ᠪᠦᠬᠦ ᠠᠶᠢᠮᠠᠭ ᠤᠨ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/30
       7 ᠳ᠋ᠤᠭᠠᠷ ᠰᠠᠷ᠎ᠠ ᠶᠢᠨ 29 ᠤ ᠡᠳᠦᠷ᠂ ᠪᠥᠬᠦ ᠠᠶᠢᠮᠠᠭ ᠤᠨ ᠠᠩᠬᠠᠳᠤᠭᠠᠷ ᠤᠳᠠᠭᠠᠨ ᠤ ᠪᠥᠬᠦ ᠤᠯᠤᠰ  ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ ᠴᠢᠶᠠᠩ ᠤᠨ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠮᠠᠨ ᠤ ᠠᠶᠢᠮᠠᠭ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠠᠬᠢᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
      ᠬᠤᠷᠠᠯ ᠠᠴᠠ᠂ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶᠡᠴᠢᠯᠡᠨ ᠳᠤᠷᠠᠳᠤᠭᠰᠠᠨ᠂ ᠪᠡᠶᠡᠴᠢᠯᠡᠨ ᠪᠠᠶᠢᠷᠢᠯᠠᠭᠤᠯᠤᠭᠰᠠᠨ᠂ ᠪᠡᠶᠡᠴᠢᠯᠡᠨ ᠠᠬᠢᠭᠤᠯᠤᠭᠰᠠᠨ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠪᠣᠯᠤᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠠᠩᠬ᠎ᠠ ᠤᠳᠠᠭ᠎ᠠ ᠥᠷᠨᠢᠭᠦᠯᠦᠭᠰᠡᠨ ᠪᠦᠬᠦ ᠤᠯᠤᠰ ᠤᠨ ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ ᠪᠠᠶᠢᠭᠠᠯᠢ ᠶᠢᠨ ᠭᠠᠮᠰᠢᠭ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠪᠠᠶᠢᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠰᠠᠭᠤᠷᠢ ᠴᠢᠨᠠᠷᠲᠠᠢ ᠲᠤᠯᠭᠠᠭᠤᠷᠢᠯᠠᠬᠤ ᠦᠢᠯᠡᠳᠦᠯ ᠲᠠᠢ ᠶᠤᠮ᠃ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠬᠡᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂  ᠳᠣᠯᠭᠠᠮ᠎ᠠ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠨᠠᠷ ᠰᠠᠶᠢᠲᠠᠶ ᠥᠷᠨᠢᠬᠦ ᠶᠢ ᠠᠬᠢᠭᠤᠯᠬᠤ ᠬᠡᠷᠡᠭᠲᠡᠶ ᠭᠡᠪᠡ᠃       ᠬᠤᠷᠠᠯ ᠠᠴᠠ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠥᠷᠨᠢᠭᠦᠯᠬᠦ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠪᠦᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠬᠡᠷᠡᠭᠵᠢᠭᠦᠯᠬᠦ ᠬᠡᠷᠡᠭᠲᠡᠢ᠃ ᠨᠡᠶᠢᠲᠡᠯᠢᠭ ᠴᠢᠨᠠᠷᠲᠠᠶ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠵᠦᠶ ᠵᠣᠬᠢᠰᠲᠠᠶ ᠲᠣᠬᠢᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠳᠡᠭᠡᠳᠦ ᠳᠤᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠣᠯᠠᠨ ᠠᠵᠢᠯ ᠲᠥᠷᠥᠯ ᠢ ᠵᠡᠷᠭᠡ ᠪᠠᠷ ᠠᠬᠢᠭᠤᠯᠤᠨ᠂ ᠴᠠᠭ ᠢ ᠠᠮᠵᠢᠨ ᠠᠳᠬᠤᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠤᠷᠢᠳᠴᠢᠯᠠᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠨᠡᠶᠢᠳᠡᠮ ᠪᠠᠶᠢᠴᠠᠭᠠᠬᠤ ᠶᠢᠨ ᠳᠠᠭᠠᠤ ᠭᠡᠷᠡᠭᠯᠡᠵᠦ᠂ ᠬᠡᠷᠡᠭᠯᠡᠬᠦ ᠶᠢᠨ ᠳᠠᠭᠠᠤ ᠦᠷ᠎ᠡ ᠪᠦᠲᠦᠮᠵᠢ ᠤᠯᠬᠤ ᠶᠢ ᠪᠠᠷᠢᠮᠲᠠᠯᠠᠵᠤ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠲᠠᠢ ᠤᠶᠠᠯᠳᠤᠭᠤᠯᠵᠤ᠂ ᠠᠮᠤᠷ ᠲᠦᠪᠰᠢᠨ ᠤ ᠬᠡᠮ ᠰᠣᠭᠤᠭ ᠢ ᠴᠢᠷᠮᠠᠶᠢᠨ ᠠᠷᠢᠯᠭᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠪᠦᠬᠦ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠲᠦᠷᠦᠭᠦᠯᠡᠨ ᠬᠢᠬᠦ ᠡᠭᠦᠷᠭᠡ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠣᠷᠢᠵᠢᠭᠤᠯᠵᠦ᠂ ᠬᠠᠷᠢᠯᠴᠠᠨ ᠨᠢᠭᠲᠠ ᠬᠠᠮᠵᠢᠯᠴᠠᠨ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠳᠡᠢ᠃ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠠᠷᠤᠳᠠᠯ ᠢ ᠰᠠᠶᠢᠲᠤᠷ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢ ᠠᠮᠤᠷ ᠲᠦᠪᠰᠢᠨ᠂ ᠥᠨᠳᠥᠷ ᠪᠦᠲᠦᠮᠵᠢᠲᠡᠢ ᠬᠡᠷᠡᠭᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠬᠤᠷᠠᠯ ᠳᠤ᠂ ᠠᠶᠢᠮᠠᠭ ᠤᠨ ᠵᠠᠬᠢᠷᠭ᠎ᠠ ᠪᠣᠯᠤᠨ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠠᠶᠢᠮᠠᠭ ᠤᠨ ᠪᠠᠶᠢᠭᠠᠯᠢ ᠶᠢᠨ ᠭᠠᠮᠰᠢᠭ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠬᠡᠴᠡ ᠶᠢᠨ ᠬᠠᠷᠢᠭᠤᠴᠠᠯᠭᠠᠲᠠᠨ ᠨᠥᠬᠦᠳ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号