ᠯᠢ ᠺᠧ ᠴᠢᠶᠠᠩ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ ᠲᠤ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠦᠶᠡᠷ ᠢ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/30
      ᠯᠢ ᠺᠧ ᠴᠢᠶᠠᠩ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ ᠲᠤ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠦᠶᠡᠷ ᠢ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ ᠢ ᠡᠷᠬᠢᠯᠡᠨ ᠬᠤᠷᠠᠯᠳᠤᠭᠤᠯᠬᠤ ᠳᠤ ᠪᠠᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢ ᠴᠢᠩᠭᠠᠷᠠᠭᠤᠯᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ      7 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠤᠯᠤᠰ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠲᠤ ᠸᠢᠳᠢᠣ᠋ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠪᠠ ᠳᠠᠷᠠᠭᠠᠴᠢ ᠶᠢᠨ ᠠᠯᠬᠤᠮ ᠤᠨ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠦᠶᠡᠷ ᠢ ᠰᠡᠷᠭᠡᠶᠢᠯᠡᠬᠦ ᠠᠵᠢᠯ ᠢ ᠰᠤᠳᠤᠯᠪᠠ᠃      ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ ᠤᠨ ᠡᠮᠦᠨ᠎ᠡ ᠠᠴᠠ ᠬᠠᠷᠢᠭᠤ ᠮᠡᠳᠡᠭᠦᠯᠦᠯᠲᠡ ᠬᠢᠪᠡ᠃ ᠯᠢ ᠺᠧ ᠴᠢᠶᠠᠩ ᠾᠧᠨᠠᠨ᠂ ᠡᠾᠧᠪᠸᠢ᠂ ᠵᠢᠶᠠᠩᠰᠦ᠂ ᠵᠧᠵᠢᠶᠠᠩ᠂ ᠠᠨᠾᠦ᠋ᠢ ᠵᠡᠷᠭᠡ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠡᠭᠦᠷᠭᠡ ᠬᠦᠨᠳᠦ ᠮᠤᠵᠢ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠳ ᠲᠠᠢ ᠸᠢᠳᠢᠣ᠋ ᠪᠠᠷ ᠬᠤᠯᠪᠣᠭ᠎ᠠ ᠠᠪᠤᠭᠰᠠᠨ ᠤ ᠬᠠᠮᠲᠤ ᠴᠠᠭ ᠠᠭᠤᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠠᠷᠢᠭᠤᠴᠠᠯᠭᠠᠲᠠᠳ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ᠂ ᠲᠠᠷᠠᠭᠠᠴᠢ ᠶᠢᠨ ᠠᠯᠬᠤᠮ ᠤᠨ ᠠᠷᠭᠠᠴᠠᠭᠠᠬᠤ ᠪᠡᠯᠡᠳᠬᠡᠯ ᠵᠡᠷᠭᠡ ᠶᠢ ᠨᠠᠷᠢᠨ ᠣᠶᠢᠯᠠᠭᠠᠵᠤ᠂ ᠠᠮᠤᠷ ᠲᠦᠪᠰᠢᠨ ᠤ ᠵᠠᠩᠭᠢᠯᠠᠭ᠎ᠠ ᠶᠢ ᠴᠢᠩᠭ᠎ᠠ ᠡᠵᠡᠮᠳᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ ᠭᠡᠵᠦ ᠱᠠᠭᠠᠷᠳᠠᠪᠠ᠃
     ᠯᠢ ᠺᠧ ᠴᠢᠶᠠᠩ ᠬᠡᠯᠡᠬᠦ ᠳᠤ ᠪᠠᠨ᠂ ᠣᠶᠢᠷ᠎ᠠ ᠶᠢᠨ ᠬᠤᠭᠤᠴᠠᠭᠠᠨ ᠳᠤ ᠮᠠᠨ ᠤ ᠤᠯᠤᠰ ᠤᠨ ᠬᠡᠰᠡᠭ ᠭᠠᠵᠠᠷ ᠲᠤ ᠲᠦᠢᠯ ᠤᠨ ᠶᠡᠭᠡ ᠪᠣᠷᠣᠭᠠᠨ ᠣᠷᠣᠵᠤ᠂ ᠬᠥᠮᠦᠨ ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠨᠢ ᠬᠥᠮᠦᠰ ᠤᠨ ᠰᠡᠳᠬᠢᠯ ᠢ ᠰᠢᠮᠰᠢᠷᠡᠭᠦᠯᠦᠨ᠎ᠡ᠃ ᠭᠠᠮᠰᠢᠭᠳᠠᠭᠰᠠᠨ ᠣᠷᠣᠨ ᠪᠠ ᠬᠤᠯᠪᠣᠭᠳᠠᠯ ᠪᠦᠬᠦᠢ ᠲᠠᠯ᠎ᠠ ᠶᠢᠨ ᠬᠢᠨ ᠪᠦᠬᠦ ᠬᠦᠴᠦᠨ ᠢᠶᠠᠷ ᠢᠶᠠᠨ ᠠᠶᠤᠯ ᠭᠠᠮᠰᠢᠭ ᠠᠴᠠ ᠠᠪᠤᠷᠠᠨ ᠲᠡᠩᠬᠡᠷᠡᠭᠦᠯᠵᠦ᠂ ᠶᠡᠭᠡ ᠬᠡᠮᠵᠢᠶᠡᠨ ᠤ ᠠᠵᠢᠯ ᠬᠢᠵᠡᠶ᠃ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠬᠤ ᠬᠡᠷᠡᠭᠲᠡᠶ᠃ ᠣᠳᠣᠬᠠᠨ ᠳᠤ ᠶᠠᠭ ︽ᠳᠣᠯᠣᠭᠠᠨ ᠰᠠᠷ᠎ᠠ ᠶᠢᠨ ᠰᠡᠭᠦᠯᠴᠢ᠂ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠬᠠᠮᠤᠭ ᠤᠨ ᠵᠠᠩᠭᠢᠯᠠᠭ᠎ᠠ ᠶᠢᠨ ᠱᠠᠲᠤᠨ ᠳᠤ ᠪᠠᠶᠢᠵᠤ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠤᠮᠠᠷᠠᠲᠤ ᠣᠷᠣᠨ ᠤ ᠬᠡᠰᠡᠭ ᠭᠠᠵᠠᠷ ᠣᠷᠣᠨ ᠳᠤ ᠪᠠᠰᠠ ᠲᠤᠶᠢᠯ ᠤᠨ ᠰᠢᠷᠦᠭᠦᠨ ᠠᠭᠠᠳᠠᠷ ᠪᠣᠷᠣᠭᠠᠨ ᠣᠷᠣᠬᠤ ᠪᠣᠯᠣᠯᠴᠠᠭ᠎ᠠ ᠲᠠᠢ᠂ ᠲᠠᠶᠢᠹᠧᠩ ᠰᠠᠯᠬᠢ ᠨᠢ ᠴᠦ ᠲᠡᠯᠡᠶ ᠳᠠᠭᠠᠤ ᠣᠷᠣᠨ ᠳᠤ ᠨᠡᠯᠢᠶᠡᠳ ᠶᠡᠭᠡ ᠨᠥᠯᠥᠭᠡ ᠦᠵᠡᠭᠦᠯᠵᠦ᠂ ᠦᠶᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠬᠡᠴᠡᠭᠦᠤ ᠪᠣᠯᠬᠤᠷ ᠪᠥᠬᠦ ᠲᠠᠯ᠎ᠠ ᠪᠠᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠤᠷᠢᠳᠴᠢᠯᠠᠨ ᠰᠡᠷᠭᠡᠶᠢᠯᠡᠵᠦ᠂ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ ᠭᠡᠵᠡᠢ᠃      ᠯᠢ ᠺᠧ ᠴᠢᠶᠠᠩ ᠵᠢᠭᠠᠬᠤ ᠳᠤ ᠪᠠᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠥᠮᠦᠨ ᠤ ᠠᠮᠢ ᠨᠠᠰᠤ ᠠᠯᠢᠪᠠ ᠠᠴᠠ ᠡᠷᠬᠢᠮ᠂ ᠾᠧᠨᠠᠨ ᠵᠡᠷᠭᠡ ᠭᠠᠮᠰᠢᠭᠳᠠᠭᠰᠠᠨ ᠭᠠᠵᠠᠷ ᠣᠷᠣᠨ ᠤ ᠬᠢᠨ ᠭᠠᠮᠰᠢᠭᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠥᠨᠴᠥᠭ ᠪᠤᠯᠤᠩ ᠦᠯᠡᠳᠡᠭᠡᠬᠦ ᠦᠭᠡᠢ᠂ ᠨᠢᠭᠡ ᠬᠥᠮᠦᠨ ᠢ ᠴᠦ ᠬᠤᠴᠣᠷᠤᠭᠤᠯᠬᠤ ᠦᠭᠡᠢ ᠪᠠᠶᠢᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠵᠢᠭᠠᠬᠠᠨ ᠡᠷᠡᠮᠡᠯᠵᠡᠯ ᠲᠠᠢ ᠯᠡ ᠶᠤᠮ ᠪᠣᠯ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠶ᠃ ᠲᠤᠰᠬᠠᠶ ᠮᠡᠷᠭᠡᠵᠢᠯ ᠤᠨ ᠡᠩᠨᠡᠭᠡ ᠪᠣᠯᠤᠨ ᠪᠡᠯᠡᠳᠬᠡᠮᠵᠢ ᠶᠢ ᠴᠠᠭ ᠲᠤᠬᠠᠶ ᠳᠤ ᠨᠢ ᠲᠣᠬᠢᠷᠠᠭᠤᠯᠵᠤ᠂ ᠨᠡᠶᠢᠭᠡᠮ ᠤᠨ ᠬᠦᠴᠦᠨ ᠢ ᠲᠡᠶᠢᠴᠢᠯᠡᠠ᠂ ᠬᠡᠷᠡᠭᠴᠡᠭᠡ ᠲᠠᠢ ᠭᠠᠵᠠᠷ ᠣᠷᠣᠨ ᠤ ᠭᠠᠮᠰᠢᠭ ᠠᠴᠠ ᠠᠪᠤᠷᠠᠨ ᠲᠡᠩᠬᠡᠷᠡᠭᠦᠯᠬᠦ ᠶᠢ ᠳᠡᠮᠵᠢᠬᠦ ᠬᠡᠷᠡᠭᠲᠡᠢ᠃ ᠠᠪᠤᠷᠠᠨ ᠲᠤᠰᠠᠯᠠᠬᠤ ᠵᠡᠷᠭᠡ ᠮᠡᠳᠡᠭᠡ ᠵᠠᠩᠭᠢ ᠶᠢ ᠦᠨᠡᠨ ᠠᠴᠠ ᠵᠥᠪ ᠢ ᠡᠷᠢᠵᠦ᠂ ᠢᠯᠡ ᠲᠣᠳᠣ ᠨᠡᠶᠢᠲᠡᠯᠡᠬᠦ ᠬᠡᠷᠡᠭᠲᠡᠢ ᠭᠡᠵᠡᠢ᠃
     ᠯᠢ ᠺᠧ ᠴᠢᠶᠠᠩ ᠬᠡᠯᠡᠬᠦ ᠳᠤ ᠪᠠᠨ᠂ ᠭᠤᠣᠯᠳᠠᠯᠭ᠎ᠠ ᠶᠢ ᠲᠤᠪᠤᠶᠢᠯᠭᠠᠵᠦ᠂ ᠪᠠᠭᠤᠷᠠᠢ ᠭᠤᠭᠴᠤᠭ᠎ᠠ ᠶᠢ ᠴᠢᠩᠭᠠᠳᠬᠠᠬᠤ ᠬᠡᠷᠡᠭᠲᠡᠢ᠃ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ ᠪᠠ ᠲᠠᠶᠢᠹᠧᠩ ᠰᠠᠯᠬᠢ ᠶᠢ ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠠᠵᠢᠯ ᠢ ᠨᠢᠭᠲᠠ ᠠᠩᠬᠠᠷᠴᠤ᠂ ᠤᠷᠢᠳᠴᠢᠯᠠᠨ ᠰᠡᠷᠡᠮᠵᠢᠯᠡᠭᠦᠯᠵᠦ ᠴᠤᠤᠷᠢᠶᠠᠳᠤᠨ ᠳᠠᠭᠠᠬᠤ ᠲᠣᠭᠲᠠᠴᠠ ᠶᠢ ᠴᠢᠩᠭᠠᠷᠠᠭᠤᠯᠤᠨ᠂ ᠴᠠᠭ ᠲᠤᠬᠠᠶ ᠳᠤ ᠨᠢ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠶ ᠳᠤ ᠨᠢ ᠲᠤᠰᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠪᠠᠴᠢᠮ ᠪᠠᠶᠢᠳᠠᠯ ᠳᠣᠣᠷ᠎ᠠ᠂ ᠬᠤᠳᠠ ᠶᠢᠨ ᠬᠦᠨᠳᠦ ᠨᠣᠴᠢᠲᠠᠶ ᠳᠣᠲᠣᠭᠠᠳᠤ ᠤᠰᠤᠲᠤᠯ ᠳᠤ ᠴᠢᠭᠯᠡᠭᠦᠯᠦᠨ᠂ ᠤᠯᠠᠨ ᠲᠦᠮᠡᠨ ᠢ ᠴᠠᠭ ᠲᠤᠬᠠᠶ ᠳᠤ  ᠨᠢ ᠵᠣᠬᠢᠶᠠᠨ ᠪᠠᠶᠢᠭᠤᠯᠤᠨ ᠠᠶᠤᠯ ᠠᠴᠠ ᠵᠠᠶᠢᠯᠠᠭᠤᠯᠵᠤ᠂ ᠣᠨᠴᠠᠭᠠᠶ ᠠᠵᠢᠯ ᠲᠦᠷᠦᠯ ᠠᠴᠠ ᠪᠤᠰᠤᠳ ᠬᠦᠮᠦᠰ ᠤᠨ ᠠᠵᠢᠯ ᠢ ᠵᠣᠭᠰᠣᠭᠠᠬᠤ ᠰᠤᠷᠤᠯᠭ᠎ᠠ ᠶᠢ ᠵᠣᠭᠰᠣᠭᠠᠬᠤ ᠶᠢ ᠡᠷᠡᠰ ᠰᠢᠭᠤᠷᠬᠠᠶ ᠪᠠᠷ ᠬᠡᠷᠡᠭᠵᠢᠭᠦᠯᠵᠦ᠂ ᠡᠮᠨᠡᠯᠭᠡ ᠶᠢᠨ ᠬᠤᠷᠢᠶ᠎ᠠ ᠵᠡᠷᠭᠡ ᠴᠢᠬᠤᠯᠠ ᠨᠢᠭᠡᠴᠢ ᠶᠢᠨ ᠴᠠᠬᠢᠯᠭᠠᠨ ᠬᠦᠴᠦ᠂ ᠤᠰᠤᠨ ᠤ ᠬᠠᠩᠭᠠᠯᠭ᠎ᠠ᠂ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠢᠯᠠᠩᠭᠤᠶ᠎ᠠ ᠬᠥᠮᠦᠨ ᠤ ᠤᠷᠤᠰᠬᠠᠯ ᠨᠢᠭᠲᠠᠷᠠᠭᠰᠠᠨ ᠬᠤᠳᠠ ᠶᠢᠨ ᠭᠠᠵᠠᠷ ᠳᠣᠣᠷᠠᠬᠢ ᠲᠡᠮᠤᠷ ᠵᠠᠮ᠂ ᠨᠦᠭᠡᠨ ᠵᠠᠮ᠂ ᠭᠠᠵᠠᠷ ᠳᠣᠣᠷᠠᠬᠢ ᠣᠷᠣᠨ ᠵᠠᠶ ᠵᠡᠷᠭᠡ ᠳᠤ ᠤᠯᠠᠨ ᠲᠦᠮᠡᠨ ᠤ ᠠᠮᠤᠷ ᠲᠦᠪᠰᠢᠨ ᠢ ᠪᠠᠲᠤᠯᠠᠬᠤ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠷᠭ᠎ᠠ ᠬᠢᠳᠡᠯ ᠢ ᠪᠠᠭ᠋ᠠᠨ ᠬᠡᠲᠦᠷᠡᠭᠦᠯᠵᠦ᠂ ᠴᠢᠩᠭ᠎ᠠ ᠪᠠᠶᠢᠯᠭᠠᠵᠤ ᠪᠠᠶᠢᠭᠠᠳ ᠵᠣᠭᠰᠣᠭᠠᠬᠤ ᠶᠣᠰᠣᠲᠠᠶ ᠶᠢ ᠨᠢ ᠵᠣᠭᠰᠣᠭᠠᠵᠤ᠂ ᠪᠢᠲᠡᠭᠦᠮᠵᠢᠯᠡᠬᠦ ᠶᠣᠰᠣᠲᠠᠶ ᠶᠢ ᠨᠢ ᠪᠢᠲᠡᠭᠦᠮᠵᠢᠯᠡᠵᠦ᠂ ᠬᠥᠮᠦᠨ ᠬᠠᠷ᠎ᠠ ᠦᠬᠦᠵᠦ ᠰᠢᠷᠬᠠᠲᠤᠬᠤ ᠠᠴᠠ ᠦᠨᠡᠨ ᠬᠦ ᠵᠠᠶᠢᠯᠠᠰᠬᠢᠬᠦ ᠬᠡᠷᠡᠭᠲᠡᠶ᠃ ᠭᠤᠣᠯᠳᠠᠯᠭ᠎ᠠ ᠲᠠᠢ ᠭᠤᠣᠯ ᠮᠥᠷᠡᠨ᠂ ᠤᠰᠤᠨ ᠴᠥᠭᠦᠷᠥᠮ᠂ ᠳᠠᠯᠠᠩ ᠬᠠᠰᠢᠯᠭ᠎ᠠ᠂ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠨ ᠪᠠ ᠬᠤᠳᠠ ᠶᠢᠨ ᠭᠤᠣᠯᠳᠠᠯᠭ᠎ᠠ ᠲᠠᠢ ᠤᠯᠠᠨ ᠨᠡᠶᠢᠲᠡ ᠶᠢᠨ ᠲᠠᠯᠠᠪᠤᠷ ᠤᠨ ᠤᠰᠤᠲᠤᠯ ᠤᠨ ᠰᠡᠷᠭᠡᠶᠢᠯᠡᠯᠲᠡ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠣᠳᠠᠰ ᠮᠠᠲ᠋ᠧᠷᠢᠶᠠᠯ ᠢ ᠭᠦᠢᠴᠡᠳ ᠪᠡᠯᠡᠳᠬᠡᠵᠦ᠂ ᠲᠦᠭᠰᠢᠭᠦᠷᠢ ᠲᠤᠯᠭᠠᠷᠠᠪᠠᠯ ᠳᠠᠷᠤᠢ ᠳᠤ ᠨᠢ ᠰᠢᠢᠳᠪᠦᠷᠢᠯᠡᠵᠦ᠂ ᠥᠴᠦᠬᠡᠨ ᠴᠦ ᠣᠮᠲᠣᠭᠠᠶᠢᠯᠠᠵᠤ ᠬᠤᠶᠢᠰᠢᠯᠠᠭᠤᠯᠵᠤ ᠪᠣᠯᠬᠤ ᠦᠭᠡᠢ᠃ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃      ᠯᠢ ᠺᠧ ᠴᠢᠶᠠᠩ ᠬᠡᠯᠡᠬᠦ ᠳᠤ ᠪᠠᠨ᠂ ᠠᠳᠡᠭᠰᠡᠳ ᠤᠨ ᠭᠡᠷ ᠪᠦᠯᠢ ᠶᠢᠨ ᠬᠢᠨ ᠢ ᠲᠣᠬᠢᠲᠠᠶ ᠲᠣᠬᠤᠨᠢᠭᠤᠯᠵᠤ᠂ ᠭᠠᠮᠰᠢᠭᠳᠠᠭᠰᠠᠨ ᠣᠯᠠᠨ ᠲᠦᠮᠡᠨ ᠪᠠ ᠠᠶᠤᠯ ᠠᠴᠠ ᠵᠠᠶᠢᠯᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠭᠠᠮᠰᠢᠭᠳᠠᠭᠰᠠᠨ ᠣᠷᠣᠨ ᠤ ᠡᠷᠡᠭᠦᠯ ᠬᠠᠮᠠᠭᠠᠯᠠᠯ ᠪᠠ ᠬᠢᠵᠢᠭ ᠤᠨ ᠰᠡᠷᠭᠡᠶᠢᠯᠡᠯᠲᠡ ᠶᠢ ᠴᠢᠩᠭᠠᠳᠬᠠᠨ᠂ ᠤᠰᠤᠲᠤᠯ ᠢ ᠠᠷᠢᠯᠭᠠᠨ ᠦᠯᠡᠳᠡᠭᠳᠡᠯ ᠢ ᠴᠡᠪᠡᠷᠯᠡᠬᠦ ᠶᠢ ᠲᠦᠷᠭᠡᠳᠬᠡᠵᠦ᠂ ᠤᠰᠤ ᠴᠠᠬᠢᠯᠭᠠᠨ ᠤ ᠬᠠᠩᠭᠠᠯᠭ᠎ᠠ ᠪᠠ ᠵᠠᠮ ᠬᠠᠷᠢᠯᠴᠠᠭ᠎ᠠ ᠮᠡᠳᠡᠭᠡ ᠬᠤᠯᠪᠣᠭ᠎ᠠ ᠵᠡᠷᠭᠡ ᠶᠢ ᠲᠦᠷᠭᠡᠬᠡᠨ ᠰᠡᠷᠭᠦᠭᠡᠬᠦ ᠬᠡᠷᠡᠭᠲᠡᠶ᠃ ᠦᠢᠯᠡᠳᠪᠦᠷᠢᠯᠡᠯ ᠢ ᠰᠡᠷᠭᠦᠭᠡᠬᠦ ᠪᠠ ᠭᠠᠮᠰᠢᠭ ᠤᠨ ᠳᠠᠷᠠᠭ᠎ᠠ ᠲᠠᠬᠢᠨ ᠪᠦᠳᠦᠭᠡᠨ ᠪᠠᠶᠢᠭᠤᠯᠬᠤ ᠠᠵᠢᠯ ᠢ ᠥᠷᠨᠢᠭᠦᠯᠵᠦ᠂ ᠲᠥᠪ ᠤᠨ ᠡᠳ᠋ ᠤᠨ ᠵᠠᠰᠠᠭ ᠤᠨ ᠪᠡᠯᠡᠳᠬᠡᠯ ᠵᠠᠷᠤᠳᠠᠯ ᠢ ᠳᠠᠷᠤᠶ ᠳᠤ ᠨᠢ ᠰᠢᠯᠵᠢᠭᠦᠯᠦᠨ ᠬᠡᠷᠡᠭᠯᠡᠵᠦ᠂ ᠤᠷᠢᠳ ᠢᠶᠠᠷ ᠬᠡᠳᠦᠨ ᠠᠷᠪᠠᠨ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠭᠠᠷᠭᠠᠵᠤ ᠬᠦᠨᠳᠦ ᠨᠣᠴᠢᠲᠠᠶ ᠭᠠᠮᠰᠢᠭᠳᠠᠭᠰᠠᠨ ᠭᠠᠵᠠᠷ ᠣᠷᠣᠨ ᠢ ᠲᠡᠮᠵᠢᠵᠤ᠂ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠭᠰᠠᠨ ᠠᠬᠢᠴᠠ ᠶᠢᠨ ᠶᠣᠰᠣᠭᠠᠷ ᠳᠡᠮᠵᠢᠬᠦ ᠡᠷᠴᠢᠮ ᠢᠶᠠᠨ ᠲᠠᠬᠢᠨ ᠴᠢᠩᠭᠠᠷᠠᠭᠤᠯᠬᠤ ᠬᠡᠷᠡᠭᠲᠡᠢ᠃ ᠣᠷᠣᠨ ᠨᠤᠲᠤᠭ ᠤᠨ ᠬᠢᠨ ᠴᠦ ᠲᠤᠰᠬᠠᠶ ᠪᠡᠯᠡ ᠮᠥᠩᠭᠦ ᠲᠣᠬᠢᠷᠠᠭᠤᠯᠬᠤ ᠬᠡᠷᠡᠭᠲᠡᠶ᠃ ᠡᠭᠦᠨ ᠤ ᠬᠠᠮᠲᠤ ᠨᠡᠶᠢᠭᠡᠮ ᠤᠨ ᠲᠤᠰᠠᠯᠠᠮᠵᠢ ᠶᠢᠨ ᠪᠡᠯᠡ ᠮᠥᠩᠭᠦ ᠶᠢ ᠢᠯᠡ ᠲᠣᠳᠣ ᠰᠠᠶᠢᠲᠤᠷ ᠬᠡᠷᠡᠭᠯᠡᠬᠦ ᠬᠡᠷᠡᠭᠲᠡᠢ ᠭᠡᠵᠡᠢ᠃      ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠡᠯ᠎ᠡ ᠲᠠᠯ᠎ᠠ᠂ ᠡᠯ᠎ᠡ ᠱᠠᠳᠤ ᠳᠠᠪᠬᠤᠷᠭ᠎ᠠ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠬᠤᠪᠢ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠠᠯᠳᠠᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠲᠤᠷᠰᠢᠯᠭ᠎ᠠ ᠰᠤᠷᠭᠠᠮᠵᠢ ᠪᠠᠨ ᠬᠢᠨᠠᠮᠠᠭᠠᠶ ᠳ᠋ᠦᠩᠨᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠠ ᠬᠤᠯᠪᠣᠭᠳᠠᠯ ᠪᠦᠬᠦᠢ ᠳᠦᠷᠢᠮ ᠢ ᠲᠡᠭᠦᠯᠳᠡᠷᠵᠢᠭᠦᠯᠵᠦ᠂ ᠬᠦᠨᠳᠦ ᠶᠡᠭᠡ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠲᠦᠪᠰᠢᠨ ᠠᠮᠤᠭᠤᠯᠠᠩ ᠢ ᠰᠠᠶᠢᠲᠤᠷ ᠰᠠᠬᠢᠨ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠮᠥᠷᠲᠡᠭᠡᠨ ᠡᠷᠡᠭᠦᠯ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠸᠠᠩ ᠶᠦᠩ᠂ ᠰᠢᠶᠤᠤ ᠵᠢᠶᠧ᠂ ᠡᡁᠧ ᠯᠢ ᠹᠧᠩ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号