ᠯᠢ ᠺᠧ ᠴᠢᠶᠠᠩ ᠪᠦᠬᠦ ᠤᠯᠤᠰ ᠤᠨ ᠬᠥᠩᠭᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠲᠧᠯᠸᠢᠰ ᠤᠲᠠᠰᠤᠲᠤ ᠬᠤᠷᠠᠯ ᠳᠤ ᠴᠢᠬᠤᠯᠠ ᠴᠣᠬᠤᠯᠠᠪᠤᠷᠢ ᠥᠭᠪᠡ
ᠨᠡᠶᠢᠲᠡᠯᠡᠭᠰᠡᠨ ᠴᠠᠭ᠄
2021/7/30
     ᠯᠢ ᠺᠧ ᠴᠢᠶᠠᠩ ᠪᠦᠬᠦ ᠤᠯᠤᠰ ᠤᠨ ᠬᠥᠩᠭᠡᠵᠢᠯ ᠤᠨ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠬᠦ ᠲᠧᠯᠸᠢᠰ ᠤᠲᠠᠰᠤᠲᠤ ᠬᠤᠷᠠᠯ ᠳᠤ ᠴᠢᠬᠤᠯᠠ ᠴᠣᠬᠤᠯᠠᠪᠤᠷᠢ ᠥᠭᠴᠦ᠂ ᠣᠯᠠᠨ ᠲᠦᠮᠡᠨ ᠤ ᠬᠥᠩᠭᠡᠵᠢᠯ᠂ ᠪᠣᠶᠢᠵᠢᠭᠤᠯᠤᠯᠲᠠ᠂ ᠬᠦᠮᠦᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ      ᠰᠦᠨ ᠴᠦᠨ ᠯᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ      ᠪᠥᠬᠦ ᠤᠯᠤᠰ ᠤᠨ ᠬᠥᠩᠭᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠲᠧᠯᠸᠢᠰ ᠤᠲᠠᠰᠤᠲᠤ ᠬᠤᠷᠠᠯ 7 ᠳ᠋ᠤᠭᠠᠷ ᠰᠠᠷ᠎ᠠ ᠶᠢᠨ 27 ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ ᠴᠢᠬᠤᠯᠠ ᠴᠣᠬᠤᠯᠠᠪᠤᠷᠢ ᠥᠭᠪᠡ᠃ ᠴᠣᠬᠤᠯᠠᠪᠤᠷᠢ ᠳᠤ ᠪᠠᠨ᠄ ᠬᠥᠮᠦᠨ ᠠᠮᠠ ᠶᠢᠨ ᠠᠰᠠᠭᠤᠳᠠᠯ ᠪᠣᠯ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠳᠤ ᠬᠤᠯᠪᠣᠭᠳᠠᠬᠤ ᠰᠠᠭᠤᠷᠢ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠰᠠᠭᠤᠳᠠᠯ ᠮᠥᠨ᠃ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ ᠪᠥᠷᠢᠳᠦᠭᠦᠯᠦᠨ ᠳᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠤᠯᠤᠰ ᠤᠨ ᠬᠥᠮᠦᠨ ᠠᠮᠠ ᠶᠢᠨ ᠬᠥᠭᠵᠢᠯᠲᠡ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠂ ᠴᠢᠨᠠᠷᠯᠢᠭ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠭᠤᠷᠪᠠᠨ ᠬᠡᠦᠬᠡᠳ ᠠᠪᠬᠤ ᠲᠦᠷᠤ ᠶᠢᠨ ᠪᠤᠳᠤᠯᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠢᠭᠡᠳ ᠬᠥᠩᠭᠡᠵᠢᠯ ᠤᠨ ᠲᠥᠷᠥ ᠶᠢᠨ ᠪᠣᠳᠣᠯᠭ᠎ᠠ ᠶᠢ ᠢᠵᠢ ᠪᠥᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠣᠯᠠᠨ ᠲᠦᠮᠡᠨ ᠤ ᠬᠥᠩᠭᠡᠵᠢᠯ᠂ ᠪᠣᠶᠢᠵᠢᠭᠤᠯᠤᠯᠲᠠ᠂ ᠬᠥᠮᠥᠵᠢᠯ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠶᠢ ᠪᠥᠬᠦ ᠲᠠᠯ᠎ᠠ ᠪᠠᠷ ᠬᠠᠪᠰᠤᠷᠤᠨ ᠲᠡᠳᠬᠦᠬᠦ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠳᠠᠲᠠᠶ ᠬᠡᠷᠡᠭᠵᠢᠭᠦᠯᠬᠦ ᠲᠥᠰᠦᠯ ᠪᠠ ᠢᠵᠢ ᠪᠦᠷᠢᠳᠦᠭᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠡᠨᠡ ᠬᠦ ᠵᠦᠢᠯ ᠤᠨ ᠤᠯᠤᠰ ᠣᠷᠣᠨ ᠪᠠ ᠠᠷᠠᠳ ᠲᠦᠮᠡᠨ ᠳᠤ ᠠᠰᠢᠭᠲᠠᠶ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠬᠤ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠤᠨ ᠬᠥᠮᠦᠨ ᠠᠮᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ ᠪᠦᠷᠢᠳᠦᠭᠦᠯᠦᠨ ᠳᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠬᠥᠩᠭᠡᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠪᠠᠷ ᠲᠤᠯᠭᠠᠭᠤᠷᠢᠯᠠᠯ ᠪᠣᠯᠭᠠᠵᠤ᠂ ᠤᠷᠤᠭᠯᠠᠬᠤ᠂ ᠬᠥᠩᠭᠡᠵᠢᠬᠦ᠂ ᠪᠤᠶᠢᠵᠢᠭᠤᠯᠬᠤ᠂ ᠬᠥᠮᠦᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠬᠤ ᠪᠠᠷ ᠪᠠᠲᠤᠯᠠᠭ᠎ᠠ ᠪᠣᠯᠭᠠᠵᠤ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠨᠥᠯᠥᠭᠡᠯᠡᠬᠦ ᠦᠵᠡᠯ ᠰᠠᠨᠠᠭ᠎ᠠ ᠦᠵᠡᠯᠲᠡ ᠲᠠᠨᠢᠯᠲᠠ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠪᠠᠶᠢᠭᠤᠯᠤᠯ ᠲᠣᠭᠲᠠᠴᠠ ᠶᠢ ᠡᠪᠳᠡᠵᠦ᠂ ᠬᠥᠩᠭᠡᠵᠢᠯ ᠤᠨ ᠲᠥᠷᠥ ᠶᠢᠨ ᠪᠣᠳᠣᠯᠭ᠎ᠠ ᠶᠢ ᠠᠵᠤ ᠠᠬᠤᠶ ᠨᠡᠶᠢᠭᠡᠮ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠲᠠᠢ ᠢᠵᠢᠯᠢ ᠴᠢᠭᠯᠡᠯ ᠢᠶᠠᠷ ᠬᠦᠴᠦᠯᠡᠬᠦ ᠶᠢ ᠠᠬᠢᠭᠤᠯᠤᠨ᠂ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠵᠡᠢ᠃      ᠰᠦᠨ ᠴᠦᠨ ᠯᠠᠨ ᠵᠢᠭᠠᠬᠤ ᠳᠤ ᠪᠠᠨ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠠᠵᠢᠯ ᠢ ᠰᠢᠮᠳᠠᠭᠤᠯᠤᠨ ᠠᠬᠢᠭᠤᠯᠵᠤ᠂ ᠨᠡᠶᠢᠭᠡᠮ ᠤᠨ ᠠᠰᠠᠷᠠᠨ ᠲᠡᠵᠢᠭᠡᠬᠦ ᠵᠠᠷᠤᠳᠠᠯ ᠵᠡᠷᠭᠡ ᠲᠣᠭᠲᠠᠭᠠᠯ ᠢ ᠢᠯᠭᠠᠨ ᠴᠡᠪᠡᠷᠯᠡᠬᠦ ᠪᠠ ᠬᠦᠴᠦᠨ ᠥᠬᠡᠶ ᠪᠣᠯᠭᠠᠵᠤ᠂ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠵᠣᠯᠭᠠᠭᠤᠯᠬᠤ ᠠᠵᠢᠯ ᠢ ᠴᠢᠩᠭᠠᠳᠬᠠᠬᠤ ᠬᠡᠷᠡᠭᠲᠡᠶ᠃ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠂ ᠬᠦᠨᠳᠦ ᠲᠦᠭᠰᠢᠭᠦᠷᠢᠲᠡᠶ ᠵᠢᠷᠮᠦᠰᠦᠨ ᠡᠮᠡᠭᠲᠡᠶ᠂ ᠰᠠᠶ᠋ᠢᠬᠠᠨ ᠲᠥᠷᠥᠭᠰᠡᠨ ᠨᠢᠷᠠᠶ ᠬᠡᠤᠬᠡᠳ ᠢ ᠡᠮᠨᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠲᠥᠯᠥᠪᠵᠢᠭᠦᠯᠭᠡ᠂ ᠭᠠᠵᠠᠷ ᠰᠢᠷᠣᠶ᠂ ᠣᠷᠣᠨ ᠰᠠᠭᠤᠴᠠ᠂ ᠡᠳ᠋ ᠤᠨ ᠵᠠᠰᠠᠭ ᠵᠡᠷᠭᠡ ᠲᠠᠯ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠦᠨ᠂ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠢ ᠵᠡᠷᠭᠡ ᠨᠡᠶᠢᠭᠡᠮ ᠤᠨ ᠬᠦᠴᠦᠨ ᠠᠴᠠ ᠣᠯᠠᠨ ᠬᠡᠯᠪᠡᠷᠢ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ 2025 ᠣᠨ ᠪᠣᠯᠬᠤ ᠳᠤ ᠮᠢᠩᠭᠠᠨ ᠬᠥᠮᠦᠨ ᠪᠦᠷᠢ ᠳᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠤᠭ᠎ᠠ ᠶᠢ 4.5 ᠨᠣᠭᠳᠠᠭᠤᠯᠬᠤ ᠬᠡᠷᠡᠭᠲᠡᠢ᠃ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠵᠠᠷᠤᠳᠠᠯ ᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠳᠤ ᠣᠷᠣᠭᠤᠯᠬᠤ ᠶᠢ ᠰᠤᠳᠤᠯᠤᠨ ᠠᠬᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠯᠲᠡ ᠪᠠ ᠬᠤᠳᠠ ᠬᠥᠳᠡᠭᠡ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠵᠤ᠂ ᠵᠦᠷᠢᠶᠡᠴᠢᠯᠡᠭᠰᠡᠨ ᠲᠦᠷᠢᠶᠡᠰᠦᠯᠡᠯ ᠪᠠ ᠭᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯᠲᠤ ᠲᠦᠷᠦ ᠶᠢᠨ ᠪᠤᠳᠤᠯᠭ᠎ᠠ ᠶᠢ ᠰᠤᠳᠤᠯᠤᠨ ᠬᠡᠷᠡᠭᠵᠢᠭᠦᠯᠵᠦ᠂ ᠬᠥᠩᠭᠡᠵᠢᠯ᠂ ᠪᠣᠶᠢᠵᠢᠭᠤᠯᠤᠯᠲᠠ᠂ ᠬᠥᠮᠥᠵᠢᠯ ᠤᠨ ᠥᠪᠡᠷ ᠤᠨ ᠦᠷᠳᠡᠭ ᠢ ᠪᠠᠭᠤᠷᠠᠭᠤᠯᠬᠤ ᠬᠡᠷᠡᠭᠲᠡᠢ᠃ ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠡᠮᠡᠭᠲᠡᠶᠢᠴᠦᠳ ᠤᠨ ᠬᠥᠩᠭᠡᠵᠢᠯ ᠤᠨ ᠦᠷᠳᠡᠭ ᠢ ᠬᠦᠨᠳᠦᠳᠬᠡᠵᠦ᠂ ᠬᠥᠩᠭᠡᠵᠢᠯ ᠤᠨ ᠠᠮᠠᠷᠠᠯᠲᠠ᠂ ᠬᠦᠬᠦᠬᠦᠯᠬᠦ ᠬᠤᠭᠤᠴᠠᠭᠠᠨ ᠤ ᠠᠮᠠᠷᠠᠯᠲᠠ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠬᠥᠳᠡᠯᠮᠦᠷᠢ ᠪᠠ ᠨᠡᠶᠢᠭᠡᠮ ᠤᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号