠢᠶᠠᠨ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠰᠢᠨ᠎ᠠ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠶ᠎ᠠ᠃ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠨ ᠴᠡᠷᠢᠭ ᠠᠩᠭᠢ ᠶᠢᠨ ᠪᠠᠶᠢᠭᠤᠯᠤᠯᠲᠠ ᠶᠢ ᠦᠷᠬᠦᠯᠵᠢᠯᠡᠨ ᠲᠡᠮᠵᠢᠵᠤ᠂ ᠴᠡᠷᠢᠭ ᠠᠩᠭᠢ ᠶᠢᠨ ᠬᠥᠭᠵᠢᠯᠲᠡ ᠳᠤ ᠲᠦᠬᠦᠮ ᠨᠥᠬᠦᠴᠡᠯ ᠪᠠ ᠴᠢᠬᠤᠯᠠ ᠪᠦᠬᠦᠢ ᠳᠡᠮᠵᠢᠯᠭᠡ ᠬᠠᠩᠭᠠᠨ᠂ ᠴᠡᠷᠢᠭ ᠠᠩᠬᠢ ᠶᠢᠨ ᠬᠦᠴᠢᠷᠳᠠᠯ ᠢ ᠰᠠᠶᠢᠲᠤᠷ ᠰᠢᠢᠳᠪᠦᠷᠢᠯᠡᠵᠦ ᠦᠭᠬᠦ ᠬᠡᠷᠡᠭᠳᠡᠢ᠃ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠲᠤ ︽8 · 1︾ ᠤ ᠪᠠᠶᠠᠷ ᠤᠨ ᠡᠳᠦᠷ ᠤᠨ ᠮᠠᠨᠳᠤᠴᠢᠯᠡᠯ ᠬᠦᠷᠬᠡᠬᠦ ᠶᠢᠨ ᠬᠠᠮᠲᠦ᠂ ᠬᠡᠷ ᠪᠦᠯᠢ ᠶᠢᠨ ᠬᠢᠨ ᠤ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠶ᠎ᠡ ᠬᠡᠪᠡ᠃
 
ᠢᠷᠡᠯᠲᠡ᠄ ᠠᠯᠠᠱᠠ ᠶᠢᠨ ᠷᠠᠳᠢᠤ᠋ ᠲᠧᠯᠸᠢᠰ ᠬᠤᠷᠢᠶ᠎ᠠ ᠶᠢᠨ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号