ᠨᠠᠮ ᠤᠨ ᠠᠴᠢ ᠶᠢ ᠴᠡᠭᠡᠵᠢᠯᠠᠵᠤ ᠨᠡᠮᠡᠷᠢ ᠬᠠᠨᠳᠢᠪ ᠢᠶᠠᠨ ᠡᠷᠭᠦᠯ᠎ᠠ
ᠨᠡᠶᠢᠲᠡᠯᠡᠭᠰᠡᠨ ᠴᠠᠭ᠄
2021/7/6
ᠵᠢᠷᠤᠬ ᠪᠤᠯ᠂ ᠨᠠᠰᠤᠳᠠᠶᠢᠴᠤᠳ ᠲᠤ ᠴᠢᠰᠤᠨ ᠲᠠᠷᠤᠯᠳᠠ ᠶᠢ ᠨᠢ ᠭᠡᠮᠵᠢᠨ ᠥᠭᠴᠤ ᠪᠠᠶᠢᠨ᠎ᠠ ᠃          ᠤᠢᠢᠷ᠎ᠠ ᠳᠤ᠂ ︽ᠲᠤᠰᠤᠯ ᠲᠠᠯᠠᠢ ᠪᠤᠶᠠᠨ ᠤ ᠥᠢᠯᠡᠰ︾ ᠤᠨ ᠠᠯᠠᠱᠠ ᠳᠠᠬᠢ ᠬᠤᠪᠢᠶᠠᠷᠢ ᠨᠡᠶᠢᠬᠡᠮᠯᠢᠭ ᠨᠢ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠬᠡᠯᠡᠭᠦ ᠲᠠᠰᠢᠷᠠᠮ ᠢᠶᠠᠷ ︽ᠨᠠᠮ ᠤᠨ ᠠᠴᠢ ᠶᠢ ᠴᠠᠬᠡᠵᠢᠯᠡᠵᠤ᠂ ᠨᠡᠮᠡᠷᠢ ᠬᠠᠨᠳᠢᠪ ᠢᠶᠠᠨ ᠡᠷᠭᠦᠭᠦ︾ ᠰᠠᠶᠢᠨ ᠲᠤᠷ᠎ᠠ ᠶᠢᠨ ᠥᠢᠯᠡᠴᠢᠯᠡᠬᠡᠨ ᠤ ᠰᠢᠷᠢᠰ ᠠᠵᠢᠯᠯᠠᠭ᠎ᠠ ᠥᠷᠨᠢᠭᠦᠯᠵᠤ᠂ ᠪᠠᠶᠠᠨᠬᠤᠳᠠ ᠶᠢᠨ ᠬᠤᠳᠠ ᠶᠢᠨ ᠪᠠᠷᠠᠭᠤᠨᠳᠡᠬᠢ ᠨᠠᠰᠤᠳᠠᠶᠢᠴᠤᠳ ᠢ ᠠᠰᠠᠷᠠᠬᠤ ᠬᠥᠷᠢᠶᠡᠯᠡᠩ ᠳᠤ ᠬᠥᠷᠴᠤ ᠨᠠᠰᠤᠳᠠᠶᠢᠴᠤᠤᠯ ᠳᠤ ᠨᠠᠮ ᠪᠠᠶᠢᠭᠤᠯᠤᠭᠳᠠᠭᠰᠠᠨ ᠪᠠᠶᠠᠷ ᠤᠨ ᠡᠳᠤᠷ ᠤᠨ ᠮᠡᠨᠳᠤ ᠬᠥᠷᠬᠡᠨ ᠲᠡᠳᠡᠨᠡᠷ ᠢ ᠪᠤᠯᠭᠤᠭᠠᠨ ᠲᠤᠬᠤᠨᠢᠭᠤᠯᠪᠠ᠃     ︽ᠲᠤᠰᠤᠯ ᠲᠠᠯᠠᠢ ᠪᠤᠶᠠᠨ ᠤ ᠥᠢᠯᠡᠰ︾ ᠤᠨ ᠠᠯᠠᠱᠠ ᠳᠠᠬᠢ ᠬᠤᠪᠢᠶᠠᠷᠢ ᠨᠡᠶᠢᠬᠡᠮᠯᠢᠭ ᠤᠨ ᠬᠢᠨ ᠨᠠᠰᠤᠳᠠᠶᠢᠴᠤᠳ ᠤᠨ ᠬᠥᠷᠢᠶᠡᠯᠡᠩ ᠤᠨ ᠨᠠᠰᠤᠳᠠᠶᠢᠴᠤᠤᠯ ᠳᠤ ᠬᠤᠪᠢ ᠪᠡᠶ᠎ᠡ ᠶᠢᠨ ᠠᠷᠢᠭᠤᠨ ᠴᠡᠪᠡᠷ ᠬᠢᠵᠤ ᠥᠭᠭᠦ᠂ ᠴᠢᠰᠤᠨ ᠲᠠᠷᠤᠯᠳᠠ ᠶᠢ ᠨᠢ ᠪᠠᠶᠢᠴᠠᠭᠠᠬᠤ᠂ ᠢᠯᠢᠵᠤ ᠨᠤᠬᠤᠯᠠᠵᠤ ᠥᠭᠭᠦ᠂ ᠥᠰᠤ ᠬᠡᠵᠢᠬᠡ ᠶᠢ ᠨᠢ ᠵᠠᠰᠠᠬᠤ᠂ ᠤᠷᠴᠢᠨ ᠲᠤᠭᠤᠷᠢᠨ ᠢ ᠴᠡᠪᠡᠷᠯᠡᠭᠦ᠂ ᠲᠤᠬᠤᠨᠢᠭᠤᠯᠭ᠎ᠠ ᠶᠢᠨ ᠲᠤᠭᠯᠠᠯᠳᠠ ᠭᠠᠷᠭᠠᠬᠤ ᠪᠠ ᠲᠤᠬᠤᠨᠢᠭᠤᠯᠭ᠎ᠠ ᠶᠢᠨ ᠪᠤᠳᠠᠰ ᠬᠥᠷᠬᠡᠭᠦ ᠵᠡᠷᠬᠡ ᠠᠭᠤᠯᠭ᠎ᠠ ᠪᠠᠷ ᠶᠠᠪᠤᠭᠳᠠᠵᠤ᠂ ᠬᠠᠶᠢᠷ᠎ᠠ ᠶᠢᠨ ᠬᠠᠨᠳᠢᠪ ᠢᠶᠠᠨ ᠪᠤᠭᠤᠷᠤᠯᠴᠤᠳ ᠲᠤ ᠭᠠᠷᠳᠠᠭᠤᠯᠤᠨ ᠬᠠᠯᠠᠭᠤᠨ ᠰᠡᠳᠬᠢᠯ ᠢᠶᠠᠨ ᠢᠯᠡᠳᠬᠡᠵᠤ᠂ ᠨᠠᠮ ᠪᠠᠶᠢᠭᠤᠯᠤᠭᠳᠠᠭᠰᠠᠨ ᠪᠠᠶᠠᠷ ᠤᠨ ᠡᠳᠤᠷ ᠤᠨ ᠠᠭᠤᠷ ᠠᠮᠢᠰᠬᠤᠯ ᠢ ᠪᠤᠢ ᠪᠤᠯᠭᠠᠵᠤ ᠂ ᠨᠡᠶᠢᠭᠡᠮ ᠨᠡᠶᠢᠳᠡ ᠪᠠᠷ ᠢᠶᠠᠨ ᠪᠤᠯᠪᠠᠰᠤᠨ ᠰᠠᠶᠢᠬᠠᠨ ᠰᠤᠷᠳᠠᠯ ᠲᠠᠢ ᠪᠤᠯᠬᠤ ᠶᠢ ᠤᠬᠠᠭᠤᠯᠤᠭᠰᠠᠨ ᠠᠭᠤᠯᠭ᠎ᠠ ᠪᠠᠶᠠᠯᠢᠭ ᠨᠢᠬᠡᠨ ᠤᠳᠠᠭᠠᠨ ᠤ ᠰᠠᠶᠢᠨ ᠲᠤᠷ᠎ᠠ ᠶᠢᠨ ᠥᠢᠯᠡᠴᠢᠯᠡᠬᠡᠨ ᠤ ᠠᠵᠢᠯᠯᠠᠭ᠎ᠠ ᠪᠤᠯᠪᠠ᠃     ᠤᠷᠳᠤᠰ ᠬᠤᠳᠠ ᠶᠢᠨ ︽ᠲᠤᠰᠤᠯ ᠲᠠᠯᠠᠢ ᠪᠤᠶᠠᠨ ᠤ ᠥᠢᠯᠡᠰ︾ ᠤᠨ ᠨᠡᠶᠢᠬᠡᠮᠯᠢᠭ ᠪᠤᠯ 2018 ᠤᠨ ᠳᠤ ᠪᠠᠶᠢᠭᠤᠯᠤᠭᠳᠠᠵᠤ᠂ ᠪᠥᠭᠦ ᠤᠯᠤᠰ ᠤᠨ ᠡᠯ᠎ᠡ ᠭᠠᠵᠠᠷ ᠤᠨ ᠬᠠᠯᠠᠭᠤᠨ ᠰᠡᠳᠬᠢᠯᠳᠤ ᠬᠥᠮᠤᠰ ᠤᠨ ᠰᠠᠶᠢᠨ ᠲᠤᠷ᠎ᠠ ᠠᠴᠠ ᠪᠠᠨ ᠪᠠᠶᠢᠭᠤᠯᠤᠭᠰᠠᠨ ᠨᠡᠶᠢᠳᠡ ᠶᠢᠨ ᠠᠰᠠᠷᠠᠮᠵᠢ ᠶᠢᠨ ᠵᠤᠬᠢᠶᠠᠨ ᠪᠠᠶᠢᠭᠤᠯᠤᠯᠳᠠ ᠪᠤᠯᠤᠨ᠎ᠡ᠃ ᠲᠤᠰ ᠨᠡᠶᠢᠬᠡᠮᠯᠢᠭ ᠨᠢ ᠤᠳᠤ 200 ᠭᠠᠷᠤᠢ ᠬᠡᠰᠢᠭᠦᠨ ᠲᠠᠢ᠃ ᠤᠷᠢᠳ ᠬᠤᠵᠢᠳ ᠥᠪᠤᠷ ᠮᠤᠩᠭᠤᠯ ᠤᠨ ᠡᠯ᠎ᠡ ᠠᠶᠢᠮᠠᠭ ᠬᠤᠳᠠ᠂ ᠬᠥᠬᠡᠨᠠᠭᠤᠷ᠂ ᠲᠥᠪᠡᠳ ᠪᠤᠯᠤᠨ ᠮᠤᠩᠭᠤᠯ ᠤᠯᠤᠰ ᠵᠡᠷᠬᠡ ᠭᠠᠵᠠᠷ ᠤᠷᠤᠨ ᠤ ᠬᠥᠴᠢᠷᠳᠡᠯᠳᠠᠢ ᠤᠯᠠᠨ ᠳᠤ 40 ᠭᠠᠷᠤᠢ ᠲᠥᠮᠡᠨ ᠲᠥᠭᠦᠷᠢᠭ ᠤᠨ ᠡᠳ᠋ ᠪᠤᠳᠠᠰ ᠬᠠᠨᠳᠢᠪᠯᠠᠵᠤ ᠪᠠᠶᠢᠭ᠎ᠠ ᠵᠤᠬᠢᠶᠠᠨ ᠪᠠᠶᠢᠭᠤᠯᠤᠯᠳᠠ ᠪᠤᠯᠤᠨ᠎ᠡ᠃
 
ᠢᠷᠡᠯᠲᠡ᠄ ᠠᠯᠠᠱᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号