ᠠᠯᠠᠱᠠ ᠠᠶᠢᠮᠠᠬ ᠤᠨ ᠳᠥᠷᠪᠡᠳᠦᠭᠡᠷ ᠬᠤᠭᠤᠴᠠᠭᠠᠨ ᠤ ᠲᠡᠭᠦᠯᠳᠡᠷ ᠬᠤᠭᠤᠷ ᠤᠨ ᠤᠷᠤᠯᠳᠤᠭᠠᠨ ᠤ ᠱᠠᠩᠨᠠᠯ ᠤᠯᠭᠤᠬᠤ ᠴᠤᠬᠯᠠᠭᠠᠠ ᠲᠡᠬᠦᠰ ᠠᠮᠵᠢᠯᠳᠠ ᠲᠠᠢ ᠶᠠᠪᠤᠬᠳᠠᠪᠠ
ᠨᠡᠶᠢᠲᠡᠯᠡᠭᠰᠡᠨ ᠴᠠᠭ᠄
2021/7/30
    7 ᠰᠠᠷ᠎ᠠ ᠶᠢᠨ 28 ᠤ ᠥᠳᠡᠰᠢ᠂ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠠᠶᠢᠮᠠᠭ ᠤᠨ ᠰᠣᠶᠣᠯ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ ︽ᠪᠢᠳᠡᠨ ᠤ ᠲᠤᠮᠳᠠᠳᠤ ᠶᠢᠨ ᠬᠥᠰᠡᠯ︾ ᠰᠤᠶᠤᠯ ᠢ ᠲᠥᠮᠡᠡ ᠡᠷᠦᠭᠡ ᠳᠤ ᠬᠥᠷᠳᠡᠭᠡᠬᠦ ᠠᠯᠠᠱᠠ ᠠᠶᠢᠮᠠᠬ ᠤᠨ ᠳᠥᠷᠪᠡᠳᠦᠭᠡᠷ ᠬᠤᠭᠤᠴᠠᠭᠠᠨ ᠤ ᠲᠡᠭᠦᠯᠳᠡᠷ ᠬᠤᠭᠤᠷ ᠤᠨ ᠤᠷᠤᠯᠳᠤᠭᠠᠨ ᠤ ᠱᠠᠩᠨᠠᠯ ᠤᠯᠭᠤᠬᠤ ᠴᠤᠬᠯᠠᠭᠠᠠ ᠠᠯᠳᠠᠨ ᠲᠣᠣᠷᠠᠢ ᠳᠠᠭᠤᠤ ᠬᠥᠭᠵᠢᠮ ᠤᠨ ᠲᠢᠩᠬᠢᠮ ᠳᠤ ᠲᠡᠭᠦᠰ ᠠᠮᠵᠢᠯᠲᠠ ᠲᠠᠢ ᠶᠠᠪᠤᠬᠳᠠᠪᠠ᠃     7 ᠰᠠᠷ᠎ᠠ  ᠶᠢᠨ 27 — 28  ᠤ ᠡᠳᠦᠷ᠂ 4 — 18 ᠨᠠᠰᠤᠨ ᠤ 211 ᠤᠷᠤᠯᠴᠠᠬᠴᠢ ᠭᠤᠶᠤ ᠰᠠᠶᠢᠬᠠᠠ ᠬᠤᠪᠴᠠᠰᠤ ᠵᠠᠰᠠᠯ ᠢᠶᠠᠨ ᠡᠮᠦᠰᠴᠦ᠂ ᠤᠷᠤᠯᠳᠤᠭᠠᠨ  ᠤ ᠲᠠᠯᠠᠪᠤᠷ ᠲᠤ ᠪᠣᠯᠪᠠᠰᠤᠷᠠᠩᠭᠤᠶ ᠤᠷ᠎ᠠ ᠮᠡᠷᠭᠡᠵᠢᠯ  ᠪᠠ ᠭᠦᠨ ᠵᠤᠵᠠᠭᠠᠨ ᠬᠠᠶᠢᠷ᠎ᠠ ᠰᠡᠳᠬᠢᠯᠭᠡ  ᠪᠠᠷ  ᠢᠶᠠᠨ ᠬᠥᠭᠵᠢᠮ ᠤᠨ ᠲᠤᠬᠠᠶ ᠰᠡᠳᠬᠢᠯᠭᠡ ᠪᠠᠨ ᠢᠯᠡᠳᠭᠡᠵᠤ᠂ ᠭᠤᠴᠤ ᠰᠠᠶᠢᠬᠠᠠ ᠬᠥᠭᠵᠢᠮ ᠢᠶᠠᠨ ᠬᠥᠭᠵᠢᠮᠳᠡᠪᠡ᠃ ᠨᠡᠶᠢᠳᠡ 14 ᠭᠡᠤᠭᠡᠳ ᠨᠢᠭᠡᠳᠤᠭᠡᠷ ᠳᠡᠰ ᠲᠤ ᠲᠤᠳᠤᠷᠠᠬᠰᠠᠠ ᠪᠠᠶᠢᠨ᠎ᠠ᠃      ᠣᠶᠢᠯᠠᠭᠠᠭᠰᠠᠨ ᠢᠶᠠᠷ᠂ ᠪᠥᠬᠦ ᠠᠶᠢᠮᠠᠭ ᠤᠨ ᠲᠡᠭᠦᠯᠳᠡᠷ ᠬᠤᠭᠤᠷ ᠤᠨ ᠤᠷᠤᠯᠳᠤᠭᠠᠨ ᠢ ᠨᠢᠭᠡᠨᠲᠡ ᠵᠠᠯᠭᠠᠪᠠᠷ ᠭᠤᠷᠪᠠᠨ ᠬᠤᠭᠤᠴᠠᠭ᠎ᠠ ᠠᠮᠵᠢᠯᠲᠠ ᠲᠠᠢ ᠡᠷᠭᠢᠯᠡᠵᠦ᠂ ᠮᠠᠨ ᠤ ᠠᠶᠢᠮᠠᠭ ᠤᠨ ᠲᠡᠭᠦᠯᠳᠡᠷ ᠬᠤᠭᠤᠷ ᠤᠨ ᠤᠷᠤᠯᠳᠤᠭᠠᠨ ᠤ ᠥᠯᠢᠭᠡᠷ ᠵᠢᠱᠢᠶ᠎ᠡ ᠶᠢ ᠪᠣᠶ ᠪᠣᠯᠭᠠᠬᠤ ᠪᠠᠷ ᠴᠢᠷᠮᠠᠶᠢᠬᠰᠠᠠ ᠪᠠᠶᠢᠨ᠎ᠠ᠃ ᠡᠭᠦᠨ ᠤ ᠬᠠᠮᠲᠤ᠂ ᠤᠷᠤᠯᠳᠤᠭᠠᠨ ᠳᠤ ᠣᠷᠣᠯᠴᠠᠭᠰᠠᠨ ᠪᠢᠴᠢᠬᠠᠨ ᠤᠷᠤᠯᠴᠠᠬᠴᠢ ᠲᠤᠰ ᠤᠳᠠᠭᠠᠨ ᠤ ᠤᠷᠤᠯᠳᠤᠭᠠᠨ ᠢᠶᠠᠷ ᠳᠡᠮᠵᠢᠨ ᠮᠠᠰᠢ ᠰᠠᠶᠢᠨ ᠪᠣᠯᠪᠠᠰᠤᠷᠠᠯ ᠭᠥᠷᠳᠡᠵᠦ᠂ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠬᠤᠵᠢᠮ ᠤᠨ ᠬᠥᠭᠵᠢᠮ ᠰᠤᠷᠬᠤ ᠵᠠᠮ ᠳᠤ ᠨᠡᠩ ᠣᠯᠠᠨ ᠬᠥᠭᠵᠢᠮᠳᠡᠬᠦ ᠤᠷ᠎ᠠ ᠮᠡᠷᠭᠡᠵᠢᠯ ᠪᠠ ᠲᠤᠷᠰᠢᠯᠭ᠎ᠠ ᠬᠤᠷᠠᠮᠳᠤᠭᠤᠯᠤᠬᠰᠠᠠ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号